9 ᠰᠠᠷ᠎ᠠ᠎ᠶᠢᠨ 3᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢᠴᠠᠭᠠᠬᠤ ᠮᠡᠷᠭᠡᠵᠢᠯ᠎ᠦᠨ ᠳᠡᠮᠵᠢᠯᠭᠡ᠎ᠶᠢᠨ ᠲᠥᠪ᠎ᠦᠨ ᠨᠠᠮ᠎ᠤᠨ ᠡᠭᠦᠷ ᠨᠠᠮ᠎ᠤᠨ ᠭᠡᠰᠢᠭᠦᠨ ᠺᠠᠳ᠋ᠷ ᠪᠣᠯᠣᠨ ᠵᠠᠯᠠᠭᠤ ᠺᠠᠳ᠋ᠷᠴᠤᠳ᠎ᠢ ᠵᠣᠬᠢᠶᠠᠨ ᠪᠠᠢᠭᠤᠯᠤᠨ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠶ᠋ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠳᠠᠶ᠋ᠢᠨ ᠢᠯᠠᠯᠲᠠ ᠣᠯᠣᠭᠰᠠᠨ 80 ᠵᠢᠯ᠎ᠦᠨ ᠣᠶ᠎ᠶᠢ ᠳᠤᠷᠠᠰᠬᠠᠬᠤ ᠶᠡᠬᠡ ᠬᠤᠷᠠᠯ᠎ᠤᠨ ᠰᠢᠭᠤᠳ ᠨᠡᠪᠲᠡᠷᠡᠭᠦᠯᠭᠡ᠎ᠶᠢ ᠲᠥᠪᠯᠡᠷᠡᠭᠦᠯᠦᠨ ᠦᠵᠡᠵᠦ᠂ ᠡᠨᠡ ᠬᠦ᠌ ᠠᠭᠤᠤ ᠶᠡᠬᠡ ᠴᠠᠭ ᠮᠥᠴᠡ᠎ᠶᠢ ᠬᠠᠮᠲᠤ᠎ᠪᠠᠷ ᠭᠡᠷᠡᠴᠢᠯᠡᠪᠡ᠃
ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠰᠦᠯᠳᠡ ᠳᠠᠭᠤᠤ ᠳᠠᠭᠤᠯᠠᠬᠤ ᠦᠶ᠎ᠡ᠎ᠳᠦ᠂ ᠤᠯᠠᠨ᠎ᠢᠶᠠᠷ᠎ᠢᠶᠠᠨ ᠤᠬᠠᠮᠰᠠᠷ᠎ᠠᠴᠠ᠎ᠪᠠᠨ ᠪᠣᠰᠴᠤ ᠵᠣᠭᠰᠣᠵᠤ᠂ ᠰᠢᠷᠳᠡᠬᠦ ᠶᠣᠰᠣ᠌ ᠬᠢᠵᠦ᠂ ᠬᠠᠮᠲᠤ᠎ᠪᠠᠷ ᠤᠯᠤᠰ᠎ᠤᠨ ᠰᠦᠯᠳᠡ ᠳᠠᠭᠤᠤ᠎ᠶᠢ ᠳᠠᠭᠤᠯᠠᠪᠠ᠃ ᠳᠠᠷᠠᠭ᠎ᠠ ᠳ᠋ᠤᠨᠢ᠂ ᠤᠯᠠᠨ᠎ᠢᠶᠠᠷ᠎ᠢᠶᠠᠨ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ᠎ᠶᠢ ᠨᠠᠷᠢᠨ ᠬᠢᠨᠠᠮᠠᠭᠠᠢ ᠰᠣᠨᠣᠰᠴᠤ᠂ ᠴᠡᠷᠢᠭ᠎ᠦᠨ ᠵᠢᠭ᠍ᠰᠠᠭᠠᠯ ᠰᠢᠯᠭᠠᠨ ᠦᠵᠡᠬᠦ ᠶᠣᠰᠣᠯᠠᠯ᠎ᠢ ᠰᠣᠨᠢᠷᠬᠠᠪᠠ᠃ ᠤᠯᠠᠨ᠎ᠢᠶᠠᠷ᠎ᠢᠶᠠᠨ ᠴᠡᠷᠢᠭ ᠠᠩᠭᠢ᠎ᠶᠢᠨ ᠡᠷᠡᠰ ᠪᠠᠲᠤ ᠬᠠᠷᠠᠴᠠ᠂ ᠢᠳᠡᠷᠡᠭᠦᠨ ᠠᠯᠬᠤᠭ᠎ᠠ᠂ ᠰᠦᠷ ᠵᠢᠪᠬᠤᠭ᠎ᠠ᠎ᠶᠢ ᠭᠠᠢᠬᠠᠨ ᠪᠢᠰᠢᠷᠡᠵᠦ᠂ ᠰᠡᠳᠬᠢᠯ ᠵᠢᠷᠦᠬᠡᠨ᠎ᠳᠦ ᠨᠢ ᠦᠨᠳᠦᠰᠦᠲᠡᠨ᠎ᠦ ᠣᠮᠣᠭ ᠪᠠᠬᠠᠳᠤᠯᠲᠤ ᠰᠡᠳᠬᠢᠯᠭᠡ ᠠᠶᠠᠨ᠎ᠳᠠᠭᠠᠨ ᠪᠤᠢ ᠪᠣᠯᠵᠤ᠂ ᠳᠣᠭᠳᠣᠯᠤᠭᠰᠠᠨ ᠰᠡᠳᠬᠢᠯᠭᠡ᠎ᠪᠡᠨ ᠦᠭᠡ᠎ᠪᠡᠷ ᠢᠯᠡᠳᠬᠡᠬᠦᠶᠡ ᠪᠡᠷᠬᠡ ᠪᠣᠯᠪᠠ᠃
ᠳᠠᠷᠠᠭ᠎ᠠ ᠳ᠋ᠤᠨᠢ᠂ ᠵᠠᠯᠠᠭᠤᠴᠤᠳ᠎ᠤᠨ ᠤᠨᠤᠯ ᠰᠤᠷᠤᠯᠴᠠᠬᠤ ᠳᠤᠭᠤᠢᠯᠠᠩ᠎ᠤᠨ ᠬᠢᠨ ᠶᠡᠷᠦᠩᠬᠡᠢ ᠱᠦᠵᠢ ᠰᠢ᠎ᠶᠢᠨ ᠫᠢᠩ᠎ᠤᠨ 《 ᠦᠨᠡᠨ 》 ᠰᠡᠳᠬᠦᠯ᠎ᠳᠦ ᠨᠡᠢᠲᠡᠯᠡᠭᠰᠡᠨ 《 ᠶᠠᠫᠤᠨ᠎ᠢ ᠡᠰᠡᠷᠭᠦᠴᠡᠬᠦ ᠠᠭᠤᠤ ᠶᠡᠬᠡ ᠲᠠᠢ᠍ᠢᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠭᠡᠷᠡᠯ ᠰᠠᠴᠤᠷᠠᠩᠭᠤᠢ ᠲᠡᠷᠲᠡᠭᠡ ᠡᠷᠭᠢ ᠲᠡᠢᠰᠢ ᠡᠷᠡᠯᠬᠡᠭᠯᠡᠨ ᠤᠷᠤᠭᠰᠢᠯᠠᠨᠠᠮ 》 ᠭᠡᠬᠦ ᠵᠣᠬᠢᠶᠠᠯ᠎ᠢ ᠵᠣᠬᠢᠶᠠᠨ ᠪᠠᠢᠭᠤᠯᠤᠨ ᠰᠣᠷᠣᠯᠴᠠᠵᠤ᠂ ᠶᠠᠫᠤᠨ᠎ᠢ ᠡᠰᠡᠷᠭᠦᠴᠡᠬᠦ ᠠᠭᠤᠤ ᠶᠡᠬᠡ ᠳᠠᠢ᠍ᠢᠨ᠎ᠦ ᠵᠣᠷᠢᠭ᠋ ᠰᠠᠨᠠᠭᠠᠨ᠎ᠤ ᠭᠣᠣᠯ ᠴᠢᠬᠤᠯᠠ ᠠᠭᠤᠯᠭ᠎ᠠ ᠪᠣᠯᠣᠨ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠵᠤ᠂ ᠬᠤᠪᠢᠰᠬᠠᠯ᠎ᠤᠨ ᠠᠬᠠᠮᠠᠳ ᠦᠶ᠎ᠡ᠎ᠶᠢᠨ ᠬᠢᠨ᠎ᠦ ᠡᠷᠡᠯᠬᠡᠭ ᠪᠠᠭᠠᠲᠤᠷᠯᠢᠭ᠋ ᠵᠣᠷᠢᠭ᠋ ᠰᠠᠨᠠᠭ᠎ᠠ ᠪᠠ ᠠᠭᠤᠤ ᠭᠠᠪᠢᠶ᠎ᠠ ᠠᠤᠭ᠎ᠠ ᠵᠢᠳᠬᠦᠯ᠎ᠢ ᠭᠦᠨ᠎ᠡ ᠳᠤᠷᠠᠰᠤᠨ ᠰᠠᠨᠠᠭᠠᠯᠵᠠᠵᠤ᠂ 《 ᠰᠢᠳᠤᠷᠭᠤ ᠶᠣᠰᠣ᠌ ᠯᠠᠪᠲᠠᠢ ᠢᠯᠠᠨ᠎ᠠ! ᠡᠩᠬᠡ ᠲᠠᠢᠪᠤᠩ ᠯᠠᠪᠲᠠᠢ ᠢᠯᠠᠨ᠎ᠠ! ᠠᠷᠠᠳ ᠲᠦᠮᠡᠨ ᠯᠠᠪᠲᠠᠢ ᠢᠯᠠᠨ᠎ᠠ!》 ᠬᠡᠮᠡᠬᠦ ᠠᠭᠤᠤ ᠶᠡᠬᠡ ᠦᠨᠡᠨ ᠶᠣᠰᠣ᠌᠎ᠶᠢ ᠡᠷᠡᠮᠡᠬᠡᠢᠯᠡᠨ ᠤᠷᠤᠭᠰᠢᠯᠠᠬᠤ ᠵᠣᠷᠢᠭ᠋ ᠰᠠᠨᠠᠭᠠᠨ᠎ᠤ ᠵᠢᠯᠣᠭᠣᠳᠤᠯᠭ᠎ᠠ᠂ ᠠᠵᠢᠯ ᠬᠢᠵᠦ ᠦᠢᠯᠡᠰ ᠪᠣᠰᠬᠠᠬᠤ ᠠᠵᠢᠯᠯᠠᠭᠠᠨ᠎ᠤ ᠤᠬᠠᠮᠰᠠᠷ ᠪᠣᠯᠣᠨ ᠤᠯᠤᠰ ᠭᠡᠷ᠎ᠢᠶᠡᠨ ᠰᠠᠬᠢᠨ ᠬᠠᠮᠠᠭᠠᠯᠠᠬᠤ ᠬᠠᠷᠢᠭᠤᠴᠠᠯᠭ᠎ᠠ ᠡᠭᠦᠷᠭᠡᠯᠡᠯ ᠪᠣᠯᠭᠠᠨ ᠬᠤᠪᠢᠷᠠᠭᠤᠯᠵᠤ᠂ ᠤᠯᠤᠰ ᠲᠦᠷᠦ᠎ᠶᠢᠨ ᠲᠠᠯ᠎ᠠ᠎ᠪᠠᠷ ᠴᠢᠩᠭ᠎ᠠ᠂ ᠡᠷᠳᠡᠮ ᠴᠢᠳᠠᠪᠤᠷᠢ᠎ᠪᠠᠷ ᠥᠨᠳᠥᠷ᠂ ᠣᠪᠣᠷ ᠰᠤᠷᠲᠠᠯ᠎ᠢᠶᠠᠷ ᠴᠢᠩᠭ᠎ᠠ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠵᠣᠪᠠᠭᠤᠷᠢ᠎ᠶᠢ ᠣᠨᠴᠠᠭᠠᠢ ᠠᠮᠰᠠᠬᠤ᠂ ᠪᠠᠢᠯᠳᠤᠵᠤ ᠳᠡᠶ᠋ᠢᠯᠬᠦ᠂ ᠬᠤᠪᠢ ᠨᠡᠮᠡᠷᠢ ᠦᠵᠡᠭᠦᠯᠵᠦ ᠳᠡᠶ᠋ᠢᠯᠬᠦ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠱᠠᠯᠠᠪᠳᠠᠭᠤᠯᠤᠨ ᠪᠠᠢᠴᠠᠭᠠᠬᠤ ᠨᠢᠭᠡᠨ ᠰᠠᠯᠠᠭ᠎ᠠ ᠲᠡᠮᠦᠷ ᠠᠷᠮᠢ᠎ᠶᠢ ᠬᠦᠴᠦᠯᠡᠨ ᠪᠠᠢᠭᠤᠯᠤᠨ᠎ᠠ᠃