2025 ᠣᠨ᠎ᠤ 8 ᠳ᠋ᠤᠭᠠᠷ ᠰᠠᠷ᠎ᠠ᠎ᠶᠢᠨ 5᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ 《 ᠪᠦᠰᠡᠯᠡᠯᠲᠡ᠎ᠶᠢ ᠰᠢᠪᠲᠤᠯᠬᠤ 》 ᠢᠨᠵᠧᠨᠧᠷᠢᠩ᠎ᠦᠨ 《 ᠵᠣᠬᠢᠶᠠᠮᠠᠯ ᠣᠶᠤᠨ ᠴᠢᠳᠠᠪᠤᠷᠢ 》 + 《 ᠲᠤᠰᠬᠠᠢ ᠵᠦᠢᠯ 》᠎ᠢᠶᠡᠷ ᠮᠠᠩᠯᠠᠢᠯᠠᠭᠤᠯᠬᠤ ᠲᠥᠷᠥᠯ ᠵᠦᠢᠯ ︱ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠣᠶᠤᠨᠴᠢ ᠬᠢᠨᠠᠯᠲᠠ ᠬᠠᠮᠢᠶᠠᠷᠤᠯᠲᠠ᠎ᠶᠢᠨ ᠮᠡᠷᠭᠡᠵᠢᠯ᠎ᠢ ᠰᠤᠳᠤᠯᠤᠨ ᠨᠡᠭᠡᠭᠡᠬᠦ ᠪᠠ ᠵᠢᠱ᠌ᠢᠶ᠎ᠡ ᠦᠵᠡᠭᠦᠯᠦᠨ ᠬᠡᠷᠡᠭᠯᠡᠬᠦ 》 ᠡᠬᠢᠯᠡᠯᠲᠡ᠎ᠶᠢᠨ ᠬᠤᠷᠠᠯ ᠵᠢᠩᠬᠢᠨᠢ᠎ᠪᠡᠷ ᠬᠤᠷᠠᠯᠳᠤᠵᠤ ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠲᠢᠩᠬᠢᠮ᠎ᠦᠨ ᠳᠠᠷᠤᠭ᠎ᠠ ᠵᠠᠩ ᠸᠸᠨ ᠲᠤᠸ᠋ ᠂ ᠲᠢᠩᠬᠢᠮ᠎ᠦᠨ ᠳᠡᠳ᠋ ᠳᠠᠷᠤᠭ᠎ᠠ ᠬᠤᠸ᠋ ᠰᠢ ᠬᠣᠩ ᠵᠡᠷᠭᠡ ᠤᠳᠤᠷᠢᠳᠤᠯᠭ᠎ᠠ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠲᠥᠷᠥᠯ ᠵᠦᠢᠯ᠎ᠦᠨ ᠭᠣᠣᠯ ᠪᠦᠷᠢᠯᠳᠦᠭᠦᠨ ᠨᠢᠭᠡᠴᠢ ᠬᠤᠷᠠᠯ᠎ᠳᠤ ᠣᠷᠣᠯᠴᠠᠵᠠᠢ ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ ( 《 ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ 》 ᠭᠡᠵᠦ ᠲᠣᠪᠴᠢᠯᠠᠨ᠎ᠠ ) ᠨᠢ ᠲᠥᠷᠥᠯ ᠵᠦᠢᠯ᠎ᠦᠨ ᠪᠦᠷᠢᠯᠳᠦᠭᠦᠨ ᠨᠢᠭᠡᠴᠢ ᠪᠣᠯᠤᠭᠰᠠᠨ᠎ᠤ ᠬᠤᠪᠢ᠎ᠳᠤ ᠂ 1 ᠵᠦᠢᠯ᠎ᠦᠨ ᠬᠤᠪᠢᠶᠠᠷᠢ ᠰᠡᠳᠦᠪ᠎ᠦᠨ ᠰᠤᠳᠤᠯᠭᠠᠨ᠎ᠤ ᠡᠬᠢᠯᠡᠯᠲᠡ᠎ᠶᠢᠨ ᠬᠤᠷᠠᠯ ᠳᠡᠭᠡᠷ᠎ᠡ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ᠎ᠡᠴᠡ ᠰᠡᠳᠦᠪ᠎ᠦᠨ ᠰᠤᠳᠤᠯᠭᠠᠨ᠎ᠤ ᠠᠭᠤᠯᠭ᠎ᠠ ᠂ ᠮᠡᠷᠭᠡᠵᠢᠯ᠎ᠦᠨ ᠱᠤᠭᠤᠮ ᠂ ᠰᠢᠢᠳᠪᠦᠷᠢᠯᠡᠬᠦ᠎ᠪᠡᠷ ᠪᠠᠢᠭ᠎ᠠ ᠵᠠᠩᠭᠢᠯᠠᠭ᠎ᠠ᠎ᠶᠢᠨ ᠮᠡᠷᠭᠡᠵᠢᠯ᠎ᠦᠨ ᠠᠰᠠᠭᠤᠳᠠᠯ ᠂ ᠵᠢᠱ᠌ᠢᠭᠰᠡᠨ ᠦᠷ᠎ᠡ ᠪᠦᠲᠦᠭᠡᠯ ᠵᠡᠷᠭᠡ ᠠᠭᠤᠯᠭ᠎ᠠ᠎ᠶᠢᠨ ᠲᠤᠬᠠᠢ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠬᠢᠵᠡᠢ ᠃ ᠬᠤᠷᠠᠯ᠎ᠠᠴᠠ᠂ ᠲᠤᠰ ᠲᠦᠷᠦᠯ ᠵᠦᠢᠯ ᠨᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ 《 ᠪᠦᠰᠡᠯᠡᠯᠲᠡ᠎ᠶᠢ ᠰᠢᠪᠲᠤᠯᠬᠤ 》 ᠢᠨᠵᠧᠨᠧᠷᠢᠩ᠎ᠦᠨ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠦ ᠴᠡᠭ ᠪᠠᠢᠷᠢ᠎ᠶᠢᠨ 《ᠲᠡᠭ 》 ᠰᠢᠪᠲᠤᠯᠤᠯᠲᠠ᠎ᠶᠢ ᠪᠡᠶᠡᠯᠡᠭᠦᠯᠵᠦ᠂ ᠥᠨᠳᠥᠷ ᠡᠬᠢᠯᠡᠯᠲᠡ᠎ᠲᠠᠢ᠎ᠪᠡᠷ ᠲᠥᠯᠥᠪᠵᠢᠭᠦᠯᠵᠦ᠂ ᠥᠨᠳᠥᠷ ᠪᠠᠷᠢᠮᠵᠢᠶ᠎ᠠ᠎ᠪᠠᠷ ᠠᠬᠢᠭᠤᠯᠵᠤ᠂ ᠴᠢᠨᠠᠷ ᠰᠠᠢᠲᠠᠢ ᠨᠠᠢᠳᠠᠪᠤᠷᠢᠵᠢᠭᠤᠯᠵᠤ᠂ ᠨᠢᠭᠡ ᠪᠦᠯᠦᠭ ᠥᠨᠳᠥᠷ ᠦᠷᠳᠡᠭ᠎ᠲᠠᠢ ᠦᠷ᠎ᠡ ᠪᠦᠲᠦᠭᠡᠯ᠎ᠢ ᠭᠠᠷᠭᠠᠬᠤ᠎ᠪᠠᠷ ᠴᠢᠷᠮᠠᠢᠵᠤ᠂ 《 ᠡᠬᠢᠯᠡᠵᠦ ᠭᠦᠶᠦᠮᠡᠭᠴᠡ ᠲᠦᠷᠦᠭᠦᠯᠡᠬᠦ 》 ᠶ᠋ᠢ ᠪᠡᠶᠡᠯᠡᠭᠦᠯᠵᠦ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠪᠣᠯᠣᠨ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢ ᠦᠨᠡᠨ ᠬᠦ᠌ ᠲᠤᠯᠭᠠᠭᠤᠷᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃