ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠴᠦᠯᠯᠡᠷᠭᠡᠭᠵᠢᠯ᠎ᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ ᠠᠵᠢᠯ᠎ᠢ ᠴᠢᠩᠭ᠋ᠠᠳᠬᠠᠬᠤ ᠪᠠ 〈ᠤᠮᠠᠷᠠᠲᠤ ᠵᠢᠨ ᠭᠤᠷᠪᠠᠨ ᠣᠷᠣᠨ〉 ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠲᠤᠬᠠᠢ ᠰᠠᠨᠠᠯ》᠎ᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠴᠦᠯᠯᠡᠷᠭᠡᠭᠵᠢᠯ᠎ᠢ ᠰᠡᠷᠭᠡᠢ᠌ᠯᠡᠨ ᠵᠠᠰᠠᠬᠤ᠎ᠳᠤ ᠬᠢᠨᠠᠯᠲᠠ ᠲᠠᠯᠪᠢᠬᠤ ᠡᠭᠦᠷᠭᠡ ᠴᠢᠳᠠᠪᠬᠢ ᠵᠢ ᠭᠦᠢ᠍ᠴᠡᠳᠬᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠬᠦᠷᠢᠶᠡᠯᠡᠩ᠎ᠠᠴᠠ 2024 ᠣᠨ᠎ᠤ 8 ᠰᠠᠷ᠎ᠠ ᠵᠢᠨ 22 — 28᠎ᠤ ᠡᠳᠦᠷ ᠪᠣᠯᠲᠠᠯ᠎ᠠ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠢ ᠵᠣᠬᠢᠶᠠᠨ ᠪᠠᠢ᠌ᠭᠤᠯᠵᠤ ᠬᠣᠷᠴᠢᠨ᠂ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠲᠤ ᠬᠦᠷᠴᠦ ᠴᠦᠯᠯᠡᠷᠭᠡᠭᠵᠢᠯ᠎ᠤᠨ ᠠᠮᠢ ᠠᠬᠤᠢ ᠵᠢᠨ ᠬᠢᠨᠠᠯᠲᠠ ᠬᠠᠮᠢᠶᠠᠷᠤᠯᠲᠠ ᠵᠢᠴᠢ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠰᠡᠷᠭᠡᠢ᠌ᠯᠡᠨ ᠵᠠᠰᠠᠭᠰᠠᠨ ᠦᠷ᠎ᠡ ᠪᠦᠲᠦᠮᠵᠢ ᠵᠢᠨ ᠲᠤᠰᠬᠠᠢ ᠰᠡᠳᠦᠪᠲᠦ ᠪᠠᠢ᠌ᠴᠠᠭ᠋ᠠᠨ ᠰᠤᠳᠤᠯᠤᠯᠲᠠ ᠵᠢ ᠥᠷᠨᠢᠭᠦᠯᠪᠡ᠃
ᠪᠠᠢ᠌ᠴᠠᠭ᠋ᠠᠨ ᠰᠤᠳᠤᠯᠤᠯᠲᠠ ᠬᠢᠬᠦ᠎ᠳᠤ ᠶᠠᠷᠢᠯᠴᠠᠬᠤ ᠪᠠ ᠰᠤᠷᠪᠤᠯᠵᠢᠯᠠᠨ ᠶᠠᠷᠢᠯᠴᠠᠬᠤ᠂ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠢ᠌ᠴᠠᠭ᠋ᠠᠬᠤ᠂ ᠮᠠᠯᠴᠢᠨ ᠡᠷᠦᠬᠡ᠎ᠪᠠᠷ ᠰᠤᠷᠪᠤᠯᠵᠢᠯᠠᠬᠤ᠂ ᠪᠢᠴᠢᠭ᠎ᠤᠨ ᠬᠡᠯᠪᠡᠷᠢ᠎ᠪᠠᠷ ᠪᠠᠢ᠌ᠴᠠᠭ᠋ᠠᠨ ᠰᠤᠳᠤᠯᠤᠯᠲᠠ ᠬᠢᠬᠦ ᠵᠡᠷᠭᠡ ᠵᠢ ᠤᠶᠠᠯᠳᠤᠭᠤᠯᠬᠤ ᠠᠷᠭ᠎ᠠ ᠬᠡᠯᠪᠡᠷᠢ ᠵᠢ ᠠᠪᠴᠤ᠂ ᠤᠮᠠᠷᠠᠲᠤ ᠵᠢᠨ ᠭᠤᠷᠪᠠᠨ ᠣᠷᠣᠨ᠎ᠤ ᠢᠨᠵᠧᠨᠧᠷᠢᠩ᠎ᠢ ᠨᠠᠢ᠌ᠳᠠᠪᠤᠷᠢᠵᠢᠭᠤᠯᠤᠨ ᠬᠡᠷᠡᠭᠵᠢᠭᠦᠯᠦᠭᠰᠡᠨ ᠪᠠᠶ᠋ᠢᠳᠠᠯ᠎ᠢ ᠪᠥᠬᠥ ᠲᠠᠯ᠎ᠠ᠎ᠪᠠᠷ᠂ ᠤᠯᠠᠨ ᠲᠠᠰ ᠳᠠᠪᠬᠤᠷᠭ᠎ᠠ᠎ᠪᠠᠷ ᠣᠢ᠌ᠯᠠᠭ᠋ᠠᠵᠤ᠂ ᠣᠲᠣ ᠵᠢᠨ ᠪᠠᠢ᠌ᠭ᠎ᠠ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠴᠢ ᠲᠤᠷᠰᠢᠯᠭ᠎ᠠ ᠠᠷᠭ᠎ᠠ ᠬᠢᠳᠡᠯ ᠵᠢᠴᠢ ᠴᠦᠯᠯᠡᠷᠭᠡᠭᠵᠢᠯ᠎ᠢ ᠰᠡᠷᠭᠡᠢ᠌ᠯᠡᠨ ᠵᠠᠰᠠᠬᠤ ᠢᠨᠵᠧᠨᠧᠷᠢᠩ᠎ᠤᠨ ᠬᠠᠮᠢᠶᠠᠷᠤᠯᠲᠠ ᠵᠢᠨ ᠠᠵᠢᠯᠯᠠᠭ᠋ᠠᠨ᠎ᠤ ᠳᠤᠮᠳᠠᠬᠢ ᠭᠣᠣᠯ ᠬᠦᠴᠢᠷᠳᠡᠯ᠎ᠢ ᠣᠢ᠌ᠯᠠᠭ᠋ᠠᠵᠤ᠂ ᠵᠠᠰᠠᠭ᠎ᠤᠨ ᠣᠷᠳᠣᠨ᠂ ᠠᠵᠤ ᠠᠬᠤᠢ᠌ᠯᠠᠯ ᠪᠠ ᠪᠤᠰᠤᠳ ᠠᠵᠢᠯ ᠡᠷᠬᠢᠯᠡᠭᠰᠡᠳ᠎ᠤᠨ ᠴᠦᠯᠯᠡᠷᠭᠡᠭᠵᠢᠯ᠎ᠢ ᠰᠡᠷᠭᠡᠢ᠌ᠯᠡᠨ ᠵᠠᠰᠠᠬᠤ ᠢᠨᠵᠧᠨᠧᠷᠢᠩ᠎ᠤᠨ ᠬᠠᠮᠢᠶᠠᠷᠤᠯᠲᠠ ᠵᠢᠨ ᠠᠵᠢᠯᠯᠠᠭ᠋ᠠᠨ᠎ᠤ ᠲᠤᠬᠠᠢ ᠬᠦᠰᠡᠯ ᠱᠠᠭ᠋ᠠᠷᠳᠠᠯᠭ᠎ᠠ ᠵᠢ ᠣᠢ᠌ᠯᠠᠭ᠋ᠠᠵᠤ᠂ ᠬᠣᠯᠪᠣᠭᠳᠠᠯ ᠪᠦᠬᠦᠢ ᠰᠠᠨᠠᠯ ᠪᠠ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠵᠢ ᠰᠣᠨᠣᠰᠪᠠ᠃ ᠬᠣᠷᠴᠢᠨ᠎ᠤ ᠡᠯᠡᠰᠦᠷᠬᠡᠭ ᠭᠠᠵᠠᠷ᠎ᠢ ᠰᠥᠨᠥᠭᠡᠬᠦ ᠪᠠᠢ᠌ᠯᠳᠤᠭ᠋ᠠᠨ᠎ᠤ ᠳᠦᠷᠦᠯ ᠵᠦᠢ᠍ᠯ᠎ᠤᠨ ᠲᠣᠭᠣᠷᠢᠭ᠎ᠲᠤ ᠬᠣᠷᠴᠢᠨ ᠵᠡᠭᠦᠨ ᠭᠠᠷᠤᠨ ᠬᠣᠢ᠌ᠲᠤ ᠬᠣᠰᠢᠭᠤᠨ᠎ᠤ ᠨᠤᠭᠤᠰᠤᠲᠠᠢ᠂ ᠬᠣᠷᠴᠢᠨ ᠲᠣᠭᠣᠷᠢᠭ᠎ᠤᠨ ᠪᠣᠷᠣ ᠬᠤᠳᠳᠤᠭ ᠭᠠᠴᠠᠭ᠎ᠠ᠂ ᠵᠠᠷᠤᠳ ᠬᠣᠰᠢᠭᠤᠨ᠎ᠤ ᠨᠠᠷᠢᠨ ᠭᠠᠴᠠᠭ᠎ᠠ ᠵᠢᠨ ᠡᠯᠡᠰᠦ ᠵᠢ ᠵᠠᠰᠠᠭᠰᠠᠨ ᠬᠡᠪ ᠵᠠᠭᠪᠤᠷ ᠪᠣᠯᠣᠨ ᠰᠡᠷᠭᠡᠢ᠌ᠯᠡᠨ ᠵᠠᠰᠠᠭᠰᠠᠨ ᠦᠷ᠎ᠡ ᠪᠦᠲᠦᠮᠵᠢ ᠵᠢ ᠭᠣᠣᠯᠳᠠᠯᠭ᠎ᠠ᠎ᠲᠠᠢ ᠰᠢᠨᠵᠢᠯᠡᠨ ᠪᠠᠢ᠌ᠴᠠᠭ᠋ᠠᠪᠠ᠃ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠬᠦ ᠪᠠᠢ᠌ᠯᠳᠤᠭ᠋ᠠᠨ᠎ᠤ ᠳᠦᠷᠦᠯ ᠵᠦᠢ᠍ᠯ᠎ᠤᠨ ᠲᠣᠭᠣᠷᠢᠭ᠎ᠲᠤ ᠲᠤᠯᠤᠨ ᠨᠠᠭᠤᠷ᠎ᠤᠨ ᠵᠠᠭᠤᠨ ᠲᠦᠮᠡᠨ ᠮᠦ᠍ ᠵᠢᠨ ᠬᠠᠶ᠋ᠢᠯᠠᠷ ᠨᠠᠷᠠᠰᠤ ᠵᠢ ᠣᠶ᠋ᠢᠵᠢᠭᠤᠯᠬᠤ ᠢᠨᠵᠧᠨᠧᠷᠢᠩ᠂ ᠠᠵᠤ ᠠᠬᠤᠢ᠌ᠯᠠᠯ᠎ᠤᠨ ᠣᠢ᠌ᠵᠢᠭᠤᠯᠵᠤ ᠡᠯᠡᠰᠦ ᠵᠢ ᠵᠠᠰᠠᠬᠤ ᠴᠡᠭ ᠵᠢᠴᠢ ᠰᠢᠯᠤᠭᠤᠨ ᠬᠥᠬᠡ ᠬᠣᠰᠢᠭᠤᠨ᠎ᠤ ᠨᠤᠲᠤᠭ ᠪᠡᠯᠴᠢᠭᠡᠷ᠎ᠤᠨ ᠠᠮᠢ ᠠᠬᠤᠢ ᠵᠢ ᠰᠡᠷᠭᠦᠭᠡᠨ ᠵᠠᠰᠠᠬᠤ ᠣᠷᠣᠨ᠂ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠭᠣᠣᠯᠳᠠᠯᠭ᠎ᠠ᠎ᠲᠠᠢ ᠰᠢᠨᠵᠢᠯᠡᠨ ᠪᠠᠢ᠌ᠴᠠᠭ᠋ᠠᠬᠤ ᠵᠢᠨ ᠬᠠᠮᠲᠤ ᠮᠠᠯᠵᠢᠬᠤ ᠡᠷᠦᠭᠡ ᠵᠢ ᠰᠤᠷᠪᠤᠯᠵᠢᠯᠠᠵᠤ᠂ ᠦᠨᠳᠦᠰᠦᠨ ᠱᠠᠲᠤᠨ᠎ᠤ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠭᠰᠠᠨ ᠲᠤᠷᠰᠢᠯᠭ᠎ᠠ ᠪᠣᠯᠣᠨ ᠦᠷ᠎ᠡ ᠠᠰᠢᠭ᠎ᠤᠨ ᠭᠠᠷᠤᠯᠲᠠ ᠵᠢᠨ ᠪᠠᠶ᠋ᠢᠳᠠᠯ᠎ᠢ ᠨᠠᠷᠢᠨ ᠣᠢ᠌ᠯᠠᠭ᠋ᠠᠪᠠ᠃
ᠲᠤᠰ ᠤᠳᠠᠭ᠋ᠠᠨ᠎ᠤ ᠲᠤᠰᠬᠠᠢ ᠰᠡᠳᠦᠪᠲᠦ ᠪᠠᠢ᠌ᠴᠠᠭ᠋ᠠᠨ ᠰᠤᠳᠤᠯᠤᠯᠲᠠ᠎ᠪᠠᠷ ᠳᠡᠮᠵᠢᠨ᠂ ᠣᠷᠣᠨ ᠨᠤᠲᠤᠭ᠎ᠤᠨ ᠡᠯᠡᠰᠦ ᠵᠢ ᠰᠡᠷᠭᠡᠢ᠌ᠯᠡᠨ ᠵᠠᠰᠠᠬᠤ ᠵᠣᠬᠢᠶᠠᠨ ᠪᠠᠢ᠌ᠭᠤᠯᠤᠯᠲᠠ ᠵᠢᠨ ᠬᠡᠪ ᠵᠠᠭᠪᠤᠷ ᠪᠣᠯᠣᠨ ᠢᠨᠵᠧᠨᠧᠷᠢᠩ᠎ᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠭᠦᠨᠵᠡᠭᠡᠢ ᠣᠢ᠌ᠯᠠᠭ᠋ᠠᠵᠤ᠂ ᠠᠮᠵᠢᠯᠲᠠ᠎ᠲᠠᠢ ᠲᠤᠷᠰᠢᠯᠭ᠎ᠠ᠎ᠪᠠᠨ ᠰᠢᠰᠲ᠋ᠧᠮ᠎ᠲᠠᠢ ᠳ᠋ᠦᠩᠨᠡᠬᠦ ᠵᠢᠨ ᠬᠠᠮᠲᠤ ᠪᠠᠰᠠ ᠢᠨᠵᠧᠨᠧᠷᠢᠩ᠎ᠤᠨ ᠨᠥᠬᠥᠪᠦᠷᠢ ᠵᠢᠨ ᠪᠠᠷᠢᠮᠵᠢᠶ᠎ᠠ ᠳᠣᠣᠷ᠎ᠠ᠂ ᠠᠮᠢ ᠠᠬᠤᠢ ᠵᠢᠨ ᠠᠵᠤ ᠦᠢ᠍ᠯᠡᠰ᠎ᠤᠨ ᠳᠠᠢ᠌ᠴᠢᠯᠠᠬᠤ ᠴᠢᠨᠠᠷ ᠴᠢᠩᠭ᠎ᠠ ᠪᠤᠰᠤ᠂ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠪᠣᠯᠣᠨ ᠮᠠᠯᠴᠢᠨ ᠲᠠᠷᠢᠶᠠᠴᠢᠨ᠎ᠤ ᠠᠰᠢᠭ ᠲᠤᠰᠠ ᠵᠢᠨ ᠬᠣᠯᠪᠣᠭ᠎ᠠ ᠬᠦᠷᠦᠯᠴᠡᠬᠦ ᠦᠭᠡᠢ ᠵᠡᠷᠭᠡ ᠨᠡᠢ᠌ᠲᠡᠯᠢᠭ ᠴᠢᠨᠠᠷᠲᠠᠢ ᠲᠣᠪᠣᠢ᠌ᠮ᠎ᠠ ᠠᠰᠠᠭᠤᠳᠠᠯ᠎ᠢ ᠢᠯᠡᠷᠡᠭᠦᠯᠵᠦ᠂ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠰᠢᠰᠲ᠋ᠧᠮ᠎ᠢ ᠪᠠᠢ᠌ᠭᠤᠯᠬᠤ᠎ᠳᠤ ᠪᠠᠲᠤ ᠪᠡᠬᠢ ᠰᠠᠭᠤᠷᠢ ᠲᠠᠯᠪᠢᠵᠤ᠂ ᠴᠢᠬᠤᠯᠠ ᠶᠡᠬᠡ ᠠᠮᠢ ᠠᠬᠤᠢ ᠵᠢᠨ ᠢᠨᠵᠧᠨᠧᠷᠢᠩ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠬᠦ᠂ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠬᠦ᠂ ᠤᠯᠠᠨ ᠡᠰᠢᠲᠦ ᠣᠷᠣᠭᠤᠯᠤᠯᠲᠠ ᠵᠢᠨ ᠲᠣᠭᠲᠠᠴᠠ ᠵᠢ ᠪᠦᠷᠢᠨᠰᠢᠭᠦᠯᠬᠦ᠂ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠤᠨ ᠪᠡᠶᠡᠯᠡᠭᠳᠡᠯᠢ ᠰᠦᠪᠡᠭᠴᠢᠯᠡᠬᠦ ᠵᠡᠷᠭᠡ ᠲᠠᠯ᠎ᠠ᠎ᠪᠠᠷ ᠲᠤᠷᠰᠢᠯᠭ᠎ᠠ ᠬᠤᠷᠠᠮᠳᠤᠭᠤᠯᠵᠠᠢ᠃ ᠡᠨᠡ᠎ᠨᠢ ᠮᠠᠨ᠎ᠤ ᠣᠷᠣᠨ᠎ᠤ ᠰᠢᠨ᠎ᠡ ᠴᠠᠭ ᠦᠶ᠎ᠡ ᠵᠢᠨ ᠭᠤᠷᠪᠠᠨ ᠤᠮᠠᠷᠠᠲᠤ ᠵᠢᠨ ᠢᠨᠵᠧᠨᠧᠷᠢᠩ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠲᠡᠢ᠌ᠨ᠎ᠢ ᠰᠠᠶ᠋ᠢᠲᠤᠷ ᠬᠢᠬᠦ ᠵᠢ ᠠᠬᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠠᠮᠢ ᠠᠬᠤᠢ ᠵᠢᠨ ᠢᠨᠵᠧᠨᠧᠷᠢᠩ᠎ᠤᠨ ᠬᠡᠷᠡᠭᠵᠢᠭᠦᠯᠦᠯᠲᠡ ᠵᠢᠨ ᠦᠷ᠎ᠡ ᠪᠦᠲᠦᠮᠵᠢ ᠵᠢ ᠬᠠᠮᠵᠢᠯᠴᠠᠨ ᠳᠡᠭᠡᠭᠰᠢᠯᠡᠭᠦᠯᠬᠦ᠎ᠳᠤ ᠠᠰᠢᠭᠲᠠᠢ ᠶᠤᠮ᠃