ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠬᠠᠯᠬᠠᠪᠴᠢ
ᠤᠶᠤᠨ᠎ᠤ ᠬᠦᠴᠦᠨ᠎ᠢ ᠰᠢᠩᠭᠡᠬᠡᠨ ᠠᠪᠴᠤ᠂ ᠡᠭᠦᠷᠭᠡ ᠬᠠᠷᠢᠭᠤᠴᠠᠯᠭ᠎ᠠ᠎ᠪᠠᠨ ᠴᠢᠩᠭᠠᠳᠬᠠᠨ᠎ᠠ ︱ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ᠎ᠦᠨ ᠨᠠᠮ᠎ᠤᠨ ᠡᠭᠦᠷ ᠶᠠᠫᠤᠨ᠎ᠢ ᠡᠰᠡᠷᠭᠦᠴᠡᠬᠦ ᠲᠠᠢ᠍ᠢᠨ ᠢᠯᠠᠯᠲᠠ ᠣᠯᠣᠭᠰᠠᠨ 80 ᠵᠢᠯ᠎ᠦᠨ ᠤᠢ᠎ᠶᠢ ᠳᠤᠷᠠᠰᠬᠠᠬᠤ ᠭᠣᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-06-30

       ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠶ᠋ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠳᠠᠶ᠋ᠢᠨ ᠢᠯᠠᠯᠲᠠ ᠣᠯᠣᠭᠰᠠᠨ 80 ᠵᠢᠯ᠎ᠦᠨ ᠣᠶ᠎ᠶᠢ ᠳᠤᠷᠠᠰᠬᠠᠵᠤ ᠂ ᠶᠠᠫᠤᠨ᠎ᠢ ᠡᠰᠡᠷᠭᠦᠴᠡᠬᠦ ᠠᠭᠤᠤ ᠶᠡᠬᠡ ᠳᠠᠢ᠍ᠢᠨ᠎ᠦ ᠵᠣᠷᠢᠭ᠋ ᠰᠠᠨᠠᠭ᠎ᠠ᠎ᠶᠢ ᠴᠢᠨᠠᠭᠰᠢᠳᠠ ᠪᠠᠳᠠᠷᠠᠭᠤᠯᠵᠤ᠂ ᠨᠠᠮ᠎ᠤᠨ ᠭᠡᠰᠢᠭᠦᠨ᠎ᠦ ᠨᠠᠮᠴᠢ ᠴᠢᠨᠠᠷ᠎ᠤᠨ ᠬᠥᠮᠦᠵᠢᠯ᠎ᠢ ᠴᠢᠩᠭᠠᠳᠬᠠᠬᠤ᠎ᠶᠢᠨ ᠲᠥᠯᠥᠭᠡ᠂ 6 ᠰᠠᠷ᠎ᠠ᠎ᠶᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ᠎ᠦᠨ ᠨᠠᠮ᠎ᠤᠨ ᠡᠭᠦᠷ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢᠴᠠᠭᠠᠬᠤ ᠮᠡᠷᠭᠡᠵᠢᠯ᠎ᠦᠨ ᠳᠡᠮᠵᠢᠯᠭᠡ᠎ᠶᠢᠨ ᠲᠥᠪ᠎ᠦᠨ ᠨᠠᠮ᠎ᠤᠨ ᠡᠭᠦᠷ᠎ᠲᠠᠢ ᠬᠠᠮᠲᠤᠷᠠᠨ᠂ 《 ᠶᠠᠫᠤᠨ᠎ᠢ ᠡᠰᠡᠷᠭᠦᠴᠡᠬᠦ ᠳᠠᠢ᠍ᠢᠨ᠎ᠦ ᠲᠡᠦᠬᠡ᠎ᠶᠢ ᠪᠠᠲᠤ ᠴᠡᠭᠡᠵᠢᠯᠡᠵᠦ᠂ ᠬᠤᠪᠢᠰᠬᠠᠯ᠎ᠤᠨ ᠭᠧᠨ᠎ᠢ ᠤᠯᠠᠮᠵᠢᠯᠠᠵᠤ᠂ ᠡᠷᠡᠯᠬᠡᠭᠯᠡᠨ ᠤᠷᠤᠭᠰᠢᠯᠠᠬᠤ ᠬᠦᠴᠦᠨ᠎ᠢ ᠨᠢᠭ᠍ᠲᠠᠷᠠᠭᠤᠯᠬᠤ 》 ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠪᠡ᠃
       ᠡᠩ ᠲᠡᠷᠢᠭᠦᠨ᠎ᠳᠦ᠂ ᠪᠦᠬᠦ ᠨᠠᠮ᠎ᠤᠨ ᠭᠡᠰᠢᠭᠦᠳ ᠶᠠᠫᠤᠨ᠎ᠢ ᠡᠰᠡᠷᠭᠦᠴᠡᠬᠦ ᠲᠠᠢ᠍ᠢᠨ᠎ᠦ ᠰᠡᠳᠦᠪᠲᠦ ᠺᠢᠨᠣ᠋ 《 ᠲᠣᠣᠺᠢᠤ᠋ ᠵᠢᠨ ᠰᠢᠭᠦᠨ ᠲᠠᠰᠤᠯᠤᠯᠳᠠ 》᠎ᠶᠢ ᠲᠥᠪᠯᠡᠷᠡᠭᠦᠯᠦᠨ ᠦᠵᠡᠪᠡ᠃ ᠡᠨᠡ ᠬᠦ᠌ ᠺᠢᠨᠣ᠋ ᠨᠢ ᠳᠠᠶ᠋ᠢᠨ᠎ᠦ ᠳᠠᠷᠠᠭᠠᠬᠢ ᠳᠡᠯᠡᠬᠡᠢ ᠨᠡᠶ᠋ᠢᠲᠡ᠎ᠡᠴᠡ ᠶᠠᠫᠤᠨ᠎ᠤ ᠴᠡᠷᠢᠭᠯᠡᠬᠦ ᠦᠵᠡᠯ᠎ᠳᠦ ᠬᠢᠭᠰᠡᠨ ᠰᠢᠳᠤᠷᠭᠤ ᠶᠣᠰᠣᠨ᠎ᠤ ᠰᠢᠭᠦᠨ ᠲᠠᠰᠤᠯᠤᠯᠲᠠ ᠎ᠶᠢ ᠭᠦᠨᠵᠡᠭᠡᠢ ᠳᠡᠯᠭᠡᠨ ᠦᠵᠡᠭᠦᠯᠵᠦ ᠂ ᠳᠤᠮᠳᠠᠳᠤ ᠤᠯᠤᠰ᠎ᠤᠨ ᠠᠷᠠᠳ ᠲᠦᠮᠡᠨ᠎ᠦ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠳᠠᠶ᠋ᠢᠨ᠎ᠦ ᠢᠯᠠᠯᠲᠠ᠎ᠳᠤ ᠦᠵᠡᠭᠦᠯᠦᠭᠰᠡᠨ ᠯᠤᠲᠤ ᠶᠡᠬᠡ ᠬᠤᠪᠢ ᠨᠡᠮᠡᠷᠢ᠎ᠶᠢ ᠬᠠᠷᠠᠭᠤᠯᠵᠠᠢ ᠃ ᠺᠢᠨᠣ᠋ ᠦᠵᠡᠵᠦ ᠳᠠᠭᠤᠰᠤᠭᠰᠠᠨ᠎ᠤ ᠳᠠᠷᠠᠭ᠎ᠠ ᠂ ᠬᠤᠷᠠᠯ᠎ᠳᠤ ᠣᠷᠣᠯᠴᠠᠭᠰᠠᠨ ᠨᠠᠮ᠎ᠤᠨ ᠭᠡᠰᠢᠭᠦᠳ ᠥᠪᠡᠷ᠎ᠦᠨ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠂ 《 ᠨᠢᠭᠡ ᠯᠡ ᠦᠭᠡ᠎ᠪᠡᠷ ᠰᠤᠳᠤᠯᠤᠨ ᠶᠠᠷᠢᠯᠴᠠᠬᠤ 》 ᠬᠡᠯᠪᠡᠷᠢ᠎ᠪᠡᠷ ᠣᠯᠣᠯᠲᠠ ᠲᠥᠷᠥᠭᠳᠡᠯ᠎ᠢᠶᠡᠨ ᠬᠤᠪᠢᠶᠠᠯᠴᠠᠪᠠ ᠃ ᠤᠯᠠᠨ᠎ᠢᠶᠠᠷ᠎ᠢᠶᠠᠨ᠂ ᠶᠠᠫᠤᠨ᠎ᠢ ᠡᠰᠡᠷᠭᠦᠴᠡᠬᠦ ᠳᠠᠢ᠍ᠢᠨ᠎ᠦ ᠵᠣᠷᠢᠭ᠋ ᠰᠠᠨᠠᠭ᠎ᠠ᠎ᠠᠴᠠ ᠡᠷᠡᠯᠬᠡᠭᠯᠡᠨ ᠤᠷᠤᠭᠰᠢᠯᠠᠬᠤ ᠬᠦᠴᠦᠨ᠎ᠢ ᠣᠯᠵᠤ᠂ ᠰᠢᠨᠲᠠᠷᠠᠰᠢ ᠦᠭᠡᠢ ᠲᠡᠮᠡᠴᠡᠬᠦ᠂ ᠵᠣᠷᠢᠭ᠍ᠲᠠᠢ᠎ᠪᠠᠷ ᠲᠡᠮᠡᠴᠡᠬᠦ ᠬᠤᠪᠢᠰᠬᠠᠯᠲᠤ ᠵᠣᠷᠢᠭ᠋ ᠰᠠᠨᠠᠭ᠎ᠠ᠎ᠶᠢ ᠬᠦᠴᠢᠷ᠎ᠢ ᠲᠤᠭᠤᠯᠤᠨ ᠪᠡᠷᠬᠡ᠎ᠶᠢ ᠳᠠᠪᠠᠬᠤ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠡᠪ ᠬᠠᠮᠲᠤ ᠨᠠᠮ᠎ᠤᠨ ᠭᠡᠰᠢᠭᠦᠨ᠎ᠦ ᠡᠭᠦᠷᠭᠡ ᠬᠠᠷᠢᠭᠤᠴᠠᠯᠭ᠎ᠠ᠎ᠪᠠᠨ ᠢᠯᠡᠷᠡᠭᠦᠯᠦᠨ᠎ᠡ ᠭᠡᠵᠦ ᠢᠯᠡᠳᠬᠡᠵᠡᠭᠡᠪᠡ᠃
       ᠳᠠᠷᠠᠭ᠎ᠠ ᠳ᠋ᠤᠨᠢ᠂ ᠲᠥᠪ ᠬᠢᠴᠢᠶᠡᠩᠭᠦᠢ ᠠᠭᠤᠷ ᠠᠮᠢᠰᠬᠤᠯ᠎ᠤᠨ ᠳᠤᠮᠳᠠ᠂ ᠪᠦᠬᠦ ᠨᠠᠮ᠎ᠤᠨ ᠭᠡᠰᠢᠭᠦᠨ ᠨᠠᠮ᠎ᠤᠨ ᠭᠡᠰᠢᠭᠦᠨ᠎ᠦ ᠰᠦᠯᠳᠡ ᠲᠡᠮᠳᠡᠭ᠎ᠢ ᠵᠡᠭᠦᠵᠦ᠂ ᠨᠠᠮ᠎ᠤᠨ ᠲᠤᠭ᠎ᠲᠤ ᠬᠠᠨᠳᠤᠵᠤ᠂ ᠨᠠᠮ᠎ᠳᠤ ᠣᠷᠣᠬᠤ ᠲᠠᠩᠭᠠᠷᠢᠭ᠋᠎ᠤᠨ ᠦᠭᠡᠰ᠎ᠢ ᠳᠠᠬᠢᠨᠲᠠ ᠡᠷᠭᠢᠴᠡᠭᠦᠯᠪᠡ᠃ ᠢᠳᠡ ᠬᠦᠴᠦᠲᠡᠢ ᠲᠠᠩᠭᠠᠷᠢᠭ᠋ ᠨᠢ ᠨᠠᠮ᠎ᠤᠨ ᠭᠡᠰᠢᠭᠦᠨ᠎ᠦ ᠬᠦᠰᠡᠯᠡᠩ ᠢᠲᠡᠭᠡᠯ ᠪᠢᠰᠢᠷᠡᠯ ᠪᠣᠯᠣᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶᠢ ᠤᠯᠠᠮ ᠴᠢᠨᠠᠭᠰᠢᠳᠠ ᠪᠠᠲᠤᠳᠬᠠᠪᠠ᠃ ᠠᠵᠢᠯᠯᠠᠭ᠎ᠠ᠎ᠶᠢᠨ ᠳᠤᠮᠳᠠ ᠂ ᠨᠠᠮ᠎ᠤᠨ ᠡᠭᠦᠷ ᠪᠠᠰᠠ ᠲᠣᠰ ᠰᠠᠷ᠎ᠠ᠎ᠳᠤ ᠨᠠᠮ᠎ᠳᠤ ᠣᠷᠣᠭᠰᠠᠨ ᠨᠠᠮ᠎ᠤᠨ ᠭᠡᠰᠢᠭᠦᠨ᠎ᠳᠦ ᠪᠣᠷᠣᠭᠵᠢᠭᠤᠨ ᠪᠥᠭᠡᠳ ᠲᠥᠪ ᠬᠢᠴᠢᠶᠡᠩᠭᠦᠢ 《 ᠤᠯᠤᠰ ᠲᠥᠷᠥ᠎ᠶᠢᠨ ᠲᠥᠷᠥᠭᠰᠡᠨ ᠡᠳᠦᠷ᠎ᠦᠨ ᠪᠠᠶᠠᠷ 》᠎ᠤᠨ ᠶᠣᠰᠣᠯᠠᠯ ᠶᠠᠪᠤᠭᠤᠯᠵᠤ ᠂ 《 ᠲᠥᠪ ᠬᠣᠷᠢᠶᠠᠨ᠎ᠤ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠰᠤᠷᠤᠯᠴᠠᠯᠭ᠎ᠠ᠎ᠶᠢᠨ ᠤᠩᠰᠢᠬᠤ ᠪᠢᠴᠢᠭ 》 ᠪᠠ ᠨᠠᠮ᠎ᠤᠨ ᠭᠡᠰᠢᠭᠦᠨ᠎ᠦ ᠰᠦᠯᠳᠡ ᠲᠡᠮᠳᠡᠭ᠎ᠢ ᠪᠡᠯᠡᠭᠯᠡᠵᠦ ᠂ ᠲᠡᠳᠡᠨ᠎ᠢ ᠨᠠᠮ᠎ᠤᠨ ᠭᠡᠰᠢᠭᠦᠨ᠎ᠦ ᠮᠥᠨ ᠴᠢᠨᠠᠷ᠎ᠢᠶᠠᠨ ᠡᠭᠦᠷᠢᠳᠡ ᠬᠠᠳᠠᠭᠠᠯᠠᠵᠤ ᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠳᠠᠬᠢᠨ ᠰᠢᠨ᠎ᠡ ᠭᠠᠪᠢᠶ᠎ᠠ ᠪᠠᠶ᠋ᠢᠭᠤᠯᠬᠤ᠎ᠶᠢ ᠵᠣᠷᠢᠭ᠍ᠵᠢᠭᠤᠯᠪᠠ᠃
       ᠡᠨᠡ ᠤᠳᠠᠭ᠎ᠠ᠎ᠶᠢᠨ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠪᠣᠯ ᠨᠢᠭᠡ ᠤᠳᠠᠭ᠎ᠠ᠎ᠶᠢᠨ ᠠᠮᠢᠳᠤᠯᠢᠭ᠋ ᠡᠬᠡ ᠣᠷᠣᠨᠴᠢ ᠦᠵᠡᠯ᠎ᠦᠨ ᠬᠥᠮᠦᠵᠢᠯ ᠪᠣᠯᠬᠤ ᠪᠥᠭᠡᠳ ᠪᠠᠰᠠ ᠴᠤ᠌ ᠨᠢᠭᠡ ᠤᠳᠠᠭ᠎ᠠ᠎ᠶᠢᠨ ᠭᠦᠨ ᠭᠦᠨᠵᠡᠭᠡᠢ ᠨᠠᠮᠴᠢ ᠴᠢᠨᠠᠷ᠎ᠤᠨ ᠳᠠᠪᠲᠠᠯᠲᠠ ᠪᠣᠯᠬᠤ ᠶᠤᠮ᠃ ᠬᠤᠪᠢᠰᠬᠠᠯ᠎ᠤᠨ ᠦᠵᠡᠯᠲᠡ᠎ᠶᠢ ᠰᠣᠨᠢᠷᠬᠠᠬᠤ᠂ ᠰᠤᠳᠤᠯᠤᠨ ᠶᠠᠷᠢᠯᠴᠠᠬᠤ ᠪᠠ ᠲᠠᠩᠭᠠᠷᠢᠭ᠋᠎ᠤᠨ ᠦᠭᠡᠰ᠎ᠢᠶᠡᠨ ᠲᠠᠬᠢᠨ ᠡᠷᠭᠢᠴᠡᠭᠦᠯᠬᠦ᠎ᠪᠡᠷ ᠳᠠᠮᠵᠢᠭᠤᠯᠤᠨ᠂ ᠪᠦᠬᠦ ᠨᠠᠮ᠎ᠤᠨ ᠭᠡᠰᠢᠭᠦᠳ ᠶᠠᠫᠤᠨ᠎ᠢ ᠡᠰᠡᠷᠭᠦᠴᠡᠬᠦ ᠲᠠᠢ᠍ᠢᠨ᠎ᠦ ᠢᠯᠠᠯᠲᠠ᠎ᠶᠢᠨ ᠠᠭᠤᠤ ᠶᠡᠬᠡ ᠲᠡᠦᠬᠡᠲᠦ ᠠᠴᠢ ᠬᠣᠯᠪᠣᠭᠳᠠᠯ᠎ᠢ ᠤᠯᠠᠮ ᠨᠢᠭᠡ ᠠᠯᠬᠤᠮ ᠲᠠᠨᠢᠵᠤ᠂ ᠲᠡᠦᠬᠡ᠎ᠶᠢᠨ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ᠎ᠪᠡᠨ ᠴᠢᠩᠭᠠᠳᠬᠠᠪᠠ᠃ ᠤᠯᠠᠨ᠎ᠢᠶᠠᠷ᠎ᠢᠶᠠᠨ᠂ ᠤᠯᠤᠰ᠎ᠢᠶᠠᠨ ᠬᠠᠢᠷᠠᠯᠠᠬᠤ ᠰᠡᠳᠬᠢᠯᠭᠡ᠎ᠪᠡᠨ ᠲᠤᠬᠠᠢᠯᠠᠭᠰᠠᠨ ᠠᠵᠢᠯ᠎ᠳᠠᠭᠠᠨ ᠠᠭᠤᠰᠬᠠᠵᠤ᠂ ᠨᠡᠩ ᠴᠤᠭ ᠪᠠᠳᠠᠷᠠᠩᠭᠤᠢ ᠳᠦᠷᠢ ᠲᠥᠷᠬᠦ᠎ᠪᠡᠷ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠳᠤ ᠣᠷᠣᠯᠴᠠᠵᠤ᠂ ᠮᠠᠨ᠎ᠤ ᠤᠯᠤᠰ᠎ᠤᠨ ᠤᠮᠠᠷᠠᠲᠤ᠎ᠶᠢᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠳᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠵᠡᠭᠡᠪᠡ᠃
       ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ᠎ᠦᠨ ᠨᠠᠮ᠎ᠤᠨ ᠡᠭᠦᠷ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠬᠢᠨᠠᠨ ᠪᠠᠢᠴᠠᠭᠠᠬᠤ ᠮᠡᠷᠭᠡᠵᠢᠯ᠎ᠦᠨ ᠳᠡᠮᠵᠢᠯᠭᠡ ᠦᠵᠡᠭᠦᠯᠬᠦ ᠲᠥᠪ᠎ᠦᠨ ᠨᠠᠮ᠎ᠤᠨ ᠡᠭᠦᠷ ᠲᠤᠰ ᠤᠳᠠᠭᠠᠨ᠎ᠤ ᠠᠵᠢᠯᠯᠠᠭ᠎ᠠ᠎ᠪᠠᠷ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠬᠤᠪᠢᠰᠬᠠᠯ᠎ᠤᠨ ᠭᠧᠨ᠎ᠢ ᠤᠯᠠᠮᠵᠢᠯᠠᠨ ᠵᠠᠯᠭᠠᠮᠵᠢᠯᠠᠬᠤ᠎ᠶᠢ ᠬᠥᠲᠥᠯᠥᠨ ᠵᠢᠯᠤᠭᠣᠳᠴᠤ᠂ ᠲᠡᠮᠡᠴᠡᠯ᠎ᠦᠨ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠲᠤᠬᠠᠢᠯᠠᠭᠰᠠᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号