ᠦᠵᠡᠰᠬᠦᠯᠡᠩᠲᠦ ᠰᠠᠢᠬᠠᠨ ᠥᠪᠥᠷ ᠮᠣᠩᠭᠣᠯ ᠪᠣᠯᠣᠨ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ ᠳᠤᠮᠳᠠᠬᠢ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ ᠡᠭᠦᠳᠦᠯᠲᠡ᠎ᠶᠢᠨ ᠲᠤᠯᠭᠠᠭᠤᠷᠢᠯᠠᠬᠤ ᠪᠠ ᠬᠥᠲᠥᠯᠥᠨ ᠳᠠᠭᠠᠭᠤᠯᠬᠤ ᠦᠢᠯᠡᠳᠦᠯ᠎ᠢ ᠦᠨᠡᠨ ᠬᠦ᠌ ᠪᠠᠳᠠᠷᠠᠭᠤᠯᠵᠤ ᠂ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠤᠯᠠᠮ ᠴᠢᠨᠠᠭᠰᠢᠳᠠ ᠬᠥᠭᠵᠢᠭᠡᠵᠦ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠦ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠶᠠᠰᠤ ᠴᠢᠨᠠᠷ ᠦᠷ᠎ᠡ ᠠᠰᠢᠭ᠋᠎ᠢ ᠳᠡᠭᠡᠭᠰᠢᠯᠡᠭᠦᠯᠵᠦ᠂ 《 ᠪᠢ ᠤᠯᠠᠨ ᠲᠦᠮᠡᠨ᠎ᠳᠦ ᠪᠣᠳᠠᠲᠤ ᠶᠠᠪᠤᠳᠠᠯ ᠬᠢᠵᠦ ᠥᠭᠬᠦ 》 ᠠᠵᠢᠯᠯᠠᠭ᠎ᠠ᠎ᠶᠢᠨ ᠲᠥᠯᠥᠪᠯᠡᠭᠡ᠎ᠶᠢ ᠨᠠᠢᠳᠠᠪᠤᠷᠢᠵᠢᠭᠤᠯᠬᠤ᠎ᠶᠢᠨ ᠲᠥᠯᠥᠭᠡ᠂ ᠲᠢᠩᠬᠢᠮ᠎ᠦᠨ ᠰᠢᠨᠵᠢᠯᠡᠬᠦ ᠤᠬᠠᠭᠠᠨ ᠮᠡᠷᠭᠡᠵᠢᠯ᠎ᠦᠨ ᠭᠠᠵᠠᠷ᠎ᠠᠴᠠ ᠭᠣᠣᠯᠯᠠᠨ ᠡᠷᠬᠢᠯᠡᠵᠦ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠬᠦᠷᠢᠶᠡᠯᠡᠩ᠎ᠡᠴᠡ ᠳᠠᠭᠠᠭᠠᠴᠢᠯᠠᠨ ᠡᠷᠬᠢᠯᠡᠭᠰᠡᠨ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠬᠢᠴᠢᠶᠡᠯ᠎ᠦᠨ ᠲᠠᠩᠬᠢᠮ 2025 ᠣᠨ᠎ᠤ 10 ᠰᠠᠷ᠎ᠠ᠎ᠶᠢᠨ 16᠎ᠤ ᠡᠳᠦᠷ ᠡᠬᠢᠯᠡᠪᠡ᠃
ᠶᠡᠬᠡ ᠬᠢᠴᠢᠶᠡᠯ᠎ᠦᠨ ᠲᠠᠩᠬᠢᠮ᠎ᠢ ᠲᠦᠷᠪᠡᠨ ᠬᠤᠭᠤᠴᠠᠭ᠎ᠠ ᠬᠤᠪᠢᠶᠠᠨ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ᠎ᠦᠨ ᠲᠦᠷᠦ᠎ᠶᠢᠨ ᠪᠣᠳᠣᠯᠭ᠎ᠠ ᠵᠢᠴᠢ ᠲᠦᠷᠦᠯ ᠵᠦᠢᠯ᠎ᠦᠨ ᠬᠠᠮᠢᠶᠠᠷᠤᠯᠲᠠ᠂ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠬᠥᠭᠵᠢᠯᠲᠡ᠎ᠶᠢᠨ ᠪᠠᠢᠳᠠᠯ᠎ᠢ ᠵᠠᠳᠠᠯᠬᠤ᠂ ᠠᠮᠢ ᠠᠬᠤᠢ᠎ᠶᠢ ᠬᠠᠮᠠᠭᠠᠯᠠᠨ ᠰᠡᠷᠭᠦᠭᠡᠬᠦ ᠮᠡᠷᠭᠡᠵᠢᠯ᠂ ᠣᠷᠴᠢᠨ ᠲᠣᠭᠣᠷᠢᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠮᠡᠷᠭᠡᠵᠢᠯ ᠵᠡᠷᠭᠡ ᠠᠭᠤᠯᠭ᠎ᠠ᠎ᠶᠢ ᠬᠠᠮᠤᠷᠴᠠᠢ᠃ ᠨᠢᠭᠡᠳᠦᠭᠡᠷ ᠬᠤᠭᠤᠴᠠᠭᠠᠨ᠎ᠤ ᠬᠢᠴᠢᠶᠡᠯ᠎ᠦᠨ ᠲᠠᠩᠬᠢᠮ ᠨᠢ ᠲᠢᠩᠬᠢᠮ᠎ᠦᠨ ᠲᠣᠰ ᠱᠠᠲᠤᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠵᠢᠴᠢ ᠬᠠᠮᠢᠶᠠᠷᠤᠯᠲᠠ᠎ᠶᠢᠨ ᠪᠣᠳᠠᠲᠠᠢ ᠬᠡᠷᠡᠭᠴᠡᠭᠡ᠎ᠳᠦ ᠴᠢᠭᠯᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ᠎ᠦᠨ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠵᠢᠴᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠬᠠᠮᠢᠶᠠᠷᠤᠯᠲᠠ ᠭᠡᠬᠦ ᠬᠣᠶᠠᠷ ᠲᠥᠷᠥᠯ᠎ᠦᠨ ᠬᠢᠴᠢᠶᠡᠯ᠎ᠢ ᠲᠣᠬᠢᠷᠠᠭᠤᠯᠤᠭᠰᠠᠨ ᠪᠥᠭᠡᠳ ᠬᠠᠮᠢᠶ᠎ᠠ ᠪᠦᠬᠦᠢ ᠬᠦᠷᠢᠶᠡᠨ᠎ᠦ ᠨᠠᠷᠠᠲᠤ ᠲᠤᠰᠬᠠᠢ ᠮᠡᠷᠭᠡᠵᠢᠯᠲᠡᠨ᠎ᠢ ᠤᠷᠢᠨ ᠬᠢᠴᠢᠶᠡᠯ ᠣᠷᠣᠭᠤᠯᠵᠤ᠂ ᠲᠢᠩᠬᠢᠮ᠎ᠦᠨ ᠡᠯ᠎ᠡ ᠭᠠᠵᠠᠷ ᠭᠡᠷ᠂ ᠬᠠᠷᠢᠶ᠎ᠠ ᠠᠵᠢᠯ ᠦᠢᠯᠡᠰ᠎ᠦᠨ ᠨᠢᠭᠡᠴᠢ᠎ᠶᠢᠨ ᠭᠣᠣᠯ ᠬᠠᠷᠢᠭᠤᠴᠠᠯᠭᠠᠲᠠᠨ ᠨᠥᠬᠥᠳ ᠵᠢᠴᠢ ᠬᠠᠮᠢᠶ᠎ᠠ ᠪᠦᠬᠦᠢ ᠲᠤᠬᠠᠢᠯᠠᠭᠰᠠᠨ ᠠᠵᠢᠯ᠎ᠤᠨ ᠠᠵᠢᠯᠲᠠᠨ ᠨᠡᠶ᠋ᠢᠲᠡ 50 ᠭᠠᠷᠤᠢ ᠬᠥᠮᠥᠨ ᠲᠣᠰ ᠬᠤᠭᠤᠴᠠᠭᠠᠨ᠎ᠤ ᠬᠢᠴᠢᠶᠡᠯ᠎ᠦᠨ ᠲᠠᠩᠬᠢᠮ᠎ᠳᠤ ᠣᠷᠣᠯᠴᠠᠵᠠᠢ᠃
ᠲᠠᠷᠠᠭᠠᠴᠢ᠎ᠶᠢᠨ ᠱᠠᠲᠤᠨ᠎ᠳᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠡᠬᠢ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ ᠡᠭᠦᠳᠦᠯᠲᠡ᠎ᠶᠢᠨ ᠰᠢᠨ᠎ᠡ ᠱᠠᠭᠠᠷᠳᠠᠯᠭ᠎ᠠ ᠶᠣᠰᠣᠭᠠᠷ᠂ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠶᠡᠬᠡ ᠬᠢᠴᠢᠶᠡᠯ᠎ᠦᠨ ᠲᠠᠩᠬᠢᠮ᠎ᠤᠨ ᠠᠵᠢᠯᠯᠠᠭ᠎ᠠ᠎ᠶᠢ ᠦᠷᠭᠦᠯᠵᠢᠯᠡᠨ ᠡᠷᠭᠢᠯᠡᠵᠦ᠂ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠬᠣᠰᠢᠭᠤᠷᠠᠯ ᠮᠡᠳᠡᠯᠭᠡ ᠪᠠ ᠮᠡᠷᠭᠡᠵᠢᠯ᠎ᠢ ᠲᠦᠭᠡᠮᠡᠯᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ᠎ᠦᠨ ᠰᠤᠷᠲᠠᠯ ᠪᠠ ᠰᠤᠷᠤᠯᠴᠠᠬᠤ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ᠎ᠦᠨ ᠠᠵᠢᠯ᠎ᠤᠨ ᠰᠠᠢᠨ ᠰᠠᠢᠬᠠᠨ ᠠᠭᠤᠷ ᠠᠮᠢᠰᠬᠤᠯ᠎ᠢ ᠪᠣᠶ ᠪᠣᠯᠭᠠᠵᠤ ᠂ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠨ᠂ ᠰᠢᠨᠵᠢᠯᠡᠬᠦ ᠤᠬᠠᠭᠠᠨ ᠮᠡᠷᠭᠡᠵᠢᠯ᠎ᠢᠶᠡᠷ ᠦᠵᠡᠰᠬᠦᠯᠡᠩᠲᠦ ᠰᠠᠢᠬᠠᠨ ᠥᠪᠥᠷ ᠮᠣᠩᠭᠣᠯ ᠪᠠ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠳᠦ ᠬᠦᠴᠦᠨ ᠣᠯᠭᠣᠨ᠎ᠠ᠃