ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠢ ᠱᠠᠯᠠᠪᠳᠠᠭᠤᠯᠤᠨ ᠪᠠᠶ᠋ᠢᠴᠠᠭᠠᠬᠤ ᠮᠡᠷᠭᠡᠵᠢᠯ᠎ᠤᠨ ᠳᠡᠮᠵᠢᠯᠭᠡ
ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢᠴᠠᠭᠠᠬᠤ ᠮᠡᠷᠭᠡᠵᠢᠯ᠎ᠦᠨ ᠳᠡᠮᠵᠢᠯᠭᠡ᠎ᠶᠢᠨ ᠲᠥᠪ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠰᠢᠷᠢᠰ ᠠᠵᠢᠯᠯᠠᠭ᠎ᠠ ᠵᠢᠴᠢ 《 ᠳᠦᠷᠢᠮ ᠲᠣᠭᠲᠠᠭᠠᠯ᠎ᠢ ᠰᠠᠬᠢᠵᠤ ᠴᠡᠭᠡᠷ᠎ᠢ ᠮᠡᠳᠡᠬᠦ᠂ ᠠᠷᠢᠭᠤᠨ ᠴᠢᠬᠡᠴᠢ᠎ᠪᠡᠷ ᠪᠡᠶ᠎ᠡ᠎ᠪᠡᠨ ᠪᠠᠷᠢᠬᠤ᠎ᠶᠢ ᠳᠡᠭᠡᠭᠰᠢᠯᠡᠭᠦᠯᠬᠦ ᠭᠠᠷᠠᠭ 》᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2026-01-24

      ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠰᠤᠷᠲᠠᠯ ᠪᠠ ᠴᠢᠬᠡᠴᠢ ᠵᠠᠰᠠᠭ᠎ᠤᠨ ᠪᠠᠢᠭᠤᠯᠤᠯᠲᠠ᠎ᠶᠢ ᠠᠬᠢᠭᠤᠯᠵᠤ᠂ ᠱᠠᠯᠠᠪᠳᠠᠭᠤᠯᠤᠨ ᠪᠠᠢᠴᠠᠭᠠᠬᠤ ᠺᠠᠳ᠋ᠷ᠎ᠤᠨ ᠡᠩᠨᠡᠭᠡ᠎ᠶᠢᠨ ᠤᠨᠤᠯ᠎ᠢᠶᠠᠷ ᠵᠡᠪᠰᠡᠭᠯᠡᠬᠦ ᠪᠠ ᠰᠠᠬᠢᠯᠭ᠎ᠠ ᠪᠠᠲᠤ᠎ᠶᠢᠨ ᠤᠬᠠᠮᠰᠠᠷ᠎ᠢ ᠴᠢᠩᠭᠠᠳᠬᠠᠬᠤ᠎ᠶᠢᠨ ᠲᠥᠯᠥᠭᠡ᠂ ᠣᠢᠷ᠎ᠠ᠎ᠶᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢᠴᠠᠭᠠᠬᠤ ᠮᠡᠷᠭᠡᠵᠢᠯ᠎ᠦᠨ ᠳᠡᠮᠵᠢᠯᠭᠡ᠎ᠶᠢᠨ ᠲᠥᠪ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠪᠠᠷ ᠭᠣᠣᠯ ᠰᠡᠳᠦᠪ ᠪᠣᠯᠭᠠᠵᠤ᠂ 《 ᠳᠦᠷᠢᠮ ᠲᠣᠭᠲᠠᠭᠠᠯ᠎ᠢ ᠰᠠᠬᠢᠵᠤ ᠴᠡᠭᠡᠷ᠎ᠢ ᠮᠡᠳᠡᠬᠦ᠂ ᠠᠷᠢᠭᠤᠨ ᠴᠢᠬᠡᠴᠢ᠎ᠪᠡᠷ ᠪᠡᠶ᠎ᠡ᠎ᠪᠡᠨ ᠪᠠᠷᠢᠬᠤ᠎ᠶᠢ ᠳᠡᠭᠡᠭᠰᠢᠯᠡᠭᠦᠯᠬᠦ ᠭᠠᠷᠠᠭ 》᠎ᠤᠨ ᠰᠤᠷᠤᠯᠴᠠᠯᠭ᠎ᠠ ᠬᠥᠮᠦᠵᠢᠯ᠎ᠦᠨ ᠠᠵᠢᠯᠯᠠᠭ᠎ᠠ᠎ᠶᠢ ᠲᠥᠪᠯᠡᠷᠡᠭᠦᠯᠦᠨ ᠥᠷᠨᠢᠭᠦᠯᠵᠡᠢ᠃
      ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠠᠢᠲᠤᠷ ᠠᠳᠬᠤᠪᠠ
ᠨᠠᠮ᠎ᠤᠨ ᠡᠭᠦᠷ᠎ᠦᠨ ᠱᠦᠵᠢ 《 ᠨᠢᠭᠡᠳᠦᠭᠡᠷ ᠬᠠᠷᠢᠭᠤᠴᠠᠯᠭᠠᠲᠠᠨ 》᠎ᠤ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠬᠡᠵᠦ᠂ ᠳᠡᠭᠡᠳᠦ ᠱᠠᠲᠤ ᠨᠢ ᠳᠣᠣᠷᠠᠳᠤ ᠱᠠᠲᠤ᠎ᠪᠠᠨ ᠳᠠᠭᠠᠭᠤᠯᠬᠤ᠎ᠶᠢ ᠪᠠᠷᠢᠮᠲᠠᠯᠠᠨ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶᠢᠨ ᠡᠭᠦᠷᠭᠡ ᠵᠡᠷᠭᠡ ᠲᠠᠯ᠎ᠠ᠎ᠪᠠᠷ ᠭᠣᠣᠯᠯᠠᠭᠤᠯᠤᠨ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠯᠲᠠ ᠥᠷᠨᠢᠭᠦᠯᠵᠦ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠲᠤᠬᠠᠢ ᠰᠢᠨ᠎ᠡ ᠪᠠᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ᠎ᠶᠢ ᠭᠦᠨᠵᠡᠭᠡᠢ ᠣᠢᠯᠠᠭᠠᠪᠠ᠃ ᠭᠣᠣᠯ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠵᠤ᠂ ᠰᠢᠨ᠎ᠡ ᠪᠠᠢᠳᠠᠯ ᠳᠣᠣᠷᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠱᠠᠯᠠᠪᠳᠠᠭᠤᠯᠤᠨ ᠪᠠᠢᠴᠠᠭᠠᠬᠤ ᠪᠠ ᠲᠥᠪ᠎ᠦᠨ ᠲᠣᠭᠣᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ ᠠᠵᠢᠯ᠎ᠤᠨ ᠳᠤᠮᠳᠠ ᠡᠭᠦᠷᠭᠡ ᠴᠢᠳᠠᠪᠬᠢ᠎ᠶᠢᠨ ᠪᠠᠢᠷᠢ ᠲᠣᠭᠲᠠᠭᠠᠯᠲᠠ᠎ᠶᠢ ᠬᠡᠷᠬᠢᠨ ᠲᠣᠭᠲᠠᠭᠠᠬᠤ᠂ ᠲᠤᠯᠭᠠᠭᠤᠷᠢᠯᠠᠯ᠎ᠤᠨ ᠪᠠᠲᠤᠯᠠᠭ᠎ᠠ᠎ᠶᠢ ᠬᠡᠷᠬᠢᠨ ᠬᠠᠩᠭᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠠᠵᠢᠯ᠎ᠤᠨ ᠰᠡᠳᠬᠢᠴᠡ᠎ᠪᠡᠨ ᠴᠢᠨᠠᠭᠰᠢᠳᠠ ᠥᠷᠭᠡᠳᠬᠡᠵᠦ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢᠶᠡᠨ ᠬᠤᠪᠢᠷᠠᠭᠤᠯᠬᠤ᠎ᠶᠢ ᠠᠬᠢᠭᠤᠯᠪᠠ᠃
      ᠰᠢ᠎ᠶᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ᠂ ᠬᠠᠤᠯᠢ ᠴᠠᠭᠠᠵᠠ᠎ᠶᠢ ᠲᠦᠭᠡᠮᠡᠯᠵᠢᠭᠦᠯᠬᠦ ᠤᠬᠠᠭᠤᠯᠭ᠎ᠠ᠎ᠶᠢᠨ ᠠᠵᠢᠯᠯᠠᠭ᠎ᠠ᠎ᠶᠢ ᠢᠳᠡᠪᠬᠢᠲᠡᠢ ᠥᠷᠨᠢᠭᠦᠯᠪᠡ
      《 ᠦᠨᠳᠦᠰᠦᠨ ᠬᠠᠤᠯᠢ᠎ᠶᠢᠨ ᠤᠬᠠᠭᠤᠯᠭ᠎ᠠ᠎ᠶᠢᠨ ᠭᠠᠷᠠᠭ 》᠎ᠤᠨ ᠠᠵᠢᠯ᠎ᠤᠨ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠰᠢ᠎ᠶᠢᠨ ᠫᠢᠩ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠳᠤ ᠭᠠᠷᠭᠠᠭᠰᠠᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠵᠢᠴᠢ ᠲᠥᠪ᠎ᠦᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠲᠥᠪᠯᠡᠷᠡᠭᠦᠯᠦᠨ ᠰᠤᠷᠤᠯᠴᠠᠬᠤ᠎ᠶᠢᠨ ᠲᠥᠯᠥᠭᠡ᠂ 《 ᠦᠨᠳᠦᠰᠦᠨ ᠬᠠᠤᠯᠢ᠎ᠶᠢᠨ ᠵᠣᠷᠢᠭ᠋ ᠰᠠᠨᠠᠭᠠᠨ᠎ᠤ ᠬᠠᠤᠯᠢᠵᠢᠯ᠎ᠤᠨ ᠬᠦᠴᠦᠨ︱2025 ᠣᠨ᠎ᠤ ᠬᠠᠤᠯᠢᠵᠢᠯ᠎ᠤᠨ ᠬᠥᠮᠥᠨ 》 ᠭᠡᠬᠦ ᠣᠨᠴᠠᠭᠠᠢ ᠫᠷᠣᠭ᠌ᠷᠠᠮ᠎ᠢ ᠵᠣᠬᠢᠶᠠᠨ ᠪᠠᠢᠭᠤᠯᠤᠨ ᠦᠵᠡᠵᠦ᠂ ᠪᠦᠬᠦ ᠺᠠᠳ᠋ᠷᠴᠤᠳ᠎ᠤᠨ ᠬᠠᠤᠯᠢᠵᠢᠯ᠎ᠤᠨ ᠤᠬᠠᠮᠰᠠᠷ ᠪᠣᠯᠣᠨ ᠬᠠᠤᠯᠢᠵᠢᠯ᠎ᠤᠨ ᠬᠡᠪ ᠪᠣᠯᠪᠠᠰᠤᠷᠠᠯ᠎ᠢᠶᠠᠨ ᠴᠢᠩᠭᠠᠳᠬᠠᠬᠤ ᠪᠠ ᠬᠥᠮᠥᠵᠢᠭᠦᠯᠬᠦ᠎ᠶᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠱᠠᠯᠠᠪᠳᠠᠭᠤᠯᠤᠨ ᠪᠠᠢᠴᠠᠭᠠᠬᠤ ᠠᠵᠢᠯ᠎ᠤᠨ ᠬᠠᠤᠯᠢᠵᠢᠯ᠎ᠤᠨ ᠲᠦᠪᠰᠢᠨ᠎ᠢ ᠳᠡᠭᠡᠭᠰᠢᠯᠡᠭᠦᠯᠬᠦ᠎ᠶᠢ ᠠᠬᠢᠭᠤᠯᠪᠠ᠃
      ᠲᠥᠪ ᠬᠣᠷᠢᠶᠠᠨ᠎ᠤ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ᠂ ᠰᠤᠷᠭᠠᠨ ᠬᠥᠮᠦᠵᠢᠯ᠎ᠦᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠪᠡ
      ᠰᠡᠷᠡᠮᠵᠢᠯᠡᠭᠦᠯᠬᠦ ᠬᠥᠮᠦᠵᠢᠯ᠎ᠢᠶᠡᠷ ᠭᠠᠷᠳᠠᠴᠠ ᠪᠣᠯᠭᠠᠨ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠷᠢᠶ᠎ᠡ᠂ ᠠᠮᠢ ᠠᠬᠤᠢ ᠣᠷᠴᠢᠨ ᠲᠣᠭᠣᠷᠢᠨ᠎ᠤ ᠬᠦᠷᠢᠶ᠎ᠡ ᠪᠠ ᠵᠠᠯᠠᠭᠤ ᠺᠠᠳ᠋ᠷᠴᠤᠳ ᠵᠡᠷᠭᠡ ᠰᠠᠬᠢᠯᠭ᠎ᠠ ᠪᠠᠲᠤ᠎ᠶᠢ ᠵᠥᠷᠢᠴᠡᠵᠦ ᠬᠠᠤᠯᠢ ᠴᠠᠭᠠᠵᠠ᠎ᠶᠢ ᠵᠥᠷᠢᠴᠡᠭᠰᠡᠨ ᠭᠤᠷᠪᠠᠨ ᠲᠦᠷᠦᠯ᠎ᠦᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠵᠣᠬᠢᠶᠠᠨ ᠪᠠᠢᠭᠤᠯᠤᠨ ᠰᠤᠷᠤᠯᠴᠠᠵᠤ᠂ ᠬᠡᠷᠡᠭ᠎ᠢᠶᠡᠷ ᠲᠣᠯᠢ ᠪᠣᠯᠭᠠᠨ ᠥᠪᠡᠷ᠎ᠢ᠎ᠪᠡᠨ ᠬᠢᠵᠠᠭᠠᠷᠯᠠᠬᠤ᠎ᠶᠢ ᠴᠢᠩᠭᠠᠳᠬᠠᠵᠤ᠂ ᠪᠡᠶ᠎ᠡ᠎ᠪᠡᠨ ᠪᠠᠷᠢᠬᠤ ᠤᠬᠠᠮᠰᠠᠷ᠎ᠢᠶᠠᠨ ᠴᠢᠩᠭᠠᠳᠬᠠᠵᠤ᠂ ᠵᠥᠪ ᠠᠮᠢᠳᠤᠷᠠᠬᠤᠢ᠎ᠶᠢᠨ ᠦᠵᠡᠯᠲᠡ᠂ ᠦᠷᠳᠡᠭ᠎ᠦᠨ ᠦᠵᠡᠯᠲᠡ᠎ᠶᠢ ᠪᠤᠢ ᠪᠣᠯᠭᠠᠪᠠ᠃ ᠰᠤᠳᠤᠯᠤᠨ ᠶᠠᠷᠢᠯᠴᠠᠵᠤ ᠰᠣᠯᠢᠯᠴᠠᠬᠤ ᠳᠤᠮᠳᠠ᠂ ᠤᠯᠠᠨ᠎ᠢᠶᠠᠷ᠎ᠢᠶᠠᠨ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠨᠢᠭ᠍ᠲᠠ ᠤᠶᠠᠯᠳᠤᠭᠤᠯᠤᠨ᠂ ᠭᠣᠣᠯ ᠰᠡᠳᠦᠪ᠎ᠲᠠᠢ ᠤᠶᠠᠯᠳᠤᠭᠤᠯᠤᠨ ᠲᠠᠨᠢᠯᠲᠠ᠎ᠪᠠᠨ ᠶᠠᠷᠢᠯᠴᠠᠵᠤ᠂ ᠲᠤᠰᠢᠶᠠᠯ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠤᠨ ᠲᠥᠷᠥᠭᠳᠡᠯ᠎ᠢᠶᠡᠨ ᠶᠠᠷᠢᠯᠴᠠᠵᠤ᠂ ᠠᠵᠢᠯ᠎ᠤᠨ ᠲᠤᠷᠰᠢᠯᠭ᠎ᠠ᠎ᠪᠠᠨ ᠬᠤᠪᠢᠶᠠᠯᠴᠠᠵᠤ᠂ ᠢᠯᠵᠠᠷᠠᠯ᠎ᠢ ᠡᠰᠡᠷᠭᠦᠴᠡᠨ ᠬᠤᠪᠢᠷᠠᠬᠤ᠎ᠶᠢ ᠰᠡᠷᠭᠡᠢᠯᠡᠬᠦ ᠦᠵᠡᠯ ᠰᠠᠨᠠᠭᠠᠨ᠎ᠤ ᠬᠠᠰᠢᠯᠭ᠎ᠠ᠎ᠶᠢ ᠪᠠᠲᠤ ᠴᠣᠭᠴᠠᠯᠠᠪᠠ᠃
      ᠲᠣᠰ ᠤᠳᠠᠭᠠᠨ᠎ᠤ 《 ᠳᠦᠷᠢᠮ ᠲᠣᠭᠲᠠᠭᠠᠯ᠎ᠢ ᠰᠠᠬᠢᠵᠤ ᠴᠡᠭᠡᠷᠯᠡᠯ᠎ᠢ ᠮᠡᠳᠡᠬᠦ᠂ ᠠᠷᠢᠭᠤᠨ ᠴᠢᠬᠡᠴᠢ᠎ᠪᠡᠷ ᠪᠡᠶ᠎ᠡ᠎ᠪᠡᠨ ᠪᠠᠷᠢᠬᠤ᠎ᠶᠢ ᠳᠡᠭᠡᠭᠰᠢᠯᠡᠭᠦᠯᠬᠦ ᠭᠠᠷᠠᠭ 》᠎ᠤᠨ ᠰᠤᠷᠤᠯᠴᠠᠯᠭ᠎ᠠ ᠬᠥᠮᠦᠵᠢᠯ᠎ᠦᠨ ᠠᠵᠢᠯᠯᠠᠭ᠎ᠠ᠎ᠶᠢᠨ ᠠᠭᠤᠯᠭ᠎ᠠ ᠨᠢ ᠪᠠᠶᠠᠯᠢᠭ᠋᠂ ᠬᠡᠯᠪᠡᠷᠢ ᠨᠢ ᠣᠯᠠᠨ ᠶᠠᠩᠵᠤ᠎ᠶᠢᠨ ᠪᠠᠢᠵᠤ᠂ ᠵᠢᠱ᠌ᠢᠭᠰᠡᠨ ᠦᠷ᠎ᠡ ᠪᠦᠲᠦᠮᠵᠢ᠎ᠳᠦ ᠦᠨᠳᠦᠰᠦᠨ᠎ᠳᠡᠭᠡᠨ ᠭᠦᠷᠦᠭᠰᠡᠨ ᠪᠠᠢᠨ᠎ᠠ᠃ ᠲᠠᠷᠠᠭᠠᠴᠢ᠎ᠶᠢᠨ ᠠᠯᠬᠤᠮ᠎ᠳᠤ᠂ ᠲᠥᠪ᠎ᠡᠴᠡ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭᠠᠨ᠎ᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ᠂ ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ᠎ᠶᠢ ᠤᠯᠠᠮ ᠨᠢᠭᠡ ᠠᠯᠬᠤᠮ ᠨᠢᠭ᠍ᠲᠠᠷᠠᠭᠤᠯᠤᠨ᠂ ᠠᠵᠢᠯ ᠬᠢᠵᠦ ᠦᠢᠯᠡᠰ ᠪᠣᠰᠬᠠᠬᠤ ᠬᠥᠳᠡᠯᠭᠡᠬᠦ ᠬᠦᠴᠦᠨ᠎ᠢ ᠬᠥᠭᠵᠢᠭᠡᠵᠦ᠂ ᠨᠠᠩ ᠨᠠᠷᠢᠨ ᠬᠢᠨᠠᠮᠠᠭᠠᠢ ᠯᠠᠪᠳᠠᠭᠤᠨ ᠪᠠᠲᠤᠲᠠᠢ ᠠᠵᠢᠯ᠎ᠤᠨ ᠰᠤᠷᠲᠠᠯ᠎ᠢᠶᠠᠷ ᠡᠯ᠎ᠡ ᠵᠦᠢᠯ᠎ᠦᠨ ᠠᠵᠢᠯ᠎ᠤᠨ ᠡᠭᠦᠷᠭᠡ᠎ᠪᠡᠨ ᠪᠡᠶᠡᠯᠡᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号