ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠣᠪᠣᠢᠮ᠎ᠠ ᠠᠰᠠᠭᠤᠳᠠᠯ᠎ᠢ ᠴᠡᠭᠴᠡᠯᠡᠨ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ᠎ᠳᠤ ᠪᠦᠬᠦ ᠬᠦᠴᠦᠨ᠎ᠢᠶᠡᠷ᠎ᠢᠶᠡᠨ ᠬᠠᠮᠵᠢᠯᠴᠠᠬᠤ ᠠᠵᠢᠯ ᠳᠤᠮᠳᠠ᠂ ᠮᠠᠨ᠎ᠤ ᠲᠥᠪ᠎ᠦᠨ ᠬᠢᠨ ᠮᠡᠷᠭᠡᠵᠢᠯ᠎ᠦᠨ ᠳᠡᠮᠵᠢᠯᠭᠡ᠎ᠶᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠳᠠᠭᠠᠭᠤᠯᠢ ᠤᠳᠤᠨ᠎ᠤ ᠠᠯᠤᠰ ᠰᠡᠷᠡᠯ᠎ᠦᠨ ᠲᠠᠢᠯᠪᠤᠷᠢ᠂ ᠵᠢᠯᠣᠭᠣᠴᠢ ᠦᠭᠡᠢ ᠨᠢᠰᠬᠡᠯ᠎ᠦᠨ ᠠᠭᠠᠷ᠎ᠠᠴᠠ ᠰᠡᠭᠦᠳᠡᠷᠯᠡᠬᠦ᠂ ᠲᠦᠷᠭᠡᠨ ᠪᠠᠢᠴᠠᠭᠠᠨ ᠰᠢᠯᠭᠠᠬᠤ ᠵᠡᠷᠭᠡ ᠠᠷᠭ᠎ᠠ ᠪᠠᠷᠢᠯ᠎ᠢ ᠬᠡᠷᠡᠭᠯᠡᠨ᠂ ᠪᠦᠬᠦ ᠲᠠᠯ᠎ᠠ᠎ᠶᠢᠨ᠂ ᠪᠣᠰᠣᠭ᠎ᠠ ᠴᠣᠭᠴᠠᠲᠤ ᠲᠤᠯᠭᠠᠭᠤᠷᠢᠯᠠᠯ᠎ᠤᠨ ᠰᠢᠰᠲᠧᠮ᠎ᠢ ᠪᠠᠢᠭᠤᠯᠵᠤ᠂ ᠠᠰᠠᠭᠤᠳᠠᠯ᠎ᠤᠨ ᠰᠦᠪᠡᠭᠴᠢ᠎ᠶᠢᠨ ᠪᠦᠬᠦ ᠬᠡᠯᠬᠢᠶ᠎ᠡ᠎ᠶᠢᠨ ᠪᠢᠲᠡᠭᠦᠦ ᠴᠠᠭᠠᠷᠢᠭ᠋᠎ᠤᠨ ᠬᠠᠮᠢᠶᠠᠷᠤᠯᠲᠠ᠎ᠶᠢ ᠪᠡᠶᠡᠯᠡᠭᠦᠯᠪᠡ᠃
《 ᠮᠡᠷᠭᠡᠵᠢᠯ᠎ᠢ ᠤᠷᠢᠳ᠎ᠢᠶᠠᠷ ᠬᠡᠷᠡᠭᠵᠢᠭᠦᠯᠵᠦ ᠂ ᠲᠣᠭ᠎ᠠ ᠪᠠᠷᠢᠮᠲᠠ᠎ᠪᠠᠷ ᠬᠦᠴᠦᠨ ᠣᠯᠭᠣᠬᠤ 》 ᠠᠵᠢᠯ᠎ᠤᠨ ᠣᠨᠣᠯᠵᠢᠬᠤᠨ᠎ᠢ ᠪᠠᠷᠢᠮᠲᠠᠯᠠᠨ ᠂ ᠲᠤᠰᠬᠠᠢ ᠠᠵᠢᠯᠯᠠᠭ᠎ᠠ᠎ᠠᠴᠠ ᠡᠮᠦᠨ᠎ᠡ 2 ᠤᠳᠠᠭᠠᠨ᠎ᠤ ᠠᠵᠢᠯ᠎ᠤᠨ ᠲᠣᠬᠢᠷᠠᠭᠤᠯᠤᠯᠲᠠ᠎ᠶᠢᠨ ᠬᠤᠷᠠᠯ ᠬᠤᠷᠠᠯᠳᠤᠭᠤᠯᠵᠤ ᠂ ᠳᠠᠭᠠᠭᠤᠯᠢ ᠣᠳᠣᠨ᠎ᠤ ᠠᠯᠤᠰ ᠰᠡᠷᠡᠯ᠎ᠦᠨ ᠲᠠᠢᠯᠪᠤᠷᠢ ᠂ ᠵᠢᠯᠣᠭᠣᠴᠢ ᠦᠭᠡᠢ ᠨᠢᠰᠬᠡᠯ᠎ᠦᠨ ᠠᠭᠠᠷ᠎ᠠᠴᠠ ᠰᠡᠭᠦᠳᠡᠷᠯᠡᠬᠦ ᠂ ᠲᠦᠷᠭᠡᠨ ᠪᠠᠢᠴᠠᠭᠠᠨ ᠬᠡᠮᠵᠢᠬᠦ ᠵᠡᠷᠭᠡ 5 ᠲᠥᠷᠥᠯ᠎ᠦᠨ ᠮᠡᠷᠭᠡᠵᠢᠯ᠎ᠦᠨ ᠲᠤᠯᠭᠠᠭᠤᠷᠢᠯᠠᠬᠤ ᠡᠭᠦᠷᠭᠡ᠎ᠶᠢ ᠰᠢᠰᠲᠧᠮ᠎ᠲᠠᠢ ᠪᠠᠢᠷᠢᠯᠠᠭᠤᠯᠵᠤ ᠂ ᠨᠢᠭᠡ᠎ᠶᠢ ᠨᠢᠭᠡ᠎ᠳᠦ ᠬᠠᠷᠠᠭᠠᠯᠵᠠᠭᠤᠯᠤᠭᠰᠠᠨ ᠲᠤᠰᠬᠠᠢ ᠬᠥᠮᠥᠨ᠎ᠢᠶᠡᠷ ᠬᠠᠷᠢᠭᠤᠴᠠᠬᠤ ᠠᠵᠢᠯ᠎ᠤᠨ ᠲᠣᠭᠲᠠᠴᠠ᠎ᠶᠢ ᠪᠠᠢᠭᠤᠯᠤᠨ ᠂ ᠲᠣᠨᠣᠭ ᠲᠥᠬᠦᠭᠡᠷᠦᠮᠵᠢ᠎ᠶᠢ ᠲᠣᠬᠢᠷᠠᠭᠤᠯᠬᠤ ᠂ ᠲᠣᠭ᠎ᠠ ᠪᠠᠷᠢᠮᠲᠠ᠎ᠶᠢ ᠵᠠᠳᠠᠯᠬᠤ ᠂ ᠲᠤᠬᠠᠢ᠎ᠶᠢᠨ ᠲᠠᠯᠠᠪᠤᠷ᠎ᠲᠤ ᠳᠡᠮᠵᠢᠬᠦ 《 ᠭᠤᠷᠪᠠ᠎ᠶᠢ ᠪᠦᠷᠢᠨ ᠪᠦᠷᠬᠦᠭᠦᠯᠬᠦ 》᠎ᠶᠢ ᠪᠡᠶᠡᠯᠡᠭᠦᠯᠪᠡ ᠃
ᠳᠠᠭᠠᠭᠤᠯᠢ ᠣᠳᠣᠨ᠎ᠤ ᠠᠯᠤᠰ ᠰᠡᠷᠡᠯ᠎ᠦᠨ 《 ᠡᠭᠦᠯᠡᠨ ᠦᠵᠦᠭᠦᠷ᠎ᠡᠴᠡ ᠰᠤᠳᠠᠯ ᠪᠠᠷᠢᠬᠤ 》᠎ᠶᠢ ᠭᠦᠢᠴᠡᠳ ᠠᠰᠢᠭ᠍ᠯᠠᠨ᠂ ᠳᠠᠭᠠᠭᠤᠯᠢ ᠣᠳᠣᠨ᠎ᠤ ᠲᠥᠪ᠎ᠦᠨ ᠲᠤᠰᠬᠠᠢ ᠮᠡᠷᠭᠡᠵᠢᠯᠲᠡᠨ᠎ᠦ ᠪᠦᠯᠬᠦᠮ᠎ᠲᠠᠢ ᠬᠠᠮᠲᠤ᠎ᠪᠠᠷ 2025 ᠣᠨ᠎ᠤ ᠥᠨᠳᠥᠷ ᠢᠯᠭᠠᠮᠵᠢᠲᠤ ᠳᠠᠭᠠᠭᠤᠯᠢ ᠣᠳᠣᠨ᠎ᠤ ᠠᠯᠤᠰ ᠰᠡᠷᠡᠯ᠎ᠦᠨ ᠳᠦᠷᠰᠦ ᠰᠢᠩᠭᠡᠭᠡᠯᠲᠡ᠎ᠶᠢ ᠠᠰᠢᠭ᠍ᠯᠠᠨ ᠂ 《 ᠳᠦᠷᠰᠦ ᠰᠢᠩᠭᠡᠭᠡᠯᠲᠡ᠎ᠶᠢ ᠤᠷᠢᠳᠴᠢᠯᠠᠨ ᠰᠢᠢᠳᠪᠦᠷᠢᠯᠡᠬᠦ ︱ ᠣᠶᠤᠨᠴᠢ᠎ᠪᠠᠷ ᠲᠠᠢᠯᠪᠤᠷᠢᠯᠠᠬᠤ ︱ ᠲᠤᠰᠬᠠᠢ ᠮᠡᠷᠭᠡᠵᠢᠯᠲᠡᠨ᠎ᠡᠴᠡ ᠳᠠᠬᠢᠨ ᠬᠢᠨᠠᠵᠤ ᠰᠤᠳᠤᠯᠤᠨ ᠮᠠᠭᠠᠳᠯᠠᠬᠤ 》 ᠭᠤᠷᠪᠠᠨ ᠳᠡᠰ᠎ᠤᠨ ᠵᠠᠳᠠᠯᠤᠯᠲᠠ᠎ᠶᠢᠨ ᠵᠠᠭᠪᠤᠷ᠎ᠢ ᠪᠠᠢᠭᠤᠯᠵᠤ ᠂ ᠠᠮᠢ ᠠᠬᠤᠢ ᠂ ᠤᠷᠭᠤᠮᠠᠯ᠎ᠤᠨ ᠬᠤᠴᠢᠯᠭ᠎ᠠ ᠂ ᠭᠣᠣᠯ᠎ᠤᠨ ᠵᠠᠮ᠎ᠤᠨ ᠡᠷᠬᠢᠨ ᠲᠣᠭᠣᠷᠢᠨ ᠵᠡᠷᠭᠡ ᠰᠡᠵᠢᠭᠯᠡᠯᠲᠡᠢ ᠠᠰᠠᠭᠤᠳᠠᠯ᠎ᠤᠨ ᠰᠦᠪᠡᠭᠴᠢ᠎ᠶᠢ ᠰᠢᠭ᠌ᠰᠢᠨ ᠪᠠᠢᠴᠠᠭᠠᠪᠠ ᠃ ᠵᠢᠯᠣᠭᠣᠴᠢ ᠦᠭᠡᠢ ᠨᠢᠰᠬᠡᠯ᠎ᠦᠨ 《 ᠠᠭᠠᠷᠲᠠᠬᠢ ᠮᠥᠷᠳᠡᠯᠲᠡ 》᠎ᠶᠢ ᠢᠳᠡᠪᠬᠢᠲᠡᠢ ᠥᠷᠨᠢᠭᠦᠯᠵᠦ ᠂ 12 ᠵᠢᠯᠣᠭᠣᠴᠢ ᠦᠭᠡᠢ ᠨᠢᠰᠬᠡᠯ᠎ᠢ ᠲᠣᠬᠢᠷᠠᠭᠤᠯᠤᠨ ᠂ ᠭᠤᠷᠪᠠᠨ ᠬᠡᠮᠵᠢᠯᠲᠦ ᠵᠠᠭᠪᠤᠷ ᠪᠠᠶ᠋ᠢᠭᠤᠯᠬᠤ ᠂ ᠢᠯᠴᠢ᠎ᠪᠡᠷ ᠳᠦᠷᠰᠦ ᠪᠦᠲᠦᠭᠡᠬᠦ ᠵᠡᠷᠭᠡ ᠮᠡᠷᠭᠡᠵᠢᠯ᠎ᠢ ᠬᠡᠷᠡᠭᠯᠡᠨ ᠂ ᠨᠡᠶ᠋ᠢᠲᠡ 157 ᠤᠳᠠᠭ᠎ᠠ ᠂ 279 ᠺᠢᠯᠣᠮᠧᠲᠷ᠎ᠦᠨ ᠠᠶᠠᠯᠠᠯ᠎ᠤᠨ ᠨᠢᠰᠦᠯᠲᠡ᠎ᠶᠢ ᠪᠡᠶᠡᠯᠡᠭᠦᠯᠵᠦ᠂ ᠬᠠᠶᠠᠭᠳᠠᠮᠠᠯ ᠬᠡᠢ᠎ᠶᠢ ᠵᠣᠬᠢᠶᠠᠨ ᠪᠠᠢᠭᠤᠯᠤᠯᠲᠠ ᠦᠭᠡᠢ᠎ᠪᠡᠷ ᠭᠠᠳᠠᠭᠰᠢᠯᠠᠭᠤᠯᠬᠤ ᠂ ᠬᠠᠶᠠᠭᠳᠠᠮᠠᠯ ᠤᠰᠤ᠎ᠶᠢ ᠬᠤᠯᠠᠭᠠᠢᠯᠠᠨ ᠭᠠᠳᠠᠭᠰᠢᠯᠠᠭᠤᠯᠬᠤ ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠣᠪᠣᠭᠠᠯᠠᠨ ᠬᠠᠳᠠᠭᠠᠯᠠᠬᠤ ᠵᠡᠷᠭᠡ ᠠᠰᠠᠭᠤᠳᠠᠯ᠎ᠤᠨ ᠰᠦᠪᠡᠭᠴᠢ᠎ᠶᠢ ᠢᠯᠭᠠᠨ ᠲᠠᠨᠢᠪᠠ ᠃ ᠲᠤᠬᠠᠢ᠎ᠶᠢᠨ ᠲᠠᠯᠠᠪᠤᠷ᠎ᠤᠨ ᠲᠥᠬᠦᠭᠡᠷᠦᠮᠵᠢ᠎ᠶᠢᠨ 《 ᠲᠦᠷᠭᠡᠨ ᠠᠰᠠᠭᠤᠨ ᠣᠨᠣᠰᠢᠯᠠᠬᠤ 》᠎ᠶᠢ ᠪᠦᠲᠦᠮᠵᠢᠲᠡᠶ ᠪᠠᠲᠤᠯᠠᠵᠤ ᠂ ᠠᠪᠴᠤ ᠶᠠᠪᠤᠬᠤ᠎ᠳᠤ ᠲᠥᠬᠥᠮ ᠬᠡᠯᠪᠡᠷᠢ᠎ᠶᠢᠨ ᠦᠮᠡᠬᠡᠢ ᠦᠨᠦᠷ᠎ᠢ ᠪᠠᠢᠴᠠᠭᠠᠨ ᠬᠡᠮᠵᠢᠬᠦ ᠪᠠᠭᠠᠵᠢ᠂ ᠬᠥᠷᠥᠰᠥ ᠰᠢᠷᠣᠢ᠎ᠶᠢ ᠪᠠᠢᠴᠠᠭᠠᠨ ᠬᠡᠮᠵᠢᠬᠦ ᠪᠠᠭᠠᠵᠢ ᠂ ᠲᠦᠷᠭᠡᠨ ᠪᠠᠢᠴᠠᠭᠠᠨ ᠬᠡᠮᠵᠢᠬᠦ ᠪᠣᠭᠣᠳᠠᠯ ᠵᠡᠷᠭᠡ ᠲᠥᠬᠦᠭᠡᠷᠦᠮᠵᠢ᠎ᠶᠢ ᠲᠣᠬᠢᠷᠠᠭᠤᠯᠤᠨ ᠂ 48 ᠬᠤᠪᠢ ᠥᠯᠢᠭᠡᠷ ᠡᠳ᠋᠎ᠢ ᠲᠤᠬᠠᠢ᠎ᠶᠢᠨ ᠲᠠᠯᠠᠪᠤᠷ ᠲᠤᠨᠢ ᠠᠩᠬ᠎ᠠ ᠰᠢᠯᠢᠬᠦ ᠂ ᠬᠦᠷᠭᠡᠵᠦ ᠪᠠᠢᠴᠠᠭᠠᠯᠭᠠᠬᠤ 30 ᠬᠤᠪᠢ ᠤᠰᠤᠨ᠎ᠤ ᠥᠯᠢᠭᠡᠷ ᠡᠳ᠋᠎ᠦᠨ ᠲᠤᠷᠰᠢᠯᠲᠠ᠎ᠶᠢᠨ ᠲᠠᠰᠤᠭ᠎ᠲᠤ ᠵᠠᠳᠠᠯᠤᠯᠲᠠ ᠬᠢᠬᠦ᠎ᠶᠢ ᠪᠡᠶᠡᠯᠡᠭᠦᠯᠵᠦ᠂ ᠡᠮ ᠦᠢᠯᠡᠳᠬᠦ ᠠᠵᠤ ᠠᠬᠤᠢᠯᠠᠯ᠎ᠤᠨ ᠬᠠᠴᠢᠨ ᠦᠨᠦᠷ᠎ᠢ ᠪᠠᠢᠴᠠᠭᠠᠨ ᠬᠡᠮᠵᠢᠬᠦ ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠳᠣᠲᠣᠷᠠᠬᠢ ᠬᠦᠨᠳᠦ ᠲᠡᠮᠦᠷᠯᠢᠭ᠎ᠦᠨ ᠠᠭᠤᠯᠤᠭᠳᠠᠴᠠ᠎ᠶᠢ ᠲᠦᠷᠭᠡᠨ ᠰᠢᠭ᠌ᠰᠢᠨ ᠪᠠᠢᠴᠠᠭᠠᠬᠤ ᠂ ᠬᠠᠷ᠎ᠠ ᠦᠮᠡᠬᠡᠢ ᠤᠰᠤᠨ ᠴᠣᠭᠴᠠ᠎ᠶᠢ ᠵᠢᠭ᠍ᠰᠠᠭᠠᠨ ᠪᠠᠢᠴᠠᠭᠠᠬᠤ ᠵᠡᠷᠭᠡ᠎ᠳᠦ ᠰᠢᠨᠵᠢᠯᠡᠬᠦ ᠤᠬᠠᠭᠠᠨᠴᠢ ᠂ ᠪᠦᠲᠦᠮᠵᠢᠲᠡᠶ ᠲᠣᠭ᠎ᠠ ᠪᠠᠷᠢᠮᠲᠠ ᠬᠠᠩᠭᠠᠵᠠᠢ᠃
ᠳᠠᠷᠠᠭᠠᠴᠢ᠎ᠶᠢᠨ ᠠᠯᠬᠤᠮ᠎ᠳᠤ᠂ ᠮᠠᠨ᠎ᠤ ᠲᠥᠪ᠎ᠦᠨ ᠬᠢᠨ ᠮᠡᠷᠭᠡᠵᠢᠯ᠎ᠦᠨ ᠲᠤᠯᠭᠠᠭᠤᠷᠢᠯᠠᠯ᠎ᠢ ᠦᠷᠭᠦᠯᠵᠢᠯᠡᠨ ᠰᠢᠯᠢᠳᠡᠭᠵᠢᠭᠦᠯᠵᠦ᠂ ᠳᠠᠭᠠᠭᠤᠯᠢ ᠤᠳᠤᠨ᠎ᠤ ᠠᠯᠤᠰ ᠰᠡᠷᠡᠯ᠎ᠦᠨ ᠲᠠᠢᠯᠪᠤᠷᠢ᠂ ᠵᠢᠯᠣᠭᠣᠴᠢ ᠦᠭᠡᠢ ᠨᠢᠰᠬᠡᠯ᠎ᠦᠨ ᠠᠭᠠᠷ᠎ᠠᠴᠠ ᠰᠡᠭᠦᠳᠡᠷᠯᠡᠬᠦ᠂ ᠠᠪᠴᠤ ᠶᠠᠪᠤᠬᠤ᠎ᠳᠤ ᠳᠥᠭᠥᠮ ᠬᠡᠯᠪᠡᠷᠢ᠎ᠶᠢᠨ ᠬᠡᠮᠵᠢᠭᠦᠷᠯᠢᠭ᠎ᠢ ᠰᠢᠯᠭᠠᠨ ᠪᠠᠢᠴᠠᠭᠠᠬᠤ ᠵᠡᠷᠭᠡ ᠤᠯᠠᠨ ᠵᠦᠢᠯ᠎ᠦᠨ ᠮᠡᠷᠭᠡᠵᠢᠯ᠎ᠦᠨ ᠠᠷᠭ᠎ᠠ ᠪᠠᠷᠢᠯ᠎ᠢ ᠶᠡᠷᠦᠩᠬᠡᠢᠯᠡᠨ ᠬᠡᠷᠡᠭᠯᠡᠬᠦ᠎ᠶᠢ ᠴᠢᠩᠭᠠᠳᠬᠠᠵᠤ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠬᠤ ᠠᠵᠢᠯ᠎ᠳᠤ ᠨᠡᠩ ᠣᠨᠣᠪᠴᠢᠲᠠᠢ᠂ ᠥᠨᠳᠥᠷ ᠪᠦᠲᠦᠮᠵᠢᠲᠡᠢ ᠮᠡᠷᠭᠡᠵᠢᠯ᠎ᠦᠨ ᠲᠤᠯᠭᠠᠭᠤᠷᠢᠯᠠᠯ ᠬᠠᠩᠭᠠᠨ᠎ᠠ᠃