ᠶᠡᠷᠦᠩᠬᠡᠢ ᠱᠦᠵᠢ ᠰᠢ᠎ᠶᠢᠨ ᠫᠢᠩ᠎ᠤᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠬᠤ ᠡᠨᠡ ᠬᠦ᠌ ᠭᠣᠣᠯ ᠰᠢᠵᠢᠮ᠎ᠢ ᠪᠠᠲᠤ ᠡᠵᠡᠮᠰᠢᠬᠦ᠎ᠶᠢᠨ ᠲᠥᠯᠥᠭᠡ ᠂ 5 ᠰᠠᠷ᠎ᠠ᠎ᠶᠢᠨ 14᠎ᠦ ᠡᠳᠦᠷ᠎ᠦᠨ ᠦᠳᠡ᠎ᠶᠢᠨ ᠡᠮᠦᠨ᠎ᠡ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠬᠤ ᠲᠣᠪᠴᠢᠶ᠎ᠠ᠎ᠶᠢᠨ ᠨᠠᠮ᠎ᠤᠨ ᠡᠭᠦᠷ᠂ ᠱᠠᠯᠠᠪᠳᠠᠭᠤᠯᠤᠨ ᠪᠠᠢᠴᠠᠭᠠᠬᠤ ᠲᠤᠰᠬᠠᠢ ᠲᠤᠰᠢᠶᠠᠯᠲᠠᠨ᠎ᠤ ᠠᠯᠪᠠᠨ ᠭᠡᠷ᠎ᠦᠨ ᠨᠠᠮ᠎ᠤᠨ ᠡᠭᠦᠷ᠂ ᠱᠠᠯᠠᠪᠳᠠᠭᠤᠯᠤᠨ ᠪᠠᠢᠴᠠᠭᠠᠬᠤ ᠮᠡᠷᠭᠡᠵᠢᠯ᠎ᠦᠨ ᠳᠡᠮᠵᠢᠯᠭᠡ᠎ᠶᠢᠨ ᠲᠥᠪ᠎ᠦᠨ ᠨᠠᠮ᠎ᠤᠨ ᠡᠭᠦᠷ ᠬᠠᠮᠲᠤᠷᠠᠨ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢᠭᠤᠯᠤᠨ ᠬᠥᠬᠡᠬᠣᠲᠠ᠎ᠶᠢᠨ ᠬᠤᠳᠠ᠎ᠶᠢᠨ ᠦᠵᠡᠭᠦᠯᠭᠡ᠎ᠶᠢᠨ ᠲᠥᠪ᠎ᠲᠦ ᠬᠦᠷᠴᠦ᠂ 《 ᠬᠥᠬᠡᠬᠣᠲᠠ᠎ᠶᠢᠨ ᠬᠥᠭᠵᠢᠯᠲᠡ᠎ᠶᠢᠨ ᠰᠤᠳᠠᠰᠤ᠎ᠶᠢ ᠬᠦᠨᠳᠡᠵᠦ ᠦᠨᠳᠦᠰᠦᠲᠡᠨ᠎ᠦ ᠪᠦᠯᠬᠦᠮᠳᠡᠯ᠎ᠦᠨ ᠭᠠᠯ᠎ᠢ ᠵᠠᠯᠭᠠᠮᠵᠢᠯᠠᠬᠤ 》 ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠪᠡ᠃
ᠬᠥᠬᠡᠬᠣᠲᠠ᠎ᠶᠢᠨ ᠬᠣᠲᠠ᠎ᠶᠢᠨ ᠦᠵᠡᠭᠦᠯᠭᠡ᠎ᠶᠢᠨ ᠲᠥᠪ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠎ᠦᠨ ᠢᠯᠡ ᠨᠡᠢᠲᠡᠯᠡᠭᠰᠡᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠤᠬᠠᠮᠰᠠᠷ᠎ᠤᠨ ᠬᠥᠮᠦᠵᠢᠯ ᠦᠢᠯᠡᠳᠦᠯᠭᠡ᠎ᠶᠢᠨ ᠰᠠᠭᠤᠷᠢᠨ ᠭᠠᠵᠠᠷ᠎ᠤᠨ ᠨᠢᠭᠡ ᠪᠣᠯᠤᠭᠰᠠᠨ᠎ᠤ ᠬᠤᠪᠢ᠎ᠳᠤ ᠂ ᠬᠣᠲᠠ᠎ᠶᠢᠨ ᠳᠦᠷᠢ ᠲᠥᠷᠬᠦ᠎ᠶᠢ ᠳᠡᠯᠭᠡᠨ ᠦᠵᠡᠭᠦᠯᠬᠦ ᠂ ᠲᠡᠦᠬᠡ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠂ ᠦᠨᠳᠦᠰᠦᠲᠡᠨ᠎ᠦ ᠰᠣᠶᠣᠯ᠎ᠢ ᠪᠠᠳᠠᠷᠠᠭᠤᠯᠬᠤ ᠴᠢᠬᠤᠯᠠ ᠴᠣᠩᠬᠣᠪᠴᠢ ᠪᠣᠯᠣᠨ᠎ᠠ ᠃ ᠨᠠᠮ᠎ᠤᠨ ᠭᠡᠰᠢᠭᠦᠨ ᠺᠠᠳ᠋ᠷᠴᠤᠳ ᠲᠡᠦᠬᠡ᠎ᠶᠢᠨ ᠭᠡᠷᠡᠯ ᠵᠢᠷᠤᠭ ᠪᠣᠯᠣᠨ ᠲᠤᠯᠭᠤᠷ ᠪᠢᠴᠢᠭ ᠮᠠᠲᠧᠷᠢᠶᠠᠯ᠎ᠢ ᠲᠣᠭᠣᠷᠢᠨ ᠦᠵᠡᠬᠦ᠎ᠪᠡᠷ ᠳᠠᠮᠵᠢᠭᠤᠯᠵᠤ᠂ ᠬᠥᠬᠡᠬᠣᠲᠠ᠎ᠶᠢᠨ ᠭᠦᠨ ᠵᠤᠵᠠᠭᠠᠨ ᠲᠡᠦᠬᠡ ᠰᠣᠶᠣᠯ ᠪᠣᠯᠣᠨ ᠬᠤᠳᠠ᠎ᠶᠢᠨ ᠪᠦᠲᠦᠭᠡᠨ ᠪᠠᠢᠭᠤᠯᠤᠯᠲᠠ᠎ᠶᠢᠨ ᠲᠡᠦᠬᠡ᠎ᠶᠢ ᠡᠷᠭᠢᠴᠡᠭᠦᠯᠪᠡ; ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠦᠵᠡᠭᠦᠯᠭᠡ᠎ᠶᠢᠨ ᠵᠦᠢᠯᠡᠰ ᠪᠠ ᠭᠡᠷᠡᠯ ᠰᠡᠭᠦᠳᠡᠷ᠎ᠦᠨ ᠰᠢᠨᠵᠢᠯᠡᠬᠦ ᠤᠬᠠᠭᠠᠨ ᠮᠡᠷᠭᠡᠵᠢᠯ᠎ᠢ ᠠᠰᠢᠭ᠍ᠯᠠᠨ᠂ ᠥᠪᠡᠷᠮᠢᠴᠡ ᠲᠠᠲᠠᠬᠤ ᠬᠦᠴᠦᠨ᠎ᠲᠠᠢ ᠦᠨᠳᠦᠰᠦᠲᠡᠨ᠎ᠦ ᠲᠡᠦᠬᠡ᠎ᠶᠢᠨ ᠠᠭᠤᠯᠬᠤᠨ ᠪᠠ ᠠᠷᠠᠳ᠎ᠤᠨ ᠵᠠᠩ ᠦᠢᠯᠡ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠣᠶᠣᠯ᠎ᠢ ᠣᠢᠯᠠᠭᠠᠪᠠ; ᠸᠢᠳᠢᠤ᠋ ᠵᠢᠷᠤᠭ ᠳᠦᠷᠰᠦ ᠪᠠ ᠡᠯᠡᠰᠦᠨ ᠴᠠᠷ᠎ᠠ᠎ᠶᠢᠨ ᠵᠠᠭᠪᠤᠷ᠎ᠲᠤ ᠲᠦᠰᠢᠭᠯᠡᠨ ᠂ ᠬᠥᠬᠡᠬᠣᠲᠠ᠎ᠶᠢᠨ ᠬᠥᠭᠵᠢᠯᠲᠡ᠎ᠶᠢᠨ ᠵᠢᠷᠤᠭ ᠲᠥᠯᠥᠪᠯᠡᠭᠡ ᠪᠠ ᠪᠦᠲᠦᠭᠡᠨ ᠪᠠᠢᠭᠤᠯᠤᠯᠲᠠ᠎ᠶᠢᠨ ᠠᠮᠵᠢᠯᠲᠠ ᠪᠦᠲᠦᠮᠵᠢ᠎ᠶᠢ ᠪᠠᠷᠠᠯᠠᠪᠠ ᠃ ᠬᠣᠪᠣᠷ ᠨᠠᠨᠳᠢᠨ ᠲᠡᠦᠬᠡ᠎ᠶᠢᠨ ᠭᠡᠷᠡᠯ ᠵᠢᠷᠤᠭ᠎ᠤᠳ᠂ ᠬᠤᠪᠢᠷᠠᠯᠲᠠ ᠬᠤᠪᠢᠰᠤᠯᠲᠠ᠎ᠶᠢ ᠥᠩᠭᠡᠷᠡᠭᠡᠭᠰᠡᠨ ᠪᠣᠳᠠᠲᠤ ᠪᠣᠳᠠᠰ᠎ᠤᠳ᠂ ᠬᠥᠮᠥᠰ᠎ᠦᠨ ᠰᠡᠳᠬᠢᠯ᠎ᠢ ᠬᠥᠳᠡᠯᠭᠡᠮ᠎ᠡ ᠦᠯᠢᠭᠡᠷᠦᠳ ᠨᠢ ᠬᠥᠬᠡᠬᠣᠲᠠ᠎ᠶᠢᠨ 《 ᠤᠷᠢᠳᠤ ᠲᠦᠷᠦᠯ ᠡᠨᠡ ᠨᠠᠰᠤ 》 ᠶ᠋ᠢ ᠵᠢᠷᠤᠭᠯᠠᠵᠤ᠂ ᠳᠤᠮᠳᠠᠳᠤ᠎ᠶᠢᠨ ᠦᠨᠳᠦᠰᠦᠲᠡᠨ᠎ᠦ ᠨᠢᠭᠡ ᠭᠡᠷ᠎ᠦᠨ ᠬᠥᠮᠥᠨ ᠮᠡᠲᠦ ᠳᠣᠲᠣᠨᠣ᠌᠂ ᠰᠡᠳᠬᠢᠯ᠎ᠢᠶᠡᠨ ᠨᠢᠭᠡᠳᠬᠡᠨ ᠳᠤᠮᠳᠠᠳᠤ᠎ᠶᠢᠨ ᠵᠡᠭᠦᠳᠦ᠎ᠶᠢ ᠬᠠᠮᠲᠤ᠎ᠪᠠᠷ ᠲᠡᠷᠭᠡᠯᠰᠢᠭᠦᠯᠦᠭᠰᠡᠨ ᠰᠠᠢᠨ ᠰᠠᠢᠬᠠᠨ ᠵᠢᠷᠤᠭ᠎ᠤᠳ᠎ᠢ ᠬᠠᠷᠠᠭᠤᠯᠵᠠᠢ᠃
ᠲᠣᠰ ᠤᠳᠠᠭᠠᠨ᠎ᠤ ᠠᠵᠢᠯᠯᠠᠭ᠎ᠠ᠎ᠪᠠᠷ ᠳᠡᠮᠵᠢᠨ ᠂ ᠨᠠᠮ᠎ᠤᠨ ᠭᠡᠰᠢᠭᠦᠨ ᠺᠠᠳ᠋ᠷᠴᠤᠳ ᠬᠣᠲᠠ᠎ᠶᠢᠨ ᠬᠥᠭᠵᠢᠯᠲᠡ᠎ᠶᠢᠨ ᠠᠤᠭ᠎ᠠ ᠶᠡᠬᠡ ᠬᠦᠴᠦᠨ ᠪᠠ ᠦᠨᠳᠦᠰᠦᠲᠡᠨ᠎ᠦ ᠪᠦᠯᠬᠦᠮᠳᠡᠯ᠎ᠦᠨ ᠣᠶᠤᠨ ᠰᠠᠨᠠᠭᠠᠨ᠎ᠤ ᠭᠣᠣᠯ ᠴᠥᠮ᠎ᠡ᠎ᠶᠢ ᠭᠦᠨᠵᠡᠭᠡᠢ ᠣᠢᠯᠠᠭᠠᠵᠤ ᠂ ᠲᠡᠦᠬᠡ ᠪᠠ ᠪᠣᠳᠠᠲᠤ ᠠᠬᠤᠢ᠎ᠶᠢᠨ ᠰᠣᠯᠪᠢᠴᠠᠯ᠎ᠤᠨ ᠳᠤᠮᠳᠠ᠎ᠠᠴᠠ ᠦᠷᠭᠦᠯᠵᠢᠯᠡᠨ ᠲᠡᠮᠡᠴᠡᠬᠦ ᠣᠶᠤᠨ ᠰᠠᠨᠠᠭᠠᠨ᠎ᠤ ᠰᠢᠮ᠎ᠡ ᠲᠡᠵᠢᠭᠡᠯ᠎ᠢ ᠭᠥᠷᠳᠡᠭᠰᠡᠨ ᠪᠠᠢᠨ᠎ᠠ ᠃ ᠤᠯᠠᠨ᠎ᠢᠶᠠᠷ᠎ᠢᠶᠠᠨ᠂ ᠠᠵᠢᠯ᠎ᠤᠨ ᠪᠠᠢᠷᠢ᠎ᠶᠢᠨ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭᠠᠵᠤ᠂ ᠲᠣᠭᠣᠷᠢᠨ ᠦᠵᠡᠵᠦ ᠰᠤᠷᠤᠯᠴᠠᠭᠰᠠᠨ ᠦᠷ᠎ᠡ ᠪᠦᠲᠦᠮᠵᠢ᠎ᠪᠡᠨ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠬᠥᠬᠡᠮᠳᠦᠭ ᠨᠣᠭᠣᠭᠠᠨ ᠠᠭᠤᠯᠠ ᠤᠰᠤ᠎ᠪᠠᠨ ᠰᠠᠬᠢᠨ ᠬᠠᠮᠠᠭᠠᠯᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠦᠴᠦᠨ ᠴᠢᠳᠠᠯ᠎ᠢᠶᠠᠨ ᠨᠡᠮᠡᠷᠢᠯᠡᠨ᠎ᠡ ᠭᠡᠵᠦ ᠢᠯᠡᠳᠬᠡᠵᠡᠭᠡᠪᠡ᠃