ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠬᠠᠯᠬᠠᠪᠴᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ ᠮᠡᠷᠭᠡᠵᠢᠯ᠎ᠦᠨ ᠪᠦᠯᠬᠦᠮ᠎ᠢ ᠵᠣᠬᠢᠶᠠᠨ ᠪᠠᠢᠭᠤᠯᠵᠤ ᠬᠥᠯᠥᠨ ᠪᠣᠶ᠋ᠢᠷ ᠬᠣᠲᠠ᠎ᠳᠤ ᠬᠦᠷᠴᠦ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠣᠯᠪᠣᠭᠳᠠᠯ ᠪᠦᠬᠦᠢ ᠲᠥᠯᠦᠪᠵᠢᠭᠦᠯᠭᠡ᠎ᠶᠢᠨ ᠪᠠᠢᠴᠠᠭᠠᠨ ᠰᠤᠳᠤᠯᠤᠯᠲᠠ᠎ᠶᠢᠨ ᠠᠵᠢᠯ ᠥᠷᠨᠢᠭᠦᠯᠪᠡ
ᠨᠡᠶ᠋ᠢᠲᠡᠯᠡᠭᠰᠡᠨ ᠴᠠᠭ᠄ 2025-11-05

 ᠥᠪᠡᠷᠲᠡᠭᠡᠨ ᠵᠠᠰᠠᠬᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ ᠪᠠ 《 ᠠᠷᠪᠠᠨ ᠲᠠᠪᠤᠳᠤᠭᠠᠷ ᠲᠠᠪᠤᠨ ᠵᠢᠯ 》᠎ᠦᠨ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠡᠬᠢ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠯᠦᠪᠵᠢᠭᠦᠯᠭᠡ᠎ᠶᠢ ᠴᠢᠨᠠᠷ ᠰᠠᠢᠲᠠᠢ ᠨᠠᠢᠷᠠᠭᠤᠯᠤᠨ ᠵᠣᠬᠢᠶᠠᠵᠤ ᠂ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ᠎ᠶᠢᠨ ᠰᠢᠨᠵᠢᠯᠡᠬᠦ ᠤᠬᠠᠭᠠᠨᠴᠢ ᠴᠢᠨᠠᠷ ᠪᠣᠯᠣᠨ ᠬᠡᠷᠡᠭᠵᠢᠭᠦᠯᠵᠦ ᠪᠣᠯᠬᠤᠢᠴᠠ ᠴᠢᠨᠠᠷ᠎ᠢ ᠲᠡᠭᠡᠭᠰᠢᠯᠡᠬᠦᠯᠬᠦ᠎ᠶᠢᠨ ᠲᠥᠯᠥᠭᠡ᠂ ᠣᠢᠷ᠎ᠠ᠎ᠶᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ᠎ᠡᠴᠡ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠮᠡᠷᠭᠡᠵᠢᠯ᠎ᠦᠨ ᠪᠦᠯᠬᠦᠮ᠎ᠢ ᠵᠣᠬᠢᠶᠠᠨ ᠪᠠᠢᠭᠤᠯᠤᠭᠰᠠᠨ ᠪᠥᠭᠡᠳ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠎ᠢ ᠣᠨᠴᠠᠭᠠᠢᠯᠠᠨ ᠤᠷᠢᠵᠤ᠂ ᠬᠥᠯᠥᠨ ᠪᠤᠢ᠍ᠢᠷ ᠬᠤᠳᠠ᠎ᠳᠤ ᠬᠦᠷᠴᠦ ᠲᠤᠰᠬᠠᠢ ᠰᠡᠳᠦᠪᠲᠦ ᠪᠠᠢᠴᠠᠭᠠᠨ ᠰᠤᠳᠤᠯᠤᠯᠲᠠ ᠬᠢᠵᠡᠢ᠃

 ᠪᠠᠢᠴᠠᠭᠠᠨ ᠰᠤᠳᠤᠯᠬᠤ ᠳᠤᠭᠤᠢᠯᠠᠩ᠎ᠤᠨ ᠬᠢᠨ ᠬᠥᠯᠥᠨ ᠪᠤᠢ᠍ᠢᠷ ᠬᠤᠳᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠪᠠᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠢᠪᠡ᠃ ᠶᠠᠷᠢᠯᠴᠠᠬᠤ ᠬᠤᠷᠠᠯ ᠳᠡᠭᠡᠷ᠎ᠡ᠂ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠮᠡᠷᠭᠡᠵᠢᠯ᠎ᠦᠨ ᠪᠦᠯᠬᠦᠮ᠎ᠦᠨ ᠬᠢᠨ ᠥᠪᠡᠷᠲᠡᠭᠡᠨ ᠵᠠᠰᠠᠬᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠭᠰᠠᠨ ᠠᠬᠤᠢ ᠪᠠᠢᠳᠠᠯ᠂ ᠶᠡᠷᠦᠩᠬᠡᠢ ᠪᠣᠷᠣ᠌ ᠲᠥᠯᠥᠪ᠂ ᠬᠠᠷᠠᠯᠲᠠ᠎ᠶᠢᠨ ᠪᠠᠢᠷᠢᠯᠠᠭᠤᠯᠤᠯᠲᠠ᠂ ᠭᠣᠣᠯᠳᠠᠯᠭ᠎ᠠ᠎ᠲᠠᠢ ᠡᠭᠦᠷᠭᠡ ᠵᠢᠴᠢ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠦ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠤᠰᠬᠠᠢ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠭᠰᠠᠨ ᠵᠡᠷᠭᠡ ᠪᠠᠢᠳᠠᠯ᠎ᠢ ᠨᠠᠷᠢᠨ ᠲᠠᠨᠢᠯᠴᠠᠭᠤᠯᠵᠠᠢ᠃

ᠬᠥᠯᠥᠨ ᠪᠣᠶ᠋ᠢᠷ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠬᠣᠷᠢᠶ᠎ᠠ ᠂ ᠪᠠᠢᠭᠠᠯᠢ᠎ᠶᠢᠨ ᠡᠬᠢ ᠪᠠᠶᠠᠯᠢᠭ᠋᠎ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠦᠳ ᠭᠠᠵᠠᠷ ᠣᠷᠣᠨ᠎ᠤ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠂ ᠣᠢᠷ᠎ᠠ᠎ᠶᠢᠨ ᠵᠢᠯ᠎ᠦᠨ ᠲᠤᠷᠰᠢᠬᠢ ᠠᠮᠢ ᠠᠬᠤᠢ᠎ᠶᠢ ᠬᠠᠮᠠᠭᠠᠯᠠᠨ ᠰᠡᠷᠭᠦᠭᠡᠬᠦ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭᠠᠯᠠᠬᠤ᠂ 《 ᠬᠣᠶᠠᠷ ᠠᠭᠤᠯᠠ 》᠎ᠶᠢ ᠬᠤᠪᠢᠷᠠᠭᠤᠯᠬᠤ ᠵᠡᠷᠭᠡ ᠲᠠᠯ᠎ᠠ᠎ᠪᠠᠷ ᠣᠯᠣᠭᠰᠠᠨ ᠦᠷ᠎ᠡ ᠪᠦᠲᠦᠮᠵᠢ᠂ ᠣᠷᠣᠰᠢᠵᠤ ᠪᠠᠢᠭ᠎ᠠ ᠠᠰᠠᠭᠤᠳᠠᠯ ᠵᠢᠴᠢ ᠳᠠᠷᠠᠭᠠᠴᠢ᠎ᠶᠢᠨ ᠠᠯᠬᠤᠮ᠎ᠤᠨ ᠠᠵᠢᠯ᠎ᠢ ᠲᠠᠨᠢᠯᠴᠠᠭᠤᠯᠵᠤ᠂ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠲᠤᠬᠠᠢ ᠡᠷᠬᠢᠮ ᠨᠠᠨᠳᠢᠨ ᠰᠠᠨᠠᠭᠤᠯᠭ᠎ᠠ ᠳᠤᠷᠠᠳᠬᠤ᠎ᠶᠢᠨ ᠬᠠᠮᠲᠤ ᠨᠤᠲᠤᠭ ᠪᠡᠯᠴᠢᠭᠡᠷ᠎ᠦᠨ ᠮᠠᠭᠤᠳᠠᠯ᠎ᠢ ᠰᠡᠷᠭᠡᠢᠯᠡᠨ ᠵᠠᠰᠠᠬᠤ᠂ ᠰᠠᠪᠠ ᠭᠠᠵᠠᠷ᠎ᠢ ᠶᠡᠷᠦᠩᠬᠡᠢᠯᠡᠨ ᠵᠠᠰᠠᠬᠤ᠂ ᠨᠡᠭᠦᠷᠡᠰᠦᠲᠥ᠋ᠷᠥᠭᠴᠢ᠎ᠶᠢ ᠬᠤᠷᠠᠭᠤᠯᠬᠤ ᠴᠢᠳᠠᠪᠤᠷᠢ᠎ᠶᠢ ᠳᠡᠭᠡᠭᠰᠢᠯᠡᠭᠦᠯᠬᠦ ᠵᠡᠷᠭᠡ ᠵᠠᠩᠭᠢᠯᠠᠭ᠎ᠠ᠎ᠶᠢᠨ ᠠᠰᠠᠭᠤᠳᠠᠯ᠎ᠤᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠪᠠ᠃

 ᠲᠠᠷᠠᠭᠠᠴᠢ᠎ᠶᠢᠨ ᠠᠯᠬᠤᠮ᠎ᠳᠤ᠂ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠮᠡᠷᠭᠡᠵᠢᠯ᠎ᠦᠨ ᠪᠦᠯᠬᠦᠮ᠎ᠦᠨ ᠬᠢᠨ ᠡᠯ᠎ᠡ ᠲᠠᠯ᠎ᠠ᠎ᠶᠢᠨ ᠰᠠᠨᠠᠯ᠎ᠢ ᠭᠦᠢᠴᠡᠳ ᠰᠢᠩᠭᠡᠬᠡᠨ ᠠᠪᠴᠤ᠂ ᠲᠥᠯᠦᠪᠵᠢᠭᠦᠯᠭᠡ᠎ᠶᠢᠨ ᠠᠭᠤᠯᠭ᠎ᠠ᠎ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠡᠭᠦᠷᠭᠡ᠎ᠶᠢ ᠴᠢᠨᠠᠷ ᠰᠠᠢᠲᠠᠢ ᠪᠡᠶᠡᠯᠡᠭᠦᠯᠵᠦ᠂ ᠲᠥᠯᠦᠪᠵᠢᠭᠦᠯᠭᠡ᠎ᠶᠢᠨ ᠰᠢᠨᠵᠢᠯᠡᠬᠦ ᠤᠬᠠᠭᠠᠨᠴᠢ ᠴᠢᠨᠠᠷ᠂ ᠪᠠᠷᠠᠭᠠᠯᠬᠢᠯᠠᠯᠳᠤ ᠴᠢᠨᠠᠷ ᠪᠣᠯᠣᠨ ᠬᠡᠷᠡᠭᠵᠢᠭᠦᠯᠵᠦ ᠪᠣᠯᠬᠤᠢᠴᠠ ᠴᠢᠨᠠᠷ᠎ᠢ ᠪᠠᠲᠤᠯᠠᠨ᠎ᠠ᠃ ᠡᠭᠦᠨ᠎ᠦ ᠬᠠᠮᠲᠤ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦ᠍ᠭᠡ᠎ᠶᠢᠨ ᠣᠯᠣᠯᠴᠠᠭ᠎ᠠ ᠵᠣᠬᠢᠴᠠᠭᠤᠯᠭ᠎ᠠ᠎ᠪᠠᠨ ᠴᠢᠩᠭᠠᠳᠬᠠᠵᠤ᠂ ᠲᠥᠯᠦᠪᠵᠢᠭᠦᠯᠭᠡ᠎ᠶᠢ ᠪᠣᠳᠠᠲᠠᠢ᠎ᠳᠤ ᠨᠠᠢᠳᠠᠪᠤᠷᠢᠵᠢᠭᠤᠯᠤᠨ ᠬᠡᠷᠡᠭᠵᠢᠭᠦᠯᠬᠦ᠎ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号