ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠢ ᠱᠠᠯᠠᠪᠳᠠᠭᠤᠯᠤᠨ ᠪᠠᠶ᠋ᠢᠴᠠᠭᠠᠬᠤ ᠮᠡᠷᠭᠡᠵᠢᠯ᠎ᠤᠨ ᠳᠡᠮᠵᠢᠯᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠠᠵᠢᠯᠲᠠᠨ ᠲᠣᠮᠢᠯᠠᠨ ᠪᠣᠯᠣᠳ ᠲᠡᠮᠦᠷ᠂ ᠼᠧᠮᠧᠨ᠋ᠲ᠂ ᠬᠥᠩᠭᠡᠨ ᠴᠠᠭ᠋ᠠᠨ ᠬᠠᠶ᠋ᠢᠯᠤᠭᠤᠯᠬᠤ ᠠᠵᠢᠯ ᠲᠥᠷᠥᠯ᠎ᠢ ᠪᠥᠬᠥ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠣᠷᠣᠭᠤᠯᠬᠤ ᠪᠣᠯᠪᠠᠰᠤᠷᠠᠯ᠎ᠤᠨ ᠠᠩᠭᠢ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2024-12-12

      ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠦᠬᠦ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠬᠠᠮᠤᠷᠬᠤ ᠬᠡᠪᠴᠢᠶ᠎ᠡ ᠵᠢ ᠥᠷᠭᠡᠳᠬᠡᠬᠦ ᠲᠤᠬᠠᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠰᠡᠯᠡᠯᠲᠡ ᠵᠢ ᠥᠷᠭᠡᠳᠬᠡᠬᠦ ᠠᠵᠢᠯ᠎ᠤᠨ ᠰᠠᠭᠤᠷᠢ ᠵᠢ ᠪᠡᠬᠢᠵᠢᠭᠦᠯᠬᠦ ᠵᠢᠨ ᠲᠥᠯᠥᠭᠡ᠂ 11 ᠰᠠᠷ᠎ᠠ ᠵᠢᠨ 28᠎ᠠᠴᠠ 29᠎ᠤ ᠡᠳᠦᠷ ᠪᠣᠯᠲᠠᠯ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠵᠤᠷᠭ᠋ᠠᠨ᠎ᠠᠴᠠ ᠭᠣᠣᠯᠯᠠᠨ ᠡᠷᠬᠢᠯᠡᠵᠦ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠲᠥᠯᠦᠪᠵᠢᠭᠦᠯᠭᠡ ᠵᠢᠨ ᠬᠦᠷᠢᠶᠡᠯᠡᠩ᠎ᠠᠴᠠ ᠳᠠᠭ᠋ᠠᠭ᠋ᠠᠴᠢᠯᠠᠨ ᠡᠷᠬᠢᠯᠡᠵᠦ᠂ ᠴᠦᠩᠴᠢᠩ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠬᠠᠮᠵᠢᠯᠴᠠᠨ ᠡᠷᠬᠢᠯᠡᠭᠰᠡᠡ ᠪᠣᠯᠣᠳ ᠲᠡᠮᠦᠷ᠂ ᠼᠧᠮᠧᠨ᠋ᠲ᠂ ᠬᠥᠩᠭᠡᠨ ᠴᠠᠭ᠋ᠠᠨ ᠬᠠᠶ᠋ᠢᠯᠤᠭᠤᠯᠬᠤ ᠠᠵᠢᠯ ᠳᠦᠷᠦᠯ᠎ᠢ ᠪᠦᠬᠦ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠣᠷᠣᠭᠤᠯᠬᠤ ᠪᠣᠯᠪᠠᠰᠤᠷᠠᠯ᠎ᠤᠨ ᠠᠩᠭᠢ ᠵᠢ ᠴᠦᠩᠴᠢᠩ ᠬᠤᠳᠠ᠎ᠳᠤ ᠠᠮᠵᠢᠯᠲᠠ᠎ᠲᠠᠢ ᠡᠷᠬᠢᠯᠡᠪᠡ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠵᠤᠷᠭ᠋ᠠᠨ᠎ᠤ ᠳᠡᠳ᠋ ᠳᠠᠷᠤᠭ᠎ᠠ ᠯᠦ᠍ ᠱ᠌ᠢ ᠽᠦ᠍᠂ ᠴᠦᠩᠴᠢᠩ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠳᠡᠳ᠋ ᠳᠠᠷᠤᠭ᠎ᠠ ᠴᠧᠨ ᠸᠧᠢ᠂ ᠣᠷᠴᠢᠨ ᠲᠣᠭᠣᠷᠢᠨ᠎ᠤ ᠲᠥᠯᠦᠪᠵᠢᠭᠦᠯᠭᠡ ᠵᠢᠨ ᠬᠦᠷᠢᠶᠡᠯᠡᠩ᠎ᠤᠨ ᠳᠡᠳ᠋ ᠳᠠᠷᠤᠭ᠎ᠠ ᠶᠠᠨ ᠭᠠᠩ ᠨᠠᠷ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠭᠠᠵᠠᠷ᠂ ᠪᠤᠭᠤᠲᠤ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠤᠯᠠᠭ᠋ᠠᠨᠬᠠᠳᠠ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠠᠵᠢᠯᠲᠠᠨ ᠲᠣᠮᠢᠯᠠᠨ ᠪᠣᠯᠪᠠᠰᠤᠷᠠᠯ᠎ᠳᠤ ᠣᠷᠣᠯᠴᠠᠭᠤᠯᠵᠠᠢ᠃
      ᠳᠡᠳ᠋ ᠵᠤᠷᠭ᠋ᠠᠨ᠎ᠤ ᠳᠠᠷᠤᠭ᠎ᠠ ᠯᠦ᠍ ᠱ᠌ᠢ ᠽᠦ᠍ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠲᠤᠬᠠᠢ ᠪᠠᠺᠤ ᠵᠢᠨ ᠶᠡᠬᠡ ᠬᠤᠷᠠᠯ᠎ᠤᠨ COP29᠎ᠲᠠᠢ ᠤᠶᠠᠯᠳᠤᠭᠤᠯᠤᠨ᠂ ᠣᠳᠣᠬᠠᠨ᠎ᠤ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ᠎ᠳᠤ ᠲᠤᠯᠭ᠋ᠠᠷᠠᠵᠤ ᠪᠠᠢ᠌ᠭ᠎ᠠ ᠬᠠᠮᠤᠭ᠎ᠤᠨ ᠰᠢᠨ᠎ᠡ ᠳᠡᠯᠡᠬᠡᠢ ᠵᠢᠨ ᠪᠠᠶ᠋ᠢᠳᠠᠯ᠎ᠢ ᠭᠦᠨᠵᠡᠭᠡᠢ ᠲᠣᠳᠣᠷᠬᠠᠢ᠌ᠯᠠᠨ ᠥᠭᠦᠯᠡᠪᠡ᠃ ᠲᠡᠷᠡ ᠵᠢᠭ᠋ᠠᠵᠤ ᠭᠠᠷᠭ᠋ᠠᠭᠰᠠᠨ᠎ᠨᠢ᠂ ᠡᠨᠡ ᠵᠢᠯ᠎ᠠᠴᠠ ᠨᠠᠭ᠋ᠠᠰᠢ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠬᠦ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ ᠢᠳᠡᠪᠬᠢᠲᠡᠢ ᠠᠬᠢᠴᠠ᠎ᠲᠠᠢ ᠪᠣᠯᠭ᠋ᠠᠵᠤ᠂ ᠳᠠᠷᠠᠭ᠋ᠠᠴᠢ ᠵᠢᠨ ᠠᠯᠬᠤᠮ᠎ᠳᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠦᠬᠦ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠬᠡᠪᠴᠢᠶ᠎ᠡ ᠵᠢ ᠥᠷᠭᠡᠳᠬᠡᠬᠦ ᠠᠵᠢᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠠᠯᠪᠠᠳᠠᠯᠭ᠎ᠠ᠎ᠪᠠᠷ ᠪᠣᠯᠣᠳ ᠲᠡᠮᠦᠷ᠂ ᠼᠧᠮᠧᠨ᠋ᠲ᠂ ᠬᠥᠩᠭᠡᠨ ᠴᠠᠭ᠋ᠠᠨ ᠬᠠᠶ᠋ᠢᠯᠤᠭᠤᠯᠬᠤ ᠭᠤᠷᠪᠠᠨ ᠠᠵᠢᠯ ᠳᠦᠷᠦᠯ᠎ᠢ ᠠᠩᠬ᠎ᠠ ᠤᠳᠠᠭ᠎ᠠ ᠬᠡᠪᠴᠢᠶ᠎ᠡ ᠵᠢ ᠦᠷᠭᠡᠳᠭᠡᠨ ᠣᠷᠣᠭᠤᠯᠬᠤ ᠵᠢ ᠲᠦᠷᠭᠡᠨ ᠪᠡᠶᠡᠯᠡᠭᠦᠯᠬᠦ᠎ᠪᠠᠷ ᠴᠢᠷᠮᠠᠢ᠌ᠨ᠎ᠠ ᠭᠡᠵᠡᠢ᠃ ᠲᠡᠷᠡ᠂ ᠡᠨᠡ ᠵᠢᠯ ᠪᠣᠯ 《ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠳᠦᠷᠢᠮ》 ᠬᠦᠴᠦᠨ᠎ᠲᠠᠢ ᠪᠣᠯᠤᠭᠰᠠᠨ᠎ᠤ ᠳᠠᠷᠠᠭ᠋ᠠᠬᠢ ᠠᠩᠬ᠎ᠠ ᠤᠳᠠᠭ᠎ᠠ ᠭᠡᠷ᠎ᠡ᠎ᠪᠠᠨ ᠭᠦᠢ᠍ᠴᠡᠳᠬᠡᠬᠦ ᠵᠢᠯ ᠪᠣᠯᠣᠨ᠎ᠠ᠂ ᠡᠯ᠎ᠡ ᠭᠠᠵᠠᠷ᠎ᠤᠨ᠎ᠬᠢᠨ ᠴᠠᠬᠢᠯᠭ᠋ᠠᠨ ᠭᠠᠷᠭ᠋ᠠᠬᠤ ᠠᠵᠢᠯ ᠲᠥᠷᠥᠯ᠎ᠤᠨ ᠭᠡᠷ᠎ᠡ᠎ᠪᠠᠨ ᠭᠦᠢ᠍ᠴᠡᠳᠬᠡᠬᠦ ᠵᠢ ᠲᠦᠷᠭᠡᠳᠬᠡᠨ ᠠᠬᠢᠭᠤᠯᠵᠤ᠂ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠡᠷᠬᠢᠮᠯᠡᠬᠦ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ᠎ᠠᠴᠠ ᠴᠢᠩᠬᠤᠸᠠ ᠶᠡᠬᠡ ᠰᠤᠷᠭ᠋ᠠᠭᠤᠯᠢ᠂ ᠲᠡᠮᠦᠷᠯᠢᠭ ᠬᠠᠶ᠋ᠢᠯᠤᠭᠤᠯᠬᠤ ᠠᠵᠤ ᠦᠢ᠍ᠯᠡᠳᠪᠦᠷᠢ ᠵᠢᠨ ᠲᠥᠯᠦᠪᠵᠢᠭᠦᠯᠭᠡ ᠵᠢᠨ ᠰᠤᠳᠤᠯᠭ᠋ᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠪᠠᠷᠢᠯᠭ᠎ᠠ ᠵᠢᠨ ᠮᠠᠲ᠋ᠧᠷᠢᠶᠠᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠶᠡᠷᠦᠩᠬᠡᠢ ᠬᠦᠷᠢᠶᠡᠯᠡᠩ᠂ ᠳᠤᠮᠳᠠᠳᠤ ᠤᠯᠤᠰ᠎ᠤᠨ ᠥᠩᠭᠡᠲᠦ ᠲᠡᠮᠦᠷᠯᠢᠭ᠎ᠤᠨ ᠠᠵᠤ ᠦᠢ᠍ᠯᠡᠳᠪᠦᠷᠢ ᠵᠢᠨ ᠨᠡᠢ᠌ᠭᠡᠮᠯᠢᠭ᠂ ᠳᠤᠮᠳᠠᠳᠤ ᠤᠯᠤᠰ᠎ᠤᠨ ᠬᠡᠮᠵᠢᠯᠲᠡ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠵᠡᠷᠭᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠵᠢᠨ ᠲᠤᠰᠬᠠᠢ ᠮᠡᠷᠭᠡᠵᠢᠯᠲᠡᠨ ᠡᠷᠳᠡᠮᠲᠡᠨ᠎ᠢ ᠤᠷᠢᠵᠤ ᠬᠢᠴᠢᠶᠡᠯ ᠣᠷᠣᠭᠤᠯᠵᠠᠢ᠃ ᠪᠣᠯᠣᠳ ᠲᠡᠮᠦᠷ᠂ ᠼᠧᠮᠧᠨ᠋ᠲ᠂ ᠬᠥᠩᠭᠡᠨ ᠴᠠᠭ᠋ᠠᠨ ᠬᠠᠶ᠋ᠢᠯᠤᠭᠤᠯᠬᠤ ᠠᠵᠢᠯ ᠲᠥᠷᠥᠯ᠎ᠤᠨ ᠤᠯᠠᠨ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠰᠢᠰᠲ᠋ᠧᠮ᠎ᠤᠨ ᠬᠥᠭᠵᠢᠯᠲᠡ ᠵᠢᠨ ᠬᠠᠨᠳᠤᠰᠢ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢᠨ ᠬᠤᠪᠢᠷᠠᠭᠤᠯᠤᠯᠲᠠ ᠵᠢᠨ ᠠᠬᠢᠴᠠ᠂ ᠬᠣᠰᠢᠭᠤᠷᠠᠯ ᠮᠡᠷᠭᠡᠵᠢᠯ᠂ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠬᠡᠮᠵᠢᠯᠲᠡ ᠪᠠ ᠰᠢᠯᠭ᠋ᠠᠨ ᠪᠠᠢ᠌ᠴᠠᠭ᠋ᠠᠵᠤ ᠬᠡᠮᠵᠢᠬᠦ ᠱᠠᠭ᠋ᠠᠷᠳᠠᠯᠭ᠎ᠠ ᠵᠡᠷᠭᠡ ᠵᠢᠨ ᠲᠤᠬᠠᠢ ᠲᠣᠰ ᠲᠣᠰ ᠲᠠᠢ᠌ᠯᠤᠮᠵᠢ ᠬᠢᠪᠡ᠃
      ᠲᠣᠰ ᠤᠳᠠᠭ᠋ᠠᠨ᠎ᠤ ᠪᠣᠯᠪᠠᠰᠤᠷᠠᠯ ᠵᠶ᠋ᠠᠷ ᠳᠡᠮᠵᠢᠨ᠂ ᠪᠥᠬᠥ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠲᠥᠷᠥ ᠵᠢᠨ ᠪᠣᠳᠣᠯᠭ᠎ᠠ ᠵᠢᠨ ᠬᠥᠳᠡᠯᠦᠯ ᠪᠠᠶ᠋ᠢᠳᠠᠯ᠎ᠢ ᠪᠥᠬᠥ ᠲᠠᠯ᠎ᠠ᠎ᠪᠠᠷ ᠡᠵᠡᠮᠰᠢᠵᠦ᠂ ᠬᠣᠯᠪᠣᠭᠳᠠᠯ ᠪᠦᠬᠦᠢ ᠠᠵᠢᠯ ᠲᠥᠷᠥᠯ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠤᠬᠠᠢ ᠣᠢ᠌ᠯᠠᠭ᠋ᠠᠯᠲᠠ ᠵᠢ ᠭᠦᠨᠵᠡᠭᠡᠢ᠌ᠷᠡᠭᠦᠯᠦᠨ᠂ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢᠨ ᠲᠤᠰᠬᠠᠢ ᠮᠡᠷᠭᠡᠵᠢᠯ᠎ᠤᠨ ᠴᠢᠳᠠᠪᠤᠷᠢ ᠵᠢ ᠪᠦᠲᠦᠮᠵᠢᠲᠡᠢ ᠳᠡᠭᠡᠭᠰᠢᠯᠡᠭᠦᠯᠵᠦ᠂ ᠲᠠᠷᠠᠭ᠋ᠠᠴᠢ ᠵᠢᠨ ᠠᠯᠬᠤᠮ᠎ᠤᠨ ᠪᠣᠯᠣᠳ ᠲᠡᠮᠦᠷ᠂ ᠼᠧᠮᠧᠨ᠋ᠲ᠂ ᠬᠥᠩᠭᠡᠨ ᠴᠠᠭ᠋ᠠᠨ ᠬᠠᠶ᠋ᠢᠯᠤᠭᠤᠯᠬᠤ ᠠᠵᠢᠯ ᠲᠥᠷᠥᠯ᠎ᠢ ᠪᠥᠬᠥ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠣᠷᠣᠭᠤᠯᠬᠤ᠎ᠳᠤ ᠪᠠᠲᠤ ᠪᠡᠬᠢ ᠰᠠᠭᠤᠷᠢ ᠲᠠᠯᠪᠢᠵᠤ ᠥᠭᠭᠦᠭᠰᠡᠨ ᠪᠠᠢ᠌ᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ ᠭᠣᠣᠯ ᠰᠡᠳᠦᠪᠲᠦ ᠬᠥᠮᠦᠵᠢᠯ ᠵᠢᠴᠢ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠲᠤᠬᠠᠢ ᠲᠤᠰᠬᠠᠢ ᠰᠡᠳᠦᠪᠲᠦ ᠰᠤᠷᠤᠯᠴᠠᠬᠤ ᠬᠤᠷᠠᠯ ᠬᠤᠷᠠᠯᠳᠤᠭᠤᠯᠪᠠ
《5.4》᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠦᠨᠳᠦᠰᠦᠲᠡᠨ᠎ᠤ ᠪᠦᠯᠬᠦᠮᠳᠡᠯ᠎ᠢ ᠬᠠᠮᠲᠤᠪᠠᠷ ᠴᠣᠭᠴᠠᠯᠠᠨ᠎ᠠ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ ᠵᠠᠯᠠᠭᠤᠴᠤᠳ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠦᠵᠡᠭᠦᠯᠬᠦ ᠲᠥᠪ᠎ᠤᠨ ᠨᠠᠮ᠎ᠤᠨ ᠡᠭᠦᠷ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ ᠭᠣᠣᠯ ᠰᠡᠳᠦᠪᠲᠦ ᠬᠥᠮᠦᠵᠢᠯ ᠵᠢᠴᠢ ᠴᠢᠬᠡᠴᠢ ᠵᠠᠰᠠᠭ᠎ᠤᠨ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ ᠬᠤᠷᠠᠯᠳᠤᠭᠤᠯᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠤᠮᠠᠷᠠᠲᠤ ᠵᠢᠨ ᠱᠠᠯᠠᠪᠳᠠᠭᠤᠯᠤᠨ ᠪᠠᠢ᠌ᠴᠠᠭ᠋ᠠᠬᠤ ᠲᠣᠪᠴᠢᠶ᠎ᠠ ᠪᠤᠭᠤᠲᠤ ᠬᠤᠳᠠ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ ᠱᠠᠯᠠᠪᠳᠠᠭᠤᠯᠤᠨ ᠪᠠᠢ᠌ᠴᠠᠭ᠋ᠠᠬᠤ ᠠᠵᠢᠯ ᠥᠷᠨᠢᠭᠦᠯᠵᠡᠢ
 
             蒙ICP备05000248号