ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠬᠠᠯᠬᠠᠪᠴᠢ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ ᠥᠪᠡᠷᠲᠡᠭᠡᠨ ᠵᠠᠰᠠᠬᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠪᠠᠢᠳᠠᠯ᠎ᠢ ᠵᠠᠳᠠᠯᠬᠤ ᠲᠤᠰᠬᠠᠢ ᠮᠡᠷᠭᠡᠵᠢᠯᠲᠡᠨ ᠡᠷᠳᠡᠮᠲᠡᠨ ᠪᠣᠯᠣᠨ ᠠᠵᠤ ᠠᠬᠤᠢᠯᠠᠯ᠎ᠤᠨ ᠲᠥᠯᠥᠭᠡᠯᠡᠭᠴᠢᠳ᠎ᠦᠨ ᠰᠠᠭᠤᠳᠠᠯ᠎ᠤᠨ ᠬᠤᠷᠠᠯ ᠨᠡᠭᠡᠭᠡᠪᠡ
ᠨᠡᠶ᠋ᠢᠲᠡᠯᠡᠭᠰᠡᠨ ᠴᠠᠭ᠄ 2025-11-14

      ᠥᠪᠡᠷᠲᠡᠭᠡᠨ ᠵᠠᠰᠠᠬᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠢ ᠰᠢᠨᠵᠢᠯᠡᠬᠦ ᠤᠬᠠᠭᠠᠨᠴᠢ᠎ᠪᠠᠷ ᠰᠦᠪᠡᠭᠴᠢᠯᠡᠨ᠂  《 ᠠᠷᠪᠠᠨ ᠲᠠᠪᠤᠳᠤᠭᠠᠷ ᠲᠠᠪᠤᠨ ᠵᠢᠯ 》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ᠎ᠶᠢ ᠴᠢᠨᠠᠷ ᠰᠠᠢᠲᠠᠢ ᠨᠠᠢᠷᠠᠭᠤᠯᠤᠨ ᠵᠣᠬᠢᠶᠠᠬᠤ᠎ᠶᠢᠨ ᠲᠥᠯᠥᠭᠡ᠂ ᠣᠢᠷ᠎ᠠ᠎ᠶᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ᠎ᠡᠴᠡ ᠠᠮᠢ ᠠᠬᠤᠢ᠎ᠶᠢᠨ ᠬᠠᠮᠠᠭᠠᠯᠠᠯᠲᠠ ᠪᠣᠯᠣᠨ ᠰᠡᠷᠭᠦᠭᠡᠯᠲᠡ᠂ ᠭᠠᠵᠠᠷ ᠳᠣᠣᠷᠠᠬᠢ ᠤᠰᠤ ᠪᠣᠯᠣᠨ ᠬᠥᠷᠥᠰᠥ ᠰᠢᠷᠣᠢ᠎ᠶᠢᠨ ᠪᠣᠬᠢᠷᠲᠤᠯ᠎ᠢ ᠰᠡᠷᠭᠡᠢᠯᠡᠨ ᠵᠠᠰᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠡᠬᠢ ᠪᠠᠶᠠᠯᠢᠭ᠍ᠵᠢᠭᠤᠯᠤᠨ ᠠᠰᠢᠭ᠍ᠯᠠᠬᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠦᠷᠦ᠎ᠶᠢᠨ ᠪᠣᠳᠣᠯᠭ᠎ᠠ᠂ ᠠᠭᠤᠷ ᠠᠮᠢᠰᠬᠤᠯ᠎ᠤᠨ ᠬᠤᠪᠢᠷᠠᠯᠲᠠ ᠵᠡᠷᠭᠡ ᠬᠦᠷᠢᠶᠡᠨ᠎ᠦ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠵᠢᠴᠢ ᠬᠣᠯᠪᠣᠭᠳᠠᠯ ᠪᠦᠬᠦᠢ ᠠᠵᠤ ᠠᠬᠤᠢᠯᠠᠯ᠎ᠤᠨ ᠲᠥᠯᠥᠭᠡᠯᠡᠭᠴᠢ᠎ᠶᠢ ᠤᠷᠢᠵᠤ ᠶᠠᠷᠢᠯᠴᠠᠨ ᠰᠣᠯᠢᠯᠴᠠᠪᠠ᠃
      ᠬᠤᠷᠠᠯ ᠳᠡᠭᠡᠷ᠎ᠡ᠂ ᠡᠯ᠎ᠡ ᠲᠤᠰᠬᠠᠢ ᠮᠡᠷᠭᠡᠵᠢᠯᠲᠡᠳ ᠲᠤᠰ ᠲᠤᠰ᠎ᠤᠨ ᠰᠤᠳᠤᠯᠭᠠᠨ᠎ᠤ ᠬᠦᠷᠢᠶ᠎ᠡ ᠬᠡᠪᠴᠢᠶ᠎ᠡ᠎ᠲᠠᠢ᠎ᠪᠡᠨ ᠤᠶᠠᠯᠳᠤᠭᠤᠯᠤᠨ ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠳᠤ ᠲᠤᠯᠭᠠᠷᠠᠵᠤ ᠪᠠᠢᠭ᠎ᠠ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠂ ᠮᠠᠨ᠎ᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠳᠤ ᠲᠤᠯᠭᠠᠷᠠᠵᠤ ᠪᠠᠢᠭ᠎ᠠ ᠪᠠᠢᠳᠠᠯ᠎ᠤᠨ ᠲᠣᠭᠣᠷᠢᠨ᠎ᠳᠤ ᠰᠠᠨᠠᠯ᠎ᠢᠶᠠᠨ ᠰᠣᠯᠢᠯᠴᠠᠵᠤ ᠶᠠᠷᠢᠶ᠎ᠠ ᠲᠠᠯᠪᠢᠬᠤ᠎ᠶᠢᠨ ᠬᠠᠮᠲᠤ ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠤᠨ ᠭᠣᠣᠯᠳᠠᠯᠭ᠎ᠠ ᠪᠠ 《ᠠᠷᠪᠠᠨ ᠲᠠᠪᠤᠳᠤᠭᠠᠷ ᠲᠠᠪᠤᠨ ᠵᠢᠯ》᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ᠎ᠳᠤ ᠴᠢᠭᠯᠡᠯᠲᠦ ᠴᠢᠨᠠᠷᠲᠠᠢ ᠪᠠ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ᠃ ᠠᠵᠤ ᠠᠬᠤᠢᠯᠠᠯ᠎ᠤᠨ ᠲᠥᠯᠥᠭᠡᠯᠡᠭᠴᠢ ᠲᠣᠰ ᠪᠡᠶ᠎ᠡ᠎ᠶᠢᠨ ᠬᠥᠭᠵᠢᠯᠲᠡ᠎ᠶᠢᠨ ᠪᠣᠳᠠᠲᠤ ᠪᠠᠢᠳᠠᠯ᠎ᠢᠶᠠᠨ ᠦᠨᠳᠦᠰᠦᠯᠡᠨ᠂ ᠠᠮᠢ ᠠᠬᠤᠢ ᠣᠷᠴᠢᠨ ᠲᠣᠭᠣᠷᠢᠨ᠎ᠤ ᠬᠣᠯᠪᠣᠭᠳᠠᠯ ᠪᠦᠬᠦᠢ ᠬᠦᠷᠢᠶᠡᠨ᠎ᠳᠡᠬᠢ ᠠᠵᠢᠯ᠎ᠤᠨ ᠳᠤᠮᠳᠠᠬᠢ ᠬᠦᠴᠢᠷ ᠠᠰᠠᠭᠤᠳᠠᠯ᠂ ᠪᠡᠷᠬᠡ ᠠᠰᠠᠭᠤᠳᠠᠯ᠎ᠤᠨ ᠲᠤᠬᠠᠢ ᠶᠠᠷᠢᠯᠴᠠᠨ ᠰᠣᠯᠢᠯᠴᠠᠭᠰᠠᠨ ᠪᠥᠭᠡᠳ ᠲᠥᠷᠥ᠎ᠶᠢᠨ ᠪᠣᠳᠣᠯᠭ᠎ᠠ᠎ᠶᠢᠨ ᠬᠡᠷᠡᠭᠴᠡᠭᠡ ᠱᠠᠭᠠᠷᠳᠠᠯᠭ᠎ᠠ᠎ᠲᠠᠢ ᠤᠶᠠᠯᠳᠤᠭᠤᠯᠤᠨ ᠬᠣᠯᠪᠣᠭᠳᠠᠯ ᠪᠦᠬᠦᠢ ᠰᠠᠨᠠᠭᠤᠯᠭ᠎ᠠ ᠳᠤᠷᠠᠳᠤᠭᠰᠠᠨ ᠪᠠᠢᠨ᠎ᠠ᠃
      ᠳᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ᠎ᠡᠴᠡ ᠥᠪᠡᠷᠲᠡᠭᠡᠨ ᠵᠠᠰᠠᠬᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ᠎ᠶᠢᠨ ᠮᠡᠷᠭᠡᠵᠢᠯ᠎ᠦᠨ ᠪᠦᠯᠬᠦᠮ᠎ᠢ ᠵᠣᠬᠢᠶᠠᠨ ᠪᠠᠢᠭᠤᠯᠵᠤ᠂ ᠡᠭᠦᠳᠡ᠎ᠪᠡᠨ ᠨᠡᠭᠡᠭᠡᠵᠦ ᠠᠷᠭ᠎ᠠ ᠪᠣᠳᠣᠯᠭ᠎ᠠ ᠠᠰᠠᠭᠤᠬᠤ᠂ ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠬᠦ᠎ᠶᠢ ᠦᠷᠭᠦᠯᠵᠢᠯᠡᠨ ᠪᠠᠷᠢᠮᠲᠠᠯᠠᠵᠤ᠂ ᠨᠡᠢᠭᠡᠮ᠎ᠦᠨ ᠬᠦᠰᠡᠯ ᠡᠷᠡᠮᠡᠯᠵᠡᠯ᠂ ᠤᠯᠠᠨ ᠲᠦᠮᠡᠨ᠎ᠦ ᠬᠦᠰᠡᠯ ᠡᠷᠡᠮᠡᠯᠵᠡᠯ᠂ ᠲᠤᠰᠬᠠᠢ ᠮᠡᠷᠭᠡᠵᠢᠯᠲᠡᠨ᠎ᠦ ᠲᠤᠷᠰᠢᠯᠭ᠎ᠠ᠎ᠶᠢ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠠᠵᠢᠯ᠎ᠳᠤ ᠦᠨᠡᠨ ᠬᠦ᠌ ᠭᠦᠢᠴᠡᠳ ᠰᠢᠩᠭᠡᠬᠡᠨ ᠣᠷᠣᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠠᠵᠢᠯ᠎ᠢ ᠥᠨᠳᠥᠷ ᠪᠠᠷᠢᠮᠵᠢᠶ᠎ᠠ᠎ᠪᠠᠷ ᠥᠷᠨᠢᠭᠦᠯᠦᠨ᠎ᠡ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠶᠡᠷᠦᠩᠬᠡᠢᠯᠡᠭᠰᠡᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠨᠥᠬᠥᠳ ᠪᠣᠯᠣᠨ ᠮᠡᠷᠭᠡᠵᠢᠯ᠎ᠦᠨ ᠠᠵᠢᠯᠲᠠᠳ ᠰᠠᠭᠤᠳᠠᠯ᠎ᠤᠨ ᠬᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号