5 ᠰᠠᠷ᠎ᠠ᠎ᠶᠢᠨ 30᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ᠎ᠦᠨ ᠨᠠᠮ᠎ᠤᠨ ᠡᠭᠦᠷ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠶᠡᠷᠦᠩᠬᠡᠢᠯᠡᠭᠰᠡᠨ ᠭᠠᠵᠠᠷ᠂ ᠪᠠᠢᠭᠠᠯᠢ᠎ᠶᠢᠨ ᠭᠠᠵᠠᠷ᠂ ᠡᠳ᠋᠎ᠦᠨ ᠶᠠᠪᠤᠳᠠᠯ᠎ᠤᠨ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ᠎ᠦᠨ ᠭᠠᠵᠠᠷ ᠵᠡᠷᠭᠡ ᠨᠠᠮ᠎ᠤᠨ ᠡᠭᠦᠷ᠎ᠲᠠᠢ ᠬᠠᠮᠲᠤ᠎ᠪᠠᠷ ᠬᠥᠬᠡᠬᠣᠲᠠ᠎ᠶᠢᠨ ᠴᠢᠬᠡᠴᠢ ᠵᠠᠰᠠᠭ᠎ᠤᠨ ᠬᠥᠮᠦᠵᠢᠯ᠎ᠦᠨ ᠰᠠᠭᠤᠷᠢᠨ ᠭᠠᠵᠠᠷ᠎ᠲᠤ ᠬᠦᠷᠴᠦ ᠂ 《ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠪᠠᠲᠤ ᠰᠠᠬᠢᠵᠤ᠂ ᠬᠤᠪᠢᠰᠬᠠᠯ᠎ᠤᠨ ᠴᠢᠳᠠᠪᠤᠷᠢ᠎ᠶᠢ ᠣᠯᠭᠣᠵᠤ ᠠᠷᠢᠭᠤᠨ ᠴᠢᠬᠡᠴᠢ ᠲᠥᠪ ᠰᠤᠷᠲᠠᠯ᠎ᠢ ᠪᠠᠳᠠᠷᠠᠭᠤᠯᠬᠤ》 ᠪᠡᠷ ᠭᠣᠣᠯ ᠰᠡᠳᠦᠪ ᠪᠣᠯᠭᠠᠭᠰᠠᠨ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠪᠡ᠃
ᠲᠣᠰ ᠤᠳᠠᠭᠠᠨ᠎ᠤ ᠠᠵᠢᠯᠯᠠᠭ᠎ᠠ᠎ᠶᠢᠨ ᠵᠣᠷᠢᠯᠭ᠎ᠠ ᠨᠢ ᠲᠤᠬᠠᠢ᠎ᠶᠢᠨ ᠭᠠᠵᠠᠷ ᠲᠤᠨᠢ ᠰᠤᠷᠭᠠᠨ ᠬᠥᠮᠥᠵᠢᠭᠦᠯᠬᠦ ᠂ ᠬᠡᠷᠡᠭ᠎ᠦᠨ ᠵᠢᠱ᠌ᠢᠶ᠎ᠡ᠎ᠶᠢ ᠰᠤᠳᠤᠯᠤᠨ ᠶᠠᠷᠢᠯᠴᠠᠬᠤ ᠪᠠ ᠭᠠᠷᠤᠨ ᠥᠰᠥᠭ ᠵᠢᠷᠤᠵᠤ ᠠᠮᠠᠯᠳᠠᠬᠤ ᠵᠡᠷᠭᠡ ᠬᠡᠯᠪᠡᠷᠢ᠎ᠪᠡᠷ ᠳᠠᠮᠵᠢᠭᠤᠯᠤᠨ᠂ ᠲᠥᠪ ᠬᠣᠷᠢᠶᠠᠨ᠎ᠤ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭᠠᠨ᠎ᠤ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠠᠢᠯᠪᠤᠷᠢᠯᠠᠨ᠂ ᠨᠠᠮ᠎ᠤᠨ ᠭᠡᠰᠢᠭᠦᠨ ᠺᠠᠳ᠋ᠷᠴᠤᠳ᠎ᠤᠨ ᠠᠷᠢᠭᠤᠨ ᠴᠢᠬᠡᠴᠢ᠎ᠪᠡᠷ ᠪᠡᠶ᠎ᠡ᠎ᠪᠡᠨ ᠪᠠᠷᠢᠬᠤ ᠤᠬᠠᠮᠰᠠᠷ᠎ᠢ ᠴᠢᠩᠭᠠᠳᠬᠠᠵᠤ ᠂ ᠢᠯᠵᠢᠷᠡᠯ᠎ᠢ ᠡᠰᠡᠷᠭᠦᠴᠡᠨ ᠬᠤᠪᠢᠷᠠᠭᠤᠯᠤᠯᠲᠠ᠎ᠶᠢ ᠰᠡᠷᠭᠡᠢᠯᠡᠬᠦ ᠪᠠᠲᠤ ᠪᠡᠬᠢ ᠦᠵᠡᠯ ᠰᠠᠨᠠᠭᠠᠨ᠎ᠤ ᠰᠡᠷᠭᠡᠢᠯᠡᠯᠲᠡ᠎ᠶᠢᠨ ᠱᠤᠭᠤᠮ᠎ᠢ ᠴᠣᠭᠴᠠᠯᠠᠵᠤ ᠂ ᠲᠥᠪ ᠴᠢᠬᠡᠴᠢ ᠬᠡᠪ ᠰᠤᠷᠲᠠᠯ᠎ᠲᠠᠢ ᠤᠯᠤᠰ ᠲᠥᠷᠥ᠎ᠶᠢᠨ ᠠᠮᠢ ᠠᠬᠤᠢ᠎ᠶᠢ ᠪᠣᠶ ᠪᠣᠯᠭᠠᠬᠤ᠎ᠶᠢᠨ ᠲᠥᠯᠥᠭᠡ ᠶᠤᠮ᠃
ᠴᠢᠬᠡᠴᠢ ᠵᠠᠰᠠᠭ᠎ᠦᠨ ᠬᠥᠮᠦᠵᠢᠯ᠎ᠦᠨ ᠰᠠᠭᠤᠷᠢᠨ ᠭᠠᠵᠠᠷ᠎ᠲᠤ ᠪᠦᠬᠦ ᠠᠵᠢᠯᠲᠠᠳ ᠢᠯᠵᠢᠷᠡᠯ᠎ᠤᠨ ᠨᠡᠢᠲᠡᠯᠢᠭ ᠬᠡᠷᠡᠭ᠎ᠦᠨ ᠲᠤᠬᠠᠢ ᠨᠠᠷᠢᠨ ᠲᠠᠢᠯᠪᠤᠷᠢᠯᠠᠯᠲᠠ᠎ᠶᠢ ᠰᠣᠨᠣᠰᠴᠤ᠂ ᠱᠠᠮᠰᠢᠵᠤ ᠢᠯᠵᠢᠷᠡᠨ ᠳᠣᠷᠣᠢᠲᠠᠭᠰᠠᠨ ᠠᠵᠢᠯᠯᠠᠭ᠎ᠠ ᠨᠢ ᠨᠠᠮ᠎ᠤᠨ ᠵᠣᠬᠢᠶᠠᠨ ᠪᠠᠢᠭᠤᠯᠤᠯᠲᠠ᠎ᠶᠢᠨ ᠳᠦᠷᠢ ᠲᠥᠷᠬᠦ ᠪᠠ ᠨᠡᠢᠭᠡᠮ᠎ᠦᠨ ᠬᠡᠪ ᠰᠤᠷᠲᠠᠯ᠎ᠢ ᠬᠦᠨᠳᠦ ᠨᠣᠴᠢᠲᠠᠢ ᠡᠪᠳᠡᠭᠰᠡᠨ ᠭᠡᠳᠡᠭ᠎ᠢ ᠰᠢᠭᠤᠳ ᠣᠢᠯᠠᠭᠠᠵᠤ ᠮᠡᠳᠡᠭᠰᠡᠨ ᠪᠠᠢᠨ᠎ᠠ ᠃ ᠵᠢᠷᠤᠭ ᠦᠰᠦᠭ᠎ᠦᠨ ᠦᠵᠡᠭᠦᠯᠭᠡ᠎ᠶᠢᠨ ᠰᠠᠮᠪᠠᠷ᠎ᠠ ᠪᠣᠯᠣᠨ ᠦᠨᠡᠨ ᠪᠣᠳᠠᠲᠤ ᠬᠡᠷᠡᠭ᠎ᠦᠨ ᠵᠢᠱ᠌ᠢᠶ᠎ᠡ ᠨᠢ ᠬᠠᠷᠢᠯᠴᠠᠨ ᠭᠡᠷᠡᠴᠢᠯᠡᠵᠦ᠂ ᠴᠢᠩᠭ᠎ᠠ ᠰᠡᠷᠡᠮᠵᠢᠯᠡᠭᠦᠯᠬᠦ ᠦᠷ᠎ᠡ ᠪᠦᠲᠦᠮᠵᠢ᠎ᠶᠢ ᠪᠤᠢ ᠪᠣᠯᠭᠠᠵᠤ᠂ ᠨᠠᠮ᠎ᠤᠨ ᠭᠡᠰᠢᠭᠦᠨ ᠨᠢᠭᠡᠪᠦᠷᠢ᠎ᠳᠦ ᠰᠠᠬᠢᠯᠭ᠎ᠠ ᠪᠠᠲᠤ᠎ᠶᠢᠨ ᠤᠯᠠᠭᠠᠨ ᠱᠤᠭᠤᠮ᠎ᠢ ᠪᠠᠲᠤ ᠰᠠᠬᠢᠬᠤ᠎ᠶᠢᠨ ᠴᠢᠬᠤᠯᠠ ᠴᠢᠨᠠᠷ᠎ᠢ ᠭᠦᠨᠵᠡᠭᠡᠢ ᠲᠠᠨᠢᠭᠤᠯᠵᠠᠢ᠃
ᠲᠣᠭᠣᠷᠢᠨ ᠦᠵᠡᠵᠦ ᠪᠠᠷᠠᠭᠰᠠᠨ᠎ᠤ ᠲᠠᠷᠠᠭ᠎ᠠ᠂ ᠡᠯ᠎ᠡ ᠨᠠᠮ᠎ᠤᠨ ᠡᠭᠦᠷ᠎ᠦᠨ ᠬᠢᠨ ᠳᠤᠭᠤᠢᠯᠠᠩ᠎ᠤᠨ ᠶᠠᠷᠢᠯᠴᠠᠭ᠎ᠠ ᠥᠷᠨᠢᠭᠦᠯᠪᠡ᠃ ᠨᠠᠮ᠎ᠤᠨ ᠭᠡᠰᠢᠭᠦᠳ ᠲᠤᠰ ᠪᠡᠶ᠎ᠡ᠎ᠶᠢᠨ ᠠᠵᠢᠯ᠎ᠤᠨ ᠪᠠᠢᠷᠢ᠎ᠶᠢᠨ ᠪᠣᠳᠠᠲᠤ ᠪᠠᠢᠳᠠᠯ᠎ᠲᠠᠢ᠎ᠪᠠᠨ ᠨᠢᠭ᠍ᠲᠠ ᠤᠶᠠᠯᠳᠤᠭᠤᠯᠤᠨ᠂ ᠬᠦᠰᠡᠯᠡᠩ ᠢᠲᠡᠭᠡᠯ ᠵᠣᠷᠢᠭ᠋᠂ ᠬᠢᠨᠠᠯᠲᠠ ᠲᠠᠯᠪᠢᠬᠤ ᠲᠣᠭᠲᠠᠴᠠ ᠵᠡᠷᠭᠡ ᠲᠠᠯ᠎ᠠ᠎ᠠᠴᠠ ᠢᠯᠵᠢᠷᠡᠯ᠎ᠤᠨ ᠦᠨᠳᠦᠰᠦ ᠰᠤᠷᠪᠤᠯᠵᠢ᠎ᠶᠢ ᠭᠦᠨ ᠳᠠᠪᠬᠤᠷᠭ᠎ᠠ᠎ᠠᠴᠠ ᠵᠠᠳᠠᠯᠤᠨ ᠰᠢᠨᠵᠢᠯᠡᠪᠡ᠃ ᠤᠯᠠᠨ᠎ᠢᠶᠠᠷ᠎ᠢᠶᠠᠨ᠂ 《 ᠬᠡᠷᠡᠭ᠎ᠢ ᠪᠠᠭ᠎ᠠ ᠳᠡᠭᠡᠷ᠎ᠡ ᠨᠢ ᠰᠡᠷᠭᠡᠢᠯᠡᠵᠦ᠂ ᠠᠷᠢᠭᠤᠨ ᠴᠢᠬᠡᠴᠢ᠎ᠪᠡᠷ ᠡᠷᠬᠡ᠎ᠪᠡᠨ ᠬᠡᠷᠡᠭᠯᠡᠵᠦ 》᠂ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠰᠡᠳᠬᠢᠯ᠎ᠳᠡᠭᠡᠨ ᠰᠢᠩᠭᠡᠭᠡᠵᠦ᠂ ᠦᠢᠯᠡ ᠠᠵᠢᠯᠯᠠᠭ᠎ᠠ᠎ᠳᠠᠭᠠᠨ ᠰᠢᠩᠭᠡᠭᠡᠵᠦ᠂ 《 ᠥᠴᠥᠬᠡᠨ ᠴᠦ᠍ ᠢᠯᠳᠠᠷ ᠬᠠᠶᠠᠬᠤ ᠦᠭᠡᠢ 》 ᠣᠪᠣᠷ᠎ᠢᠶᠠᠷ ᠲᠥᠪ ᠪᠤᠰᠤ ᠰᠤᠷᠲᠠᠯ᠎ᠢ ᠡᠷᠡᠰ ᠡᠰᠡᠷᠭᠦᠴᠡᠨ᠎ᠡ ᠭᠡᠵᠦ ᠰᠠᠨᠠᠯ ᠨᠢᠭᠡᠲᠡᠢ ᠢᠯᠡᠳᠬᠡᠪᠡ᠃
ᠲᠤᠰ ᠤᠳᠠᠭᠠᠨ᠎ᠤ ᠭᠣᠣᠯ ᠰᠡᠳᠦᠪᠲᠦ ᠨᠠᠮ᠎ᠤᠨ ᠡᠳᠦᠷ᠎ᠦᠨ ᠬᠠᠮᠲᠤᠷᠠᠭᠰᠠᠨ ᠠᠵᠢᠯᠯᠠᠭ᠎ᠠ ᠨᠢ ᠴᠢᠬᠡᠴᠢ ᠵᠠᠰᠠᠭ᠎ᠦᠨ ᠲᠤᠬᠠᠢ ᠨᠢᠭᠡ ᠤᠳᠠᠭᠠᠨ᠎ᠤ ᠭᠦᠨᠵᠡᠭᠡᠢ ᠬᠥᠮᠦᠵᠢᠯ ᠪᠣᠯᠬᠤ᠎ᠪᠠᠷ ᠪᠠᠷᠠᠬᠤ ᠦᠭᠡᠢ ᠂ ᠨᠡᠩ ᠴᠤ᠌ ᠨᠠᠮ᠎ᠤᠨ ᠭᠡᠰᠢᠭᠦᠨ ᠺᠠᠳ᠋ᠷᠴᠤᠳ ᠵᠢᠴᠢ ᠨᠠᠮ᠎ᠤᠨ ᠭᠠᠳᠠᠨᠠᠬᠢ ᠬᠥᠮᠥᠰ᠎ᠦᠨ ᠠᠷᠢᠭᠤᠨ ᠴᠢᠬᠡᠴᠢ᠎ᠪᠡᠷ ᠵᠠᠰᠠᠭ ᠪᠠᠷᠢᠬᠤ᠂ ᠠᠷᠢᠭᠤᠨ ᠴᠢᠬᠡᠴᠢ᠎ᠪᠡᠷ ᠡᠷᠬᠡ᠎ᠪᠡᠨ ᠬᠡᠷᠡᠭᠯᠡᠬᠦ ᠲᠤᠬᠠᠢ ᠨᠢᠭᠡ ᠤᠳᠠᠭᠠᠨ᠎ᠤ ᠬᠦᠴᠦᠲᠡᠢ ᠱᠠᠭᠠᠷᠳᠠᠯᠭ᠎ᠠ ᠪᠣᠯᠵᠤ ᠂ ᠺᠠᠳ᠋ᠷᠴᠤᠳ᠎ᠤᠨ ᠠᠷᠢᠭᠤᠨ ᠴᠢᠬᠡᠴᠢ᠎ᠪᠡᠷ ᠵᠠᠰᠠᠭ ᠪᠠᠷᠢᠬᠤ ᠠᠮᠠᠯᠠᠯᠲᠠ᠎ᠪᠠᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ᠎ᠶᠢ ᠵᠣᠷᠢᠭ᠍ᠵᠢᠭᠤᠯᠵᠠᠢ᠃ ᠠᠵᠢᠯᠯᠠᠭ᠎ᠠ ᠨᠢ ᠪᠢᠲᠡᠭᠦᠦ ᠴᠠᠭᠠᠷᠢᠭ᠋᠎ᠤᠨ ᠬᠥᠮᠦᠵᠢᠯ᠎ᠦᠨ ᠵᠠᠭᠪᠤᠷ᠎ᠢᠶᠠᠷ ᠳᠠᠮᠵᠢᠭᠤᠯᠤᠨ᠂ ᠨᠠᠮ᠎ᠤᠨ ᠭᠡᠰᠢᠭᠦᠨ ᠺᠠᠳ᠋ᠷᠴᠤᠳ᠎ᠤᠨ ᠴᠢᠬᠡᠴᠢ ᠵᠠᠰᠠᠭ᠎ᠤᠨ ᠬᠥᠮᠦᠵᠢᠯ᠎ᠦᠨ ᠲᠤᠬᠠᠢ ᠲᠠᠨᠢᠯᠲᠠ᠎ᠶᠢ ᠭᠦᠨᠵᠡᠭᠡᠢᠷᠡᠭᠦᠯᠵᠦ᠂ ᠠᠷᠢᠭᠤᠨ ᠴᠢᠬᠡᠴᠢ᠎ᠪᠡᠷ ᠪᠡᠶ᠎ᠡ᠎ᠪᠡᠨ ᠪᠠᠷᠢᠬᠤ᠎ᠶᠢ ᠵᠠᠪᠠᠯ ᠰᠤᠷᠬᠤ ᠬᠢᠴᠢᠶᠡᠯ ᠪᠣᠯᠭᠠᠵᠤ᠂ ᠨᠡᠢᠲᠡᠯᠢᠭ ᠬᠡᠷᠡᠭ᠎ᠦᠨ ᠵᠢᠱ᠌ᠢᠶ᠎ᠡ᠎ᠡᠴᠡ ᠰᠤᠷᠭᠠᠮᠵᠢ ᠠᠪᠴᠤ᠂ ᠠᠵᠢᠯ᠎ᠤᠨ ᠪᠠᠢᠷᠢ᠎ᠶᠢᠨ ᠬᠣᠷᠢᠭ᠎ᠠ ᠱᠤᠭᠤᠮ᠎ᠢ ᠪᠠᠲᠤ ᠰᠠᠬᠢᠪᠠ᠃
ᠲᠣᠰ ᠤᠳᠠᠭᠠᠨ᠎ᠤ ᠠᠵᠢᠯᠯᠠᠭ᠎ᠠ ᠨᠢ ᠲᠥᠪ ᠬᠣᠷᠢᠶᠠᠨ᠎ᠤ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭᠠᠨ᠎ᠤ ᠲᠤᠬᠠᠢ ᠣᠢᠯᠠᠭᠠᠯᠲᠠ᠎ᠶᠢ ᠭᠦᠨᠵᠡᠭᠡᠢᠷᠡᠭᠦᠯᠦᠭᠰᠡᠨ᠎ᠢᠶᠡᠷ ᠪᠠᠷᠠᠬᠤ ᠦᠭᠡᠢ᠂ ᠨᠠᠩ ᠴᠤ᠌ ᠬᠤᠪᠢᠰᠬᠠᠯ᠎ᠤᠨ ᠰᠣᠶᠣᠯ᠎ᠢᠶᠠᠷ ᠴᠢᠳᠠᠪᠤᠷᠢ ᠣᠯᠭᠣᠵᠤ᠂ ᠢᠯᠵᠢᠷᠡᠯ᠎ᠢ ᠡᠰᠡᠷᠭᠦᠴᠡᠬᠦ ᠦᠵᠡᠯ ᠰᠠᠨᠠᠭᠠᠨ᠎ᠤ ᠤᠬᠠᠮᠰᠠᠷ᠎ᠢ ᠪᠣᠶ ᠪᠣᠯᠭᠠᠬᠤ᠎ᠶᠢ ᠠᠬᠢᠭᠤᠯᠪᠠ᠃ ᠪᠦᠬᠦ ᠺᠠᠳ᠋ᠷ ᠡᠭᠦᠨ᠎ᠢᠶᠡᠷ ᠠᠵᠠ ᠲᠣᠬᠢᠶᠠᠯ ᠪᠣᠯᠭᠠᠵᠤ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠬᠦᠷᠢᠶᠡᠨ᠎ᠦ ᠴᠢᠬᠡᠴᠢ ᠵᠠᠰᠠᠭ᠎ᠦᠨ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ᠎ᠶᠢ ᠪᠤᠢ ᠪᠣᠯᠭᠠᠵᠤ᠂ ᠴᠢᠬᠡᠴᠢ ᠲᠥᠪ ᠰᠤᠷᠲᠠᠯ᠎ᠢ ᠠᠵᠢᠯ ᠬᠢᠵᠦ ᠦᠢᠯᠡᠰ ᠪᠣᠰᠬᠠᠬᠤ᠎ᠶᠢᠨ ᠦᠨᠳᠦᠰᠦ ᠪᠠ ᠰᠠᠭᠤᠷᠢ ᠬᠦᠴᠦᠨ ᠪᠣᠯᠭᠠᠨ᠎ᠠ᠃