ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠢ ᠱᠠᠯᠠᠪᠳᠠᠭᠤᠯᠤᠨ ᠪᠠᠶ᠋ᠢᠴᠠᠭᠠᠬᠤ ᠮᠡᠷᠭᠡᠵᠢᠯ᠎ᠤᠨ ᠳᠡᠮᠵᠢᠯᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢᠴᠠᠭᠠᠬᠤ ᠮᠡᠷᠭᠡᠵᠢᠯ᠎ᠦᠨ ᠳᠡᠮᠵᠢᠯᠭᠡ᠎ᠶᠢᠨ ᠲᠥᠪ᠎ᠦᠨ ᠨᠠᠮ᠎ᠤᠨ ᠡᠭᠦᠷ 《 ᠬᠤᠪᠢᠰᠬᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠵᠤ᠂ ᠤᠯᠤᠰ᠎ᠢᠶᠠᠨ ᠬᠠᠢᠷᠠᠯᠠᠬᠤ ᠰᠡᠳᠬᠢᠯᠭᠡ᠎ᠶᠢ ᠵᠤᠵᠠᠭᠠᠳᠬᠠᠬᠤ 》 ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-10-31

ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 104 ᠵᠢᠯ᠎ᠦᠨ ᠤᠢ᠎ᠶᠢ ᠪᠡᠯᠭᠡᠯᠡᠵᠦ᠂ ᠬᠤᠪᠢᠰᠬᠠᠯ᠎ᠤᠨ ᠭᠧᠨ᠎ᠢ ᠤᠯᠠᠮᠵᠢᠯᠠᠨ ᠵᠠᠯᠭᠠᠮᠵᠢᠯᠠᠵᠤ᠂ ᠬᠤᠪᠢᠰᠬᠠᠯ᠎ᠤᠨ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ᠎ᠶᠢ ᠬᠥᠭᠵᠢᠭᠡᠬᠦ᠎ᠶᠢᠨ ᠲᠥᠯᠥᠭᠡ᠂ ᠣᠢᠷ᠎ᠠ᠎ᠶᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢᠴᠠᠭᠠᠬᠤ ᠮᠡᠷᠭᠡᠵᠢᠯ᠎ᠦᠨ ᠳᠡᠮᠵᠢᠯᠭᠡ᠎ᠶᠢᠨ ᠲᠥᠪ᠎ᠦᠨ ᠨᠠᠮ᠎ᠤᠨ ᠡᠭᠦᠷ ᠤᠯᠠᠭᠠᠨᠬᠦᠦ᠎ᠶᠢᠨ ᠳᠤᠷᠠᠰᠬᠠᠯ᠎ᠤᠨ ᠣᠷᠳᠣᠨ᠎ᠳᠤ 《 ᠬᠤᠪᠢᠰᠬᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠵᠤ ᠤᠯᠤᠰ᠎ᠢᠶᠠᠨ ᠬᠠᠢᠷᠠᠯᠠᠬᠤ ᠰᠡᠳᠬᠢᠯᠭᠡ᠎ᠶᠢ ᠵᠤᠵᠠᠭᠠᠳᠬᠠᠬᠤ 》 ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠵᠡᠢ᠃

ᠤᠯᠠᠭᠠᠨᠬᠦᠦ᠎ᠶᠢᠨ ᠳᠤᠷᠠᠰᠬᠠᠯ᠎ᠤᠨ ᠣᠷᠳᠣᠨ᠎ᠳᠤ᠂ ᠨᠠᠮ᠎ᠤᠨ ᠭᠡᠰᠢᠭᠦᠨ ᠨᠥᠬᠥᠳ ᠬᠦᠨᠳᠦᠳᠬᠡᠨ ᠪᠢᠰᠢᠷᠡᠬᠦ ᠰᠡᠳᠬᠢᠯᠭᠡ᠎ᠪᠡᠷ ᠲᠠᠢᠯᠪᠤᠷᠢᠯᠠᠭ᠍ᠴᠢ᠎ᠶᠢᠨ ᠠᠯᠬᠤᠮ᠎ᠢ ᠲᠠᠭᠠᠵᠤ᠂ 《 ᠬᠤᠪᠢᠰᠬᠠᠯ᠎ᠳᠤ ᠣᠷᠣᠯᠴᠠᠵᠤ ᠬᠦᠰᠡᠯ ᠵᠡᠭᠦᠳᠦ᠎ᠪᠡᠨ ᠬᠥᠭᠡᠭᠡᠴᠡᠯᠳᠦᠬᠦ 》᠂ 《 ᠤᠯᠠᠭᠠᠨ ᠲᠤᠭ᠎ᠢᠶᠠᠨ ᠲᠠᠬᠢᠨ ᠮᠠᠨᠳᠤᠭᠤᠯᠵᠤ ᠭᠠᠯ᠎ᠤᠨ ᠣᠴᠢ᠎ᠶᠢ ᠰᠠᠴᠤᠶ᠎ᠠ 》 ᠵᠡᠷᠭᠡ ᠦᠵᠡᠭᠦᠯᠭᠡ᠎ᠶᠢᠨ ᠲᠠᠩᠬᠢᠮ᠎ᠢ ᠳᠠᠷᠠᠭᠠᠯᠠᠨ ᠲᠣᠭᠣᠷᠢᠨ ᠦᠵᠡᠪᠡ᠃ ᠮᠦᠽᠧᠢ᠎ᠳᠦ ᠳᠡᠯᠭᠡᠨ ᠦᠵᠡᠭᠦᠯᠦᠭᠰᠡᠨ ᠬᠣᠪᠣᠷ ᠨᠠᠨᠳᠢᠨ ᠲᠡᠦᠬᠡ᠎ᠶᠢᠨ ᠵᠢᠷᠤᠭ ᠪᠢᠴᠢᠭ᠂ ᠤᠢ ᠰᠠᠨᠠᠮᠵᠢ᠎ᠶᠢ ᠠᠴᠢᠶᠠᠯᠠᠭᠰᠠᠨ ᠲᠡᠦᠬᠡ᠎ᠶᠢᠨ ᠳᠤᠷᠠᠰᠬᠠᠯᠲᠤ ᠵᠦᠢᠯᠡᠰ᠂ ᠨᠠᠷᠢᠨ ᠪᠣᠳᠠᠲᠠᠢ ᠲᠡᠮᠳᠡᠭᠯᠡᠭᠰᠡᠨ ᠪᠢᠴᠢᠭ ᠮᠠᠲᠧᠷᠢᠶᠠᠯ᠎ᠤᠳ ᠨᠢ ᠤᠯᠠᠭᠠᠨᠬᠦᠦ ᠨᠥᠬᠥᠷ᠎ᠦᠨ ᠬᠦᠴᠢᠷ ᠪᠡᠷᠬᠡᠰᠢᠶᠡᠯ᠎ᠦᠨ ᠳᠤᠮᠳᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠯᠦᠭᠡᠯᠡᠯᠲᠡ᠎ᠶᠢᠨ ᠦᠢᠯᠡᠰ᠂ ᠦᠨᠳᠦᠰᠦᠲᠡᠨ᠎ᠦ ᠪᠦᠯᠬᠦᠮᠳᠡᠯ ᠪᠣᠯᠣᠨ ᠪᠦᠲᠦᠭᠡᠨ ᠪᠠᠢᠭᠤᠯᠤᠯᠲᠠ᠎ᠶᠢᠨ ᠬᠥᠭᠵᠢᠯᠲᠡ᠎ᠳᠦ ᠦᠵᠡᠭᠦᠯᠦᠭᠰᠡᠨ ᠭᠠᠷᠮᠠᠭᠠᠢ ᠬᠤᠪᠢ ᠨᠡᠮᠡᠷᠢ᠎ᠶᠢ ᠠᠮᠢᠳᠤᠯᠢᠭ᠋᠎ᠢᠶᠠᠷ ᠰᠡᠷᠭᠦᠭᠡᠵᠦ᠂ ᠤᠯᠠᠭᠠᠨᠬᠦᠦ ᠨᠥᠬᠥᠷ᠎ᠦᠨ ᠭᠡᠷᠡᠯ ᠰᠠᠴᠤᠷᠠᠩᠭᠤᠢ ᠲᠡᠮᠡᠴᠡᠯ᠎ᠦᠨ ᠨᠢᠭᠡ ᠨᠠᠰᠤ᠎ᠶᠢ ᠬᠠᠷᠠᠭᠤᠯᠵᠠᠢ᠃

ᠡᠨᠡ ᠤᠳᠠᠭ᠎ᠠ᠎ᠶᠢᠨ ᠨᠠᠮ᠎ᠤᠨ ᠡᠳᠦᠷ᠎ᠦᠨ ᠠᠵᠢᠯᠯᠠᠭ᠎ᠠ ᠨᠢ ᠨᠠᠮ᠎ᠤᠨ ᠭᠡᠰᠢᠭᠦᠳ᠎ᠲᠦ ᠭᠦᠨ ᠭᠦᠨᠵᠡᠭᠡᠢ ᠤᠶᠤᠨ ᠰᠠᠨᠠᠭᠠᠨ᠎ᠤ ᠳᠠᠪᠲᠠᠯᠲᠠ ᠬᠦᠷᠲᠡᠭᠡᠵᠡᠢ᠃ ᠤᠯᠠᠨ᠎ᠢᠶᠠᠷ᠎ᠢᠶᠠᠨ᠂ ᠬᠤᠪᠢᠰᠬᠠᠯ᠎ᠤᠨ ᠠᠬᠠᠮᠠᠳ ᠦᠶ᠎ᠡ᠎ᠶᠢᠨ ᠬᠢᠨ᠎ᠢᠶᠡᠷ ᠳᠠᠭᠤᠷᠢᠶᠠᠯ ᠪᠣᠯᠭᠠᠵᠤ᠂ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠵᠣᠷᠢᠯᠲᠠ᠎ᠶᠢ ᠦᠢᠯᠡᠳᠦᠯᠭᠡᠵᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠱᠠᠯᠠᠪᠳᠠᠭᠤᠯᠤᠨ ᠪᠠᠢᠴᠠᠭᠠᠬᠤ ᠦᠢᠯᠡᠰ᠎ᠲᠦ ᠥᠪᠡᠷ᠎ᠦᠨ ᠬᠦᠴᠦᠨ ᠴᠢᠳᠠᠯ᠎ᠢᠶᠠᠨ ᠢᠳᠡᠪᠬᠢᠲᠡᠢ ᠡᠷᠭᠦᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠲᠡᠮᠡᠴᠡᠯ᠎ᠦᠨ ᠬᠠᠭᠤᠳᠠᠰᠤ᠎ᠶᠢ ᠪᠢᠴᠢᠭᠯᠡᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号