ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠬᠠᠯᠬᠠᠪᠴᠢ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠲᠤᠰᠬᠠᠢ ᠮᠡᠷᠭᠡᠵᠢᠯᠲᠡᠨ᠎ᠦ ᠰᠠᠭᠤᠳᠠᠯ᠎ᠤᠨ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-11-05

 ᠮᠠᠨ᠎ᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠦᠨ ᠬᠤᠭᠤᠴᠠᠭᠠᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ ( ᠳᠣᠷᠣᠭ᠍ᠰᠢ 《 ᠲᠥᠯᠦᠪᠵᠢᠭᠦᠯᠭᠡ 》 ᠭᠡᠵᠦ ᠲᠣᠪᠴᠢᠯᠠᠨ᠎ᠠ )᠎ᠶᠢ ᠨᠡᠩ ᠰᠠᠢᠨ ᠨᠠᠢᠷᠠᠭᠤᠯᠤᠨ ᠵᠣᠬᠢᠶᠠᠬᠤ᠎ᠶᠢᠨ ᠲᠥᠯᠥᠭᠡ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠪᠣᠯᠣᠨ ᠥᠪᠡᠷᠲᠡᠭᠡᠨ ᠵᠠᠰᠠᠬᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠠᠵᠢᠯ᠎ᠤᠨ ᠱᠠᠭᠠᠷᠳᠠᠯᠭ᠎ᠠ ᠶᠣᠰᠣᠭᠠᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ᠎ᠤ 《 ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢ ᠪᠥᠬᠥ ᠲᠠᠯ᠎ᠠ᠎ᠪᠠᠷ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ 》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠳᠤ ᠳᠤᠷᠠᠳᠤᠭᠰᠠᠨ ᠬᠠᠷᠠᠯᠲᠠᠲᠤ ᠡᠭᠦᠷᠭᠡ᠎ᠶᠢ ᠨᠠᠢᠳᠠᠪᠤᠷᠢᠵᠢᠭᠤᠯᠬᠤ᠎ᠲᠠᠢ ᠤᠶᠠᠯᠳᠤᠭᠤᠯᠤᠨ ᠂ ᠣᠢᠷ᠎ᠠ᠎ᠳᠤ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ ᠲᠥᠯᠦᠪᠵᠢᠭᠦᠯᠭᠡ ᠨᠠᠢᠷᠠᠭᠤᠯᠤᠨ ᠵᠣᠬᠢᠶᠠᠬᠤ ᠶᠠᠷᠢᠯᠴᠠᠬᠤ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ ᠂ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠎ᠢ ᠤᠷᠢᠵᠤ 《 ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭᠠᠨ᠎ᠳᠠᠬᠢ ᠮᠠᠨ᠎ᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ ᠃

 ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠪᠦᠷᠢᠨᠲᠤᠶᠠᠭ᠎ᠠ ᠬᠤᠷᠠᠯ᠎ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠲᠥᠯᠦᠪᠵᠢᠭᠦᠯᠭᠡ᠎ᠶᠢᠨ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠢᠶᠡᠷ ᠪᠦᠷᠢᠯᠳᠦᠭᠰᠡᠨ ᠲᠥᠯᠦᠪᠵᠢᠭᠦᠯᠭᠡ ᠨᠠᠢᠷᠠᠭᠤᠯᠤᠨ ᠵᠣᠬᠢᠶᠠᠬᠤ ᠮᠡᠷᠭᠡᠵᠢᠯ᠎ᠦᠨ ᠪᠦᠯᠬᠦᠮ᠎ᠦᠨ ᠬᠠᠮᠢᠶ᠎ᠠ ᠪᠦᠬᠦᠢ ᠬᠥᠮᠥᠰ ᠬᠤᠷᠠᠯ᠎ᠳᠤ ᠣᠷᠣᠯᠴᠠᠪᠠ ᠃ ᠬᠤᠷᠠᠯ ᠳᠡᠭᠡᠷ᠎ᠡ ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠂ ᠣᠶ ᠰᠢᠭᠤᠢ ᠡᠪᠡᠰᠦ ᠪᠡᠯᠴᠢᠭᠡᠷ ᠂ ᠤᠰᠤᠨ ᠠᠰᠢᠭ᠍ᠯᠠᠯᠲᠠ ᠂ ᠲᠠᠷᠢᠶᠠᠯᠠᠩ ᠮᠠᠯ ᠠᠵᠤ ᠠᠬᠤᠢ ᠂ ᠪᠠᠢᠭᠠᠯᠢ᠎ᠶᠢᠨ ᠡᠬᠢ ᠪᠠᠶᠠᠯᠢᠭ᠋ ᠂ ᠡᠨᠧᠷᠭᠢ᠎ᠶᠢᠨ ᠰᠤᠷᠪᠤᠯᠵᠢ ᠵᠡᠷᠭᠡ ᠬᠦᠷᠢᠶᠡᠨ᠎ᠳᠡᠬᠢ ᠲᠤᠰᠬᠠᠢ ᠮᠡᠷᠭᠡᠵᠢᠯᠲᠡᠳ ᠲᠣᠰ ᠲᠣᠰ᠎ᠤᠨ ᠰᠤᠳᠤᠯᠭᠠᠨ᠎ᠤ ᠬᠦᠷᠢᠶ᠎ᠡ ᠂ ᠡᠯ᠎ᠡ ᠭᠠᠵᠠᠷ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠲᠠᠢ ᠤᠶᠠᠯᠳᠤᠭᠤᠯᠤᠨ ᠰᠠᠨᠠᠯ᠎ᠢᠶᠠᠨ ᠰᠣᠯᠢᠯᠴᠠᠵᠤ ᠶᠠᠷᠢᠶ᠎ᠠ ᠲᠠᠯᠪᠢᠭ᠍ᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭᠠᠨ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠳᠤ ᠬᠠᠨᠳᠤᠯᠭᠠᠲᠤ ᠴᠢᠨᠠᠷᠲᠠᠢ ᠪᠠ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠤᠭᠰᠠᠨ ᠪᠠᠢᠨ᠎ᠠ ᠃

 ᠬᠤᠷᠠᠯ᠎ᠠᠴᠠ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ᠎ᠶᠢ ᠰᠢᠨᠵᠢᠯᠡᠬᠦ ᠤᠬᠠᠭᠠᠨᠴᠢ᠎ᠪᠠᠷ ᠨᠠᠢᠷᠠᠭᠤᠯᠤᠨ ᠵᠣᠬᠢᠶᠠᠬᠤ ᠨᠢ ᠪᠦᠬᠦ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭᠠᠨ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠢ ᠠᠬᠢᠭᠤᠯᠵᠤ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠢ ᠪᠦᠲᠦᠭᠡᠨ ᠪᠠᠶ᠋ᠢᠭᠤᠯᠬᠤ ᠬᠠᠷᠠᠯᠲᠠ᠎ᠳᠤ ᠲᠤᠢᠯ᠎ᠤᠨ ᠴᠢᠬᠤᠯᠠ ᠶᠤᠮ᠃ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠮᠡᠷᠭᠡᠵᠢᠯ᠎ᠦᠨ ᠪᠦᠯᠬᠦᠮ ᠭᠦᠢᠴᠡᠳ ᠡᠮᠬᠢᠯᠡᠵᠦ ᠂ ᠡᠯ᠎ᠡ ᠠᠵᠢᠯ ᠲᠥᠷᠥᠯ᠎ᠦᠨ ᠲᠤᠰᠬᠠᠢ ᠮᠡᠷᠭᠡᠵᠢᠯᠲᠡᠨ᠎ᠦ ᠦᠨᠡᠨ ᠮᠡᠳᠡᠯᠭᠡ ᠨᠡᠪᠲᠡᠷᠬᠡᠢ ᠦᠵᠡᠯᠲᠡ᠎ᠶᠢ ᠨᠠᠷᠢᠨ ᠬᠢᠨᠠᠮᠠᠭᠠᠢ ᠰᠢᠩᠭᠡᠬᠡᠨ ᠠᠪᠴᠤ ᠂ ᠲᠥᠯᠦᠪᠵᠢᠭᠦᠯᠭᠡ᠎ᠶᠢᠨ ᠠᠭᠤᠯᠭ᠎ᠠ᠎ᠶᠢ ᠤᠯᠠᠮ ᠨᠢᠭᠡ ᠠᠯᠬᠤᠮ ᠨᠥᠬᠥᠪᠦᠷᠢᠯᠡᠨ ᠲᠡᠭᠦᠯᠳᠡᠷᠵᠢᠭᠦᠯᠵᠦ ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ᠎ᠳᠤ ᠴᠢᠭᠯᠡᠭᠦᠯᠦᠨ ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ ᠂ ᠵᠦᠢ ᠵᠣᠬᠢᠰᠲᠠᠢ ᠪᠣᠳᠠᠲᠠᠢ᠎ᠶᠢ ᠡᠷᠬᠢᠮᠯᠡᠬᠦ ᠬᠠᠷᠠᠯᠲᠠ ᠡᠭᠦᠷᠭᠡ ᠪᠠ ᠪᠠᠢᠯᠳᠤᠬᠤ ᠪᠣᠳᠣᠯᠭ᠎ᠠ᠎ᠶᠢᠨ ᠠᠷᠭ᠎ᠠ ᠬᠡᠮᠵᠢᠶ᠎ᠡ᠎ᠶᠢ ᠲᠣᠭᠲᠠᠭᠠᠵᠤ᠂ ᠲᠥᠯᠦᠪᠵᠢᠭᠦᠯᠭᠡ᠎ᠶᠢ ᠦᠨᠡᠨ ᠬᠦ᠌ ᠴᠢᠨᠠᠷ ᠰᠠᠢᠲᠠᠢ ᠨᠠᠢᠷᠠᠭᠤᠯᠤᠨ ᠵᠣᠬᠢᠶᠠᠵᠤ᠂ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠢ ᠭᠦᠨᠵᠡᠭᠡᠢ ᠠᠬᠢᠭᠤᠯᠬᠤ᠎ᠳᠤ ᠰᠢᠢᠳᠪᠦᠷᠢᠲᠦ ᠪᠣᠳᠣᠯᠭ᠎ᠠ᠎ᠶᠢᠨ ᠳᠡᠮᠵᠢᠯᠭᠡ ᠬᠠᠩᠭᠠᠵᠤ ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠤᠨ ᠤᠯᠤᠰ ᠠᠷᠠᠳ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠠᠷᠠᠯᠲᠠ᠎ᠶᠢ ᠪᠡᠶᠡᠯᠡᠭᠦᠯᠬᠦ᠎ᠳᠦ ᠬᠦᠴᠦᠲᠡᠢ ᠲᠤᠯᠭᠠᠭᠤᠷᠢᠯᠠᠯ ᠬᠠᠩᠭᠠᠨ᠎ᠠ ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号