ᠰᠢᠨ᠎ᠡ ᠪᠠᠢᠳᠠᠯ ᠳᠣᠣᠷᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠬᠤ ᠠᠵᠢᠯ᠎ᠤᠨ ᠰᠢᠨ᠎ᠡ ᠱᠠᠭᠠᠷᠳᠠᠯᠭ᠎ᠠ᠎ᠳᠤ ᠰᠠᠨᠠᠭᠠᠴᠢᠯᠠᠭ᠎ᠠ᠎ᠠᠴᠠ᠎ᠪᠠᠨ ᠵᠣᠬᠢᠴᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠬᠤ ᠠᠵᠢᠯ᠎ᠤᠨ ᠰᠢᠨᠵᠢᠯᠡᠬᠦ ᠤᠬᠠᠭᠠᠨᠴᠢᠯᠠᠬᠤ᠂ ᠨᠠᠷᠢᠯᠢᠭ᠍ᠵᠢᠭᠤᠯᠬᠤ ᠲᠦᠪᠰᠢᠨ᠎ᠢ ᠴᠢᠨᠠᠭᠰᠢᠳᠠ ᠲᠡᠭᠡᠭᠰᠢᠯᠡᠬᠦᠯᠵᠦ᠂ ᠳᠠᠭᠠᠭᠤᠯᠢ ᠤᠳᠤᠨ᠎ᠤ ᠠᠯᠤᠰ ᠰᠡᠷᠡᠯ᠎ᠦᠨ ᠬᠢᠨᠠᠨ ᠬᠡᠮᠵᠢᠯᠲᠡ ᠵᠡᠷᠭᠡ ᠰᠢᠨ᠎ᠡ ᠮᠡᠷᠭᠡᠵᠢᠯ ᠰᠢᠨ᠎ᠡ ᠵᠠᠭᠪᠤᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠬᠤ ᠠᠵᠢᠯ᠎ᠳᠠᠬᠢ ᠬᠡᠷᠡᠭᠯᠡᠯᠲᠡ᠎ᠶᠢ ᠠᠬᠢᠭᠤᠯᠬᠤ᠎ᠶᠢᠨ ᠲᠥᠯᠥᠭᠡ ᠂ 8 ᠰᠠᠷ᠎ᠠ᠎ᠶᠢᠨ 26᠎ᠤ ᠡᠳᠦᠷ᠎ᠡᠴᠡ 29᠎ᠦ ᠡᠳᠦᠷ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠱᠠᠯᠠᠪᠳᠠᠭᠤᠯᠤᠨ ᠪᠠᠢᠴᠠᠭᠠᠬᠤ ᠮᠡᠷᠭᠡᠵᠢᠯ᠎ᠦᠨ ᠳᠡᠮᠵᠢᠯᠭᠡ᠎ᠶᠢᠨ ᠲᠥᠪ᠎ᠡᠴᠡ ᠬᠡᠰᠡᠭ ᠲᠤᠰᠬᠠᠢ ᠮᠡᠷᠭᠡᠵᠢᠯ᠎ᠦᠨ ᠠᠵᠢᠯᠲᠠᠨ᠎ᠢ ᠵᠣᠬᠢᠶᠠᠨ ᠪᠠᠢᠭᠤᠯᠵᠤ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠠᠭᠠᠭᠤᠯᠢ ᠣᠳᠣᠨ᠎ᠤ ᠣᠷᠴᠢᠨ ᠲᠣᠭᠣᠷᠢᠨ᠎ᠤ ᠬᠡᠷᠡᠭᠯᠡᠭᠡᠨ᠎ᠦ ᠲᠥᠪ᠎ᠲᠦ ᠬᠦᠷᠴᠦ ᠳᠠᠭᠠᠭᠤᠯᠢ ᠤᠳᠤᠨ᠎ᠤ ᠠᠯᠤᠰ ᠰᠡᠷᠡᠯ᠎ᠦᠨ ᠮᠡᠷᠭᠡᠵᠢᠯ᠎ᠢ ᠰᠣᠷᠣᠯᠴᠠᠪᠠ ᠃
ᠲᠤᠰ ᠤᠳᠠᠭᠠᠨ᠎ᠤ ᠪᠣᠯᠪᠠᠰᠤᠷᠠᠯ᠎ᠤᠨ ᠠᠭᠤᠯᠭ᠎ᠠ ᠨᠢ ᠪᠦᠷᠢᠨ ᠲᠡᠭᠦᠯᠳᠡᠷ ᠂ ᠬᠡᠯᠪᠡᠷᠢ ᠨᠢ ᠰᠢᠨ᠎ᠡ ᠰᠣᠷᠭᠣᠭ ᠪᠠᠢᠵᠤ ᠂ ᠳᠠᠭᠠᠭᠤᠯᠢ ᠣᠳᠣᠨ᠎ᠤ ᠠᠯᠤᠰ ᠰᠡᠷᠡᠯ᠎ᠦᠨ ᠮᠡᠷᠭᠡᠵᠢᠯ᠎ᠦᠨ ᠣᠳᠣ᠌ ᠦᠶ᠎ᠡ᠎ᠶᠢᠨ ᠣᠷᠴᠢᠨ ᠲᠣᠭᠣᠷᠢᠨ᠎ᠢ ᠵᠠᠰᠠᠬᠤ ᠰᠢᠰᠲᠧᠮ᠎ᠳᠡᠬᠢ ᠬᠡᠷᠡᠭᠯᠡᠭᠡᠨ᠎ᠦ ᠪᠠᠢᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ ᠂ ᠲᠤᠬᠠᠢ᠎ᠶᠢᠨ ᠭᠠᠵᠠᠷ ᠲᠤᠨᠢ ᠲᠣᠭᠣᠷᠢᠨ ᠦᠵᠡᠬᠦ ᠂ ᠲᠤᠰᠬᠠᠢ ᠮᠡᠷᠭᠡᠵᠢᠯᠲᠡᠨ᠎ᠡᠴᠡ ᠬᠢᠴᠢᠶᠡᠯ ᠣᠷᠣᠬᠤ ᠂ ᠪᠣᠳᠠᠲᠤ ᠰᠣᠷᠢᠯᠲᠠ ᠬᠢᠬᠦ ᠂ ᠲᠤᠷᠰᠢᠯᠭ᠎ᠠ᠎ᠪᠠᠨ ᠬᠤᠪᠢᠶᠠᠯᠴᠠᠬᠤ ᠵᠡᠷᠭᠡ ᠣᠯᠠᠨ ᠵᠦᠢᠯ᠎ᠦᠨ ᠬᠡᠯᠪᠡᠷᠢ᠎ᠪᠡᠷ ᠳᠠᠮᠵᠢᠭᠤᠯᠤᠨ ᠂ ᠳᠠᠭᠠᠭᠤᠯᠢ ᠤᠳᠤᠨ᠎ᠤ ᠠᠯᠤᠰ ᠰᠡᠷᠡᠯ᠎ᠦᠨ ᠲᠣᠭ᠎ᠠ ᠪᠠᠷᠢᠮᠲᠠ᠎ᠶᠢ ᠦᠢᠯᠡᠳᠪᠦᠷᠢᠯᠡᠨ ᠰᠢᠢᠳᠪᠦᠷᠢᠯᠡᠬᠦ ᠶᠠᠪᠤᠴᠠ᠂ ᠠᠮᠢ ᠠᠬᠤᠢ ᠣᠷᠴᠢᠨ ᠲᠣᠭᠣᠷᠢᠨ᠎ᠤ ᠠᠯᠤᠰ ᠰᠡᠷᠡᠯ᠎ᠦᠨ ᠵᠠᠳᠠᠯᠤᠨ ᠣᠷᠴᠢᠭᠤᠯᠬᠤ ᠵᠠᠭᠪᠤᠷ ᠪᠣᠯᠣᠨ ᠦᠢᠯᠡᠴᠢᠯᠡᠭᠡᠨ᠎ᠦ ᠴᠢᠳᠠᠪᠬᠢ᠂ ᠬᠠᠮᠢᠶ᠎ᠠ ᠪᠦᠬᠦᠢ ᠬᠡᠷᠡᠭᠯᠡᠭᠡᠨ᠎ᠦ ᠵᠥᠭᠡᠯᠡᠨ ᠲᠤᠨᠤᠭ᠎ᠢ ᠠᠵᠢᠯᠯᠠᠭᠤᠯᠤᠨ ᠬᠡᠷᠡᠭᠯᠡᠬᠦ᠂ ᠠᠯᠤᠰ ᠰᠡᠷᠡᠯ᠎ᠦᠨ ᠮᠡᠷᠭᠡᠵᠢᠯ᠎ᠢᠶᠡᠷ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠱᠠᠯᠠᠪᠳᠠᠭᠤᠯᠤᠨ ᠪᠠᠢᠴᠠᠭᠠᠬᠤ ᠰᠦᠪᠡᠭᠴᠢ᠎ᠶᠢ ᠰᠢᠭ᠌ᠰᠢᠨ ᠪᠠᠢᠴᠠᠭᠠᠬᠤ᠎ᠳᠤ ᠲᠤᠰᠠᠯᠠᠬᠤ ᠵᠡᠷᠭᠡ ᠤᠨᠤᠯ ᠪᠣᠯᠣᠨ ᠮᠡᠷᠭᠡᠵᠢᠯ᠎ᠢ ᠭᠦᠨᠵᠡᠭᠡᠢ ᠨᠠᠷᠢᠯᠢᠭ᠋ ᠰᠣᠷᠣᠯᠴᠠᠵᠠᠢ᠃ ᠡᠭᠦᠨ᠎ᠦ ᠬᠠᠮᠲᠤ ᠠᠰᠠᠭᠤᠳᠠᠯ᠎ᠤᠨ ᠰᠦᠪᠡᠭᠴᠢ᠎ᠶᠢ ᠢᠯᠭᠠᠨ ᠲᠠᠨᠢᠬᠤ᠂ ᠵᠢᠷᠤᠭ᠎ᠤᠨ ᠲᠣᠯᠪᠣ᠎ᠶᠢ ᠮᠠᠭᠠᠳᠯᠠᠨ ᠤᠩᠰᠢᠵᠤ ᠵᠠᠳᠠᠯᠬᠤ ᠵᠡᠷᠭᠡ ᠲᠠᠯ᠎ᠠ᠎ᠪᠠᠷ ᠪᠣᠳᠠᠲᠠᠢ ᠪᠣᠯᠪᠠᠰᠤᠷᠠᠯ᠎ᠤᠨ ᠰᠣᠷᠢᠯᠲᠠ ᠬᠢᠵᠦ᠂ ᠰᠢᠨᠵᠢᠯᠡᠬᠦ ᠤᠬᠠᠭᠠᠨ ᠮᠡᠷᠭᠡᠵᠢᠯ᠎ᠦᠨ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ᠎ᠶᠢᠨ ᠬᠦᠴᠦᠷᠬᠡᠭ ᠶᠡᠬᠡ ᠬᠦᠴᠦᠨ ᠴᠢᠳᠠᠯ᠎ᠢ ᠣᠢᠷ᠎ᠠ ᠵᠠᠢ᠎ᠠᠴᠠ ᠰᠤᠷᠤᠯᠴᠠᠨ ᠣᠢᠯᠠᠭᠠᠪᠠ᠃
ᠳᠠᠷᠠᠭᠠᠴᠢ᠎ᠶᠢᠨ ᠠᠯᠬᠤᠮ᠎ᠳᠤ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢᠴᠠᠭᠠᠬᠤ ᠮᠡᠷᠭᠡᠵᠢᠯ᠎ᠦᠨ ᠳᠡᠮᠵᠢᠯᠭᠡ᠎ᠶᠢᠨ ᠲᠥᠪ᠎ᠡᠴᠡ ᠲᠤᠰ ᠤᠳᠠᠭᠠᠨ᠎ᠤ ᠪᠣᠯᠪᠠᠰᠤᠷᠠᠯ ᠰᠤᠷᠤᠯᠴᠠᠯᠭ᠎ᠠ᠎ᠪᠠᠷ ᠠᠵᠠ ᠲᠣᠬᠢᠶᠠᠯ ᠪᠣᠯᠭᠠᠵᠤ ᠂ ᠲᠡᠷᠢᠭᠦᠨ᠎ᠦ ᠲᠤᠷᠰᠢᠯᠭ᠎ᠠ ᠪᠣᠯᠣᠨ ᠮᠡᠷᠭᠡᠵᠢᠯ᠎ᠦᠨ ᠦᠷ᠎ᠡ ᠪᠦᠲᠦᠭᠡᠯ᠎ᠢ ᠨᠠᠷᠢᠨ ᠬᠢᠨᠠᠮᠠᠭᠠᠢ ᠰᠢᠩᠭᠡᠬᠡᠨ ᠠᠪᠴᠤ ᠂ ᠳᠠᠭᠠᠭᠤᠯᠢ ᠣᠳᠣᠨ᠎ᠤ ᠠᠯᠤᠰ ᠰᠡᠷᠡᠯ ᠵᠡᠷᠭᠡ ᠮᠡᠷᠭᠡᠵᠢᠯ᠎ᠳᠦ ᠰᠠᠭᠤᠷᠢᠯᠠᠭᠰᠠᠨ ᠣᠶᠤᠨᠴᠢ ᠱᠠᠯᠠᠪᠳᠠᠭᠤᠯᠤᠨ ᠪᠠᠢᠴᠠᠭᠠᠯᠲᠠ᠎ᠶᠢᠨ ᠵᠠᠭᠪᠤᠷ᠎ᠢ ᠢᠳᠡᠪᠬᠢᠲᠡᠢ᠎ᠪᠡᠷ ᠰᠦᠪᠡᠭᠴᠢᠯᠡᠨ ᠪᠠᠢᠭᠤᠯᠵᠤ ᠂ ᠬᠣᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠱᠠᠯᠠᠪᠳᠠᠭᠤᠯᠤᠨ ᠪᠠᠢᠴᠠᠭᠠᠬᠤ ᠲᠤᠬᠠᠢᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠬᠤ᠎ᠶᠢ ᠴᠢᠷᠮᠠᠢᠨ ᠠᠬᠢᠭᠤᠯᠵᠤ ᠂ ᠠᠮᠢ ᠠᠬᠤᠢ ᠣᠷᠴᠢᠨ ᠲᠣᠭᠣᠷᠢᠨ᠎ᠤ ᠲᠣᠪᠣᠢᠮ᠎ᠠ ᠠᠰᠠᠭᠤᠳᠠᠯ᠎ᠢ ᠢᠯᠡᠷᠡᠭᠦᠯᠬᠦ ᠪᠠ ᠰᠢᠢᠳᠪᠦᠷᠢᠯᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ ᠂ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠬᠤ ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠳᠦ ᠨᠠᠩ ᠪᠠᠲᠤ ᠪᠡᠬᠢ ᠮᠡᠷᠭᠡᠵᠢᠯ᠎ᠦᠨ ᠪᠠᠲᠤᠯᠠᠭ᠎ᠠ ᠪᠠ ᠲᠤᠯᠭᠠᠭᠤᠷᠢᠯᠠᠯ ᠬᠠᠩᠭᠠᠨ᠎ᠠ ᠃