ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠪᠣᠬᠢᠷᠲᠤᠯ ᠦᠭᠡᠢ ᠬᠥᠭᠵᠢᠯᠲᠡ᠎ᠶᠢᠨ ᠣᠢᠯᠠᠭᠠᠭᠳᠠᠬᠤᠨ᠎ᠢ ᠦᠢᠯᠡᠳᠦᠯᠭᠡᠵᠢᠭᠦᠯᠬᠦ᠎ᠶᠢᠨ ᠲᠥᠯᠥᠭᠡ᠂ ᠣᠢᠷ᠎ᠠ᠎ᠶᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢᠴᠠᠭᠠᠬᠤ ᠮᠡᠷᠭᠡᠵᠢᠯ᠎ᠦᠨ ᠳᠡᠮᠵᠢᠯᠭᠡ᠎ᠶᠢᠨ ᠲᠥᠪ᠎ᠦᠨ ᠨᠠᠮ᠎ᠤᠨ ᠡᠭᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ᠎ᠦᠨ ᠣᠷᠳᠣᠨ᠎ᠳᠤ 《 ᠪᠣᠬᠢᠷᠲᠤᠯ ᠦᠭᠡᠢ ᠤᠷᠳᠤ ᠴᠠᠭᠠᠨ ᠬᠡᠷᠡᠮ᠎ᠢ ᠪᠡᠬᠢᠵᠢᠭᠦᠯᠵᠦ ᠠᠮᠢ ᠠᠬᠤᠢ᠎ᠶᠢᠨ ᠭᠠᠢᠬᠠᠮᠰᠢᠭ᠋᠎ᠢ ᠪᠢᠴᠢᠭᠯᠡᠶ᠎ᠡ 》 ᠭᠡᠬᠦ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠵᠦ᠂ ᠥᠪᠥᠷ ᠮᠣᠩᠭᠣᠯ᠎ᠤᠨ ᠡᠯᠡᠰᠦ᠎ᠶᠢ ᠰᠡᠷᠭᠡᠢᠯᠡᠵᠦ ᠡᠯᠡᠰᠦ᠎ᠶᠢ ᠵᠠᠰᠠᠬᠤ ᠵᠢᠴᠢ 《 ᠭᠤᠷᠪᠠᠨ ᠤᠮᠠᠷᠠᠲᠤ 》᠎ᠶᠢᠨ ᠢᠨᠵᠧᠨᠧᠷᠢᠩ᠎ᠳᠡᠬᠢ ᠠᠮᠢ ᠠᠬᠤᠢ᠎ᠶᠢᠨ ᠵᠠᠰᠠᠯᠲᠠ᠎ᠶᠢᠨ ᠦᠷ᠎ᠡ ᠪᠦᠲᠦᠭᠡᠯ᠎ᠢ ᠭᠦᠢᠴᠡᠳ ᠣᠢᠯᠠᠭᠠᠪᠠ᠃
ᠨᠠᠮ᠎ᠤᠨ ᠭᠡᠰᠢᠭᠦᠨ ᠺᠠᠳ᠋ᠷᠴᠤᠳ 《 〈 ᠭᠤᠷᠪᠠᠨ ᠤᠮᠠᠷᠠᠲᠤ 〉᠎ᠶᠢᠨ ᠬᠠᠯᠠᠭᠤᠨ ᠨᠠᠶ᠋ᠢᠳᠠᠯᠭ᠎ᠠ᠎ᠶᠢ ᠰᠠᠨᠠᠭᠠᠯᠵᠠᠬᠤ 》 ᠦᠵᠡᠭᠦᠯᠭᠡ᠎ᠶᠢᠨ ᠲᠣᠭᠣᠷᠢᠭ᠋᠎ᠢ ᠲᠣᠭᠣᠷᠢᠨ ᠦᠵᠡᠵᠦ᠂ ᠲᠣᠰ ᠲᠣᠭᠣᠷᠢᠭ᠋ ᠨᠢ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢᠬᠢ ᠨᠠᠮ᠎ᠤᠨ ᠲᠥᠪ ᠬᠣᠷᠢᠶ᠎ᠠ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠲᠦᠷᠭᠡᠪᠴᠢᠯᠡᠨ ᠠᠬᠢᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ 《 ᠭᠤᠷᠪᠠᠨ ᠤᠮᠠᠷᠠᠲᠤ 》᠎ᠶᠢᠨ ᠭᠣᠣᠯᠳᠠᠯᠭ᠎ᠠ᠎ᠲᠠᠢ ᠠᠮᠢ ᠠᠬᠤᠢ᠎ᠶᠢᠨ ᠢᠨᠵᠧᠨᠧᠷᠢᠩ᠎ᠦᠨ ᠪᠠᠢᠭᠤᠯᠤᠯᠲᠠ᠎ᠶᠢ ᠴᠢᠩᠭᠠᠳᠬᠠᠬᠤ ᠲᠤᠬᠠᠢ ᠠᠯᠢ ᠤᠯᠠᠨ ᠴᠢᠬᠤᠯᠠ ᠵᠢᠭᠠᠪᠤᠷᠢ᠎ᠶᠢ ᠭᠣᠣᠯᠳᠠᠯᠭ᠎ᠠ᠎ᠲᠠᠢ᠎ᠪᠠᠷ ᠳᠡᠯᠭᠡᠨ ᠦᠵᠡᠭᠦᠯᠵᠡᠢ᠃ ᠢᠯᠠᠩᠭᠤᠶ᠎ᠠ 2023 ᠣᠨ᠎ᠤ 6 ᠰᠠᠷ᠎ᠠ᠎ᠶᠢᠨ 6᠎ᠤ ᠡᠳᠦᠷ᠂ ᠶᠡᠷᠦᠩᠬᠡᠢ ᠱᠦᠵᠢ ᠰᠢ᠎ᠶᠢᠨ ᠫᠢᠩ ᠪᠠᠶᠠᠨᠨᠠᠭᠤᠷ᠎ᠲᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠰᠢᠨ᠎ᠡ ᠴᠠᠭ ᠦᠶ᠎ᠡ᠎ᠶᠢᠨ 《 ᠭᠤᠷᠪᠠᠨ ᠤᠮᠠᠷᠠᠲᠤ 》᠎ᠶᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠠᠤᠭ᠎ᠠ ᠵᠢᠷᠤᠭ ᠲᠥᠯᠥᠪᠯᠡᠭᠡ᠎ᠶᠢ ᠵᠢᠷᠤᠭᠯᠠᠪᠠ᠃
《 〈 ᠭᠤᠷᠪᠠᠨ ᠤᠮᠠᠷᠠᠲᠤ 〉᠎ᠶᠢᠨ ᠨᠣᠭᠣᠭᠠᠨ᠎ᠢᠶᠠᠷ ᠤᠮᠠᠷᠠᠲᠤ᠎ᠶᠢᠨ ᠬᠢᠯᠢ᠎ᠶᠢ ᠨᠣᠭᠣᠭᠠᠷᠠᠭᠤᠯᠬᠤ 》 ᠦᠵᠡᠭᠦᠯᠭᠡ᠎ᠶᠢᠨ ᠲᠣᠭᠣᠷᠢᠭ᠋᠎ᠲᠤ ᠂ ᠳᠡᠯᠭᠡᠨ ᠦᠵᠡᠭᠦᠯᠵᠦ ᠪᠦᠬᠦᠢ ᠭᠡᠷᠡᠯ ᠵᠢᠷᠤᠭ᠎ᠤᠳ᠂ ᠳᠦᠷᠰᠦ ᠰᠢᠩᠭᠡᠭᠡᠯᠲᠡᠨᠦᠭᠦᠳ᠂ ᠪᠣᠳᠠᠲᠤ ᠪᠣᠳᠠᠰᠨᠤᠭᠤᠳ ᠨᠢ ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠵᠣᠷᠢᠭ᠍ᠲᠠᠢ᠎ᠪᠠᠷ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠂ ᠰᠢᠨ᠎ᠡ᠎ᠶᠢ ᠡᠭᠦᠳᠦᠨ ᠵᠢᠳᠬᠦᠯ ᠭᠠᠷᠭᠠᠵᠤ᠂ ᠡᠯᠡᠰᠦᠷᠬᠡᠭᠵᠢᠬᠦ᠎ᠶᠢ ᠰᠡᠷᠭᠡᠢᠯᠡᠵᠦ ᠡᠯᠡᠰᠦ᠎ᠶᠢ ᠵᠠᠰᠠᠬᠤ ᠠᠵᠢᠯ᠎ᠢ ᠴᠥᠬᠥᠷᠡᠰᠢ ᠦᠭᠡᠢ ᠠᠬᠢᠭᠤᠯᠤᠭᠰᠠᠨ ᠬᠠᠲᠠᠭᠤᠵᠢᠯᠲᠠᠢ ᠥᠩᠭᠡᠷᠡᠯᠲᠡ᠎ᠶᠢ ᠠᠮᠢᠳᠤᠯᠢᠭ᠋᠎ᠢᠶᠠᠷ ᠬᠠᠷᠠᠭᠤᠯᠵᠤ᠂ ᠤᠯᠠᠨ᠎ᠢᠶᠠᠷ᠎ᠢᠶᠠᠨ 40 ᠭᠠᠷᠤᠢ ᠵᠢᠯ᠎ᠦᠨ ᠲᠤᠷᠰᠢᠬᠢ ᠥᠪᠥᠷ ᠮᠣᠩᠭᠣᠯ᠎ᠤᠨ ᠡᠯᠡᠰᠦᠷᠬᠡᠭᠵᠢᠬᠦ᠎ᠶᠢ ᠰᠡᠷᠭᠡᠢᠯᠡᠵᠦ ᠡᠯᠡᠰᠦ᠎ᠶᠢ ᠵᠠᠰᠠᠬᠤ ᠪᠠ 《 ᠭᠤᠷᠪᠠᠨᠤᠮᠠᠷᠠᠲᠤ 》᠎ᠶᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠳᠤ ᠣᠯᠣᠭᠰᠠᠨ ᠯᠤᠲᠤ ᠶᠡᠬᠡ ᠠᠮᠵᠢᠯᠲᠠ᠎ᠶᠢ ᠶᠠᠷᠢᠯᠴᠠᠨ ᠬᠤᠪᠢᠶᠠᠯᠴᠠᠵᠤ ᠰᠠᠨᠠᠯ᠎ᠢᠶᠠᠨ ᠰᠣᠯᠢᠯᠴᠠᠪᠠ᠃
ᠲᠤᠰ ᠤᠳᠠᠭᠠᠨ᠎ᠤ ᠠᠵᠢᠯᠯᠠᠭ᠎ᠠ᠎ᠪᠠᠷ ᠳᠡᠮᠵᠢᠨ ᠂ ᠨᠠᠮ᠎ᠤᠨ ᠭᠡᠰᠢᠭᠦᠨ ᠺᠠᠳ᠋ᠷᠴᠤᠳ ᠡᠯᠡᠰᠦ᠎ᠶᠢ ᠰᠡᠷᠭᠡᠢᠯᠡᠨ ᠡᠯᠡᠰᠦ᠎ᠶᠢ ᠵᠠᠰᠠᠬᠤ᠎ᠶᠢᠨ ᠴᠢᠬᠤᠯᠠ ᠴᠢᠨᠠᠷ᠎ᠢ ᠭᠦᠨᠵᠡᠭᠡᠢ ᠲᠠᠨᠢᠵᠤ ᠂ ᠡᠭᠦᠨ᠎ᠦ ᠬᠠᠮᠲᠤ ᠪᠣᠬᠢᠷᠲᠤᠯ ᠦᠭᠡᠢ ᠬᠥᠭᠵᠢᠯᠲᠡ᠎ᠶᠢᠨ ᠣᠢᠯᠠᠭᠠᠭᠳᠠᠬᠤᠨ᠎ᠢ ᠤᠯᠠᠮ ᠴᠢᠨᠠᠭᠰᠢᠳᠠ ᠪᠠᠲᠤᠳᠬᠠᠵᠤ᠂ ᠨᠠᠮ ᠪᠣᠯᠣᠨ ᠤᠯᠤᠰ᠎ᠠᠴᠠ ᠥᠪᠥᠷ ᠮᠣᠩᠭᠣᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ᠎ᠶᠢ ᠮᠡᠳᠡᠷᠡᠵᠦ᠂ ᠡᠯᠡᠰᠦ᠎ᠶᠢ ᠰᠡᠷᠭᠡᠢᠯᠡᠵᠦ ᠡᠯᠡᠰᠦ᠎ᠶᠢ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠢᠯᠠᠯᠲᠠ ᠣᠯᠬᠤ ᠢᠲᠡᠭᠡᠯ ᠵᠣᠷᠢᠭ᠋᠎ᠢ ᠨᠡᠩ ᠪᠠᠲᠤᠳᠬᠠᠵᠤ᠂ 《 ᠭᠤᠷᠪᠠᠨ ᠤᠮᠠᠷᠠᠲᠤ 》᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠦᠵᠡᠭᠦᠯᠪᠡᠰᠦ ᠵᠣᠬᠢᠬᠤ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠵᠡᠭᠡᠪᠡ᠃