ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠬᠠᠯᠬᠠᠪᠴᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠬᠦᠷᠢᠶᠡᠯᠡᠩ ᠰᠢᠨᠵᠢᠯᠡᠬᠦ ᠤᠬᠠᠭ᠋ᠠᠨ᠎ᠤ ᠰᠢᠨ᠎ᠡ ᠵᠢ  ᠡᠭᠦᠳᠬᠦ ᠪᠠᠢ᠌ᠴᠠᠭ᠋ᠠᠨ ᠰᠤᠳᠤᠯᠤᠯᠲᠠ ᠵᠢᠨ ᠰᠤᠷᠤᠯᠴᠠᠯᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-12-12

      ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠢ ᠲᠥᠪᠯᠡᠷᠡᠭᠦᠯᠬᠦ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ ᠵᠦᠢ᠍ᠯ᠎ᠤᠨ ᠬᠠᠮᠢᠶᠠᠷᠤᠯᠲᠠ ᠵᠢ ᠰᠠᠶ᠋ᠢᠲᠤᠷ ᠬᠢᠵᠦ᠂ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮ᠎ᠤᠨ ᠪᠠᠢ᠌ᠭᠤᠯᠤᠯᠲᠠ ᠵᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠪᠠ ᠬᠡᠷᠡᠭᠯᠡᠬᠦ ᠵᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ ᠵᠢᠨ ᠠᠵᠢᠯ᠎ᠢ ᠨᠡᠩ ᠰᠠᠶ᠋ᠢᠲᠤᠷ ᠲᠤᠯᠭ᠋ᠠᠭᠤᠷᠢᠯᠠᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠬᠦᠷᠢᠶᠡᠯᠡᠩ 7 ᠰᠠᠷ᠎ᠠ ᠵᠢᠨ 19 ᠎ᠤ ᠡᠳᠦᠷ ᠬᠣᠯᠪᠣᠭᠳᠠᠯ ᠪᠦᠬᠦᠢ ᠬᠥᠮᠥᠰ᠎ᠢ ᠵᠣᠬᠢᠶᠠᠨ ᠪᠠᠢ᠌ᠭᠤᠯᠵᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ  ᠰᠢᠨ᠎ᠡ ᠵᠢ ᠡᠭᠦᠳᠬᠦ ᠲᠥᠪ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ ᠰᠤᠷᠤᠯᠴᠠᠪᠠ᠃
      ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ 《ᠮᠧᠩ ᠺᠧ ᠵᠢᠦᠢ》 ᠵᠢᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠠᠪᠴᠠᠩ᠎ᠤᠨ ᠦᠵᠡᠭᠦᠯᠭᠡ ᠵᠢᠨ ᠲᠢᠩᠬᠢᠮ᠎ᠢ ᠲᠣᠭᠣᠷᠢᠨ ᠦᠵᠡᠵᠦ᠂ ᠲᠤᠬᠠᠢ᠌ᠯᠠᠭᠰᠠᠨ ᠠᠵᠢᠯ᠎ᠤᠨ ᠤᠬᠠᠭᠤᠯᠭ᠎ᠠ ᠵᠢᠨ ᠸᠢᠳᠢᠤ᠋ ᠵᠢ ᠦᠵᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠲᠥᠪ᠎ᠲᠠᠢ ᠶᠠᠷᠢᠯᠴᠠᠨ ᠰᠠᠨᠠᠯ ᠵᠶ᠋ᠠᠨ ᠰᠣᠯᠢᠯᠴᠠᠪᠠ᠃ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠦᠷᠢᠶᠡᠨ᠎ᠳᠠᠬᠢ ᠬᠠᠮᠤᠭ᠎ᠤᠨ ᠰᠢᠨ᠎ᠡ ᠦᠷ᠎ᠡ ᠪᠦᠲᠦᠭᠡᠯ ᠪᠠ ᠲᠡᠷᠢᠭᠦᠨ᠎ᠤ ᠮᠡᠷᠭᠡᠵᠢᠯ᠂ 《ᠮᠧᠩ ᠺᠧ ᠵᠢᠦᠢ》 ᠵᠢᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠠᠪᠴᠠᠩ᠎ᠤᠨ ᠪᠠᠢ᠌ᠭᠤᠯᠤᠯᠲᠠ ᠪᠠ ᠠᠵᠢᠯᠯᠠᠭ᠋ᠠᠨ᠎ᠤ ᠪᠠᠶ᠋ᠢᠳᠠᠯ᠂ 《1+12+N》 ᠰᠢᠨ᠎ᠡ ᠵᠢ ᠡᠭᠦᠳᠬᠦ ᠦᠢ᠍ᠯᠡᠴᠢᠯᠡᠭᠡᠨ᠎ᠤ ᠰᠢᠰᠲ᠋ᠧᠮ᠎ᠤᠨ ᠲᠥᠷᠥ ᠵᠢᠨ ᠪᠣᠳᠣᠯᠭ᠎ᠠ᠎ᠳᠤ ᠪᠠᠢ᠌ᠴᠠᠭ᠋ᠠᠨ ᠰᠤᠳᠤᠯᠤᠯᠲᠠ ᠬᠢᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠡᠷᠡᠭᠯᠡᠯᠲᠡ ᠵᠢ ᠠᠬᠢᠭᠤᠯᠬᠤ ᠤᠯᠠᠷᠢᠭᠤᠯᠬᠤ ᠠᠷᠭ᠎ᠠ ᠵᠠᠮ ᠪᠠ ᠲᠤᠷᠰᠢᠯᠭ᠎ᠠ ᠠᠷᠭ᠎ᠠ ᠬᠢᠳᠡᠯ᠎ᠢ ᠭᠦᠨᠵᠡᠭᠡᠢ ᠰᠤᠷᠤᠯᠴᠠᠪᠠ᠃ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ᠂ 《ᠮᠧᠩ ᠺᠧ ᠵᠢᠦᠢ》 ᠵᠢᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠠᠪᠴᠠᠩ᠎ᠤᠨ ᠡᠬᠢ ᠪᠠᠶᠠᠯᠢᠭ᠎ᠢ ᠭᠦᠢ᠍ᠴᠡᠳ ᠠᠰᠢᠭᠯᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠮᠢ ᠠᠬᠤᠢ ᠣᠷᠴᠢᠨ ᠲᠣᠭᠣᠷᠢᠨ᠎ᠤ ᠲᠤᠬᠠᠢ᠌ᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠢ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠤᠯᠠᠷᠢᠭᠤᠯᠤᠯᠲᠠ ᠵᠢ ᠠᠬᠢᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠳᠠᠢ᠌ᠯᠠᠯᠳᠤᠭ᠋ᠠᠨ ᠪᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠬᠤ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠬᠤ ᠬᠡᠷᠡᠭᠳᠡᠢ ᠭᠡᠵᠦ ᠢᠯᠡᠳᠬᠡᠵᠡᠭᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠵᠡᠭᠦᠨ ᠬᠣᠢ᠌ᠲᠤ ᠠᠽᠢᠶ᠎ᠠ ᠵᠢᠨ ᠡᠯᠡᠰᠦᠨ ᠰᠢᠭᠤᠷᠭ᠎ᠠ ᠵᠢ ᠵᠠᠰᠠᠬᠤ ᠣᠷᠴᠢᠨ ᠲᠣᠭᠣᠷᠢᠨ᠎ᠤ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠪᠣᠬᠢᠷᠲᠤᠯ ᠦᠭᠡᠢ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠮᠡᠷᠭᠡᠵᠢᠯ᠎ᠤᠨ ᠰᠣᠯᠢᠯᠴᠠᠭ᠋ᠠᠨ᠎ᠤ ᠬᠤᠷᠠᠯ ᠬᠥᠬᠡᠬᠣᠲᠠ᠎ᠳᠤ ᠬᠤᠷᠠᠯᠳᠤᠪᠠ
 
             蒙ICP备05000248号