ᠣᠢᠷ᠎ᠠ᠎ᠳᠤ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠲᠤᠰᠬᠠᠢ ᠲᠥᠷᠥᠯ ᠵᠦᠢᠯᠡᠰ᠎ᠦᠨ ᠵᠦᠭᠯᠡᠭᠦᠷ᠎ᠢ ᠵᠢᠩᠬᠢᠨᠢ᠎ᠪᠡᠷ ᠨᠡᠢᠲᠡᠯᠡᠵᠦ ᠂ ᠲᠠᠪᠤᠨ ᠵᠦᠢᠯ᠎ᠦᠨ ᠶᠡᠷᠦᠩᠬᠡᠢ ᠪᠡᠯᠡ ᠣᠷᠣᠭᠤᠯᠤᠯᠲᠠ 3000 ᠲᠦᠮᠡᠨ ᠲᠥᠭᠥᠷᠢᠭ᠎ᠲᠦ ᠬᠦᠷᠴᠦ ᠂ ᠭᠤᠷᠪᠠᠨ ᠵᠢᠯ᠎ᠦᠨ ᠬᠤᠭᠤᠴᠠᠭ᠎ᠠ᠎ᠲᠠᠢ ᠴᠢᠬᠤᠯᠠ ᠶᠡᠬᠡ ᠰᠢᠨᠵᠢᠯᠡᠬᠦ ᠤᠬᠠᠭᠠᠨ ᠮᠡᠷᠭᠡᠵᠢᠯ᠎ᠦᠨ ᠲᠥᠷᠥᠯ ᠵᠦᠢᠯᠡᠰ᠎ᠢ ᠵᠢᠩᠬᠢᠨᠢ᠎ᠪᠡᠷ ᠨᠠᠢᠳᠠᠪᠤᠷᠢᠵᠢᠭᠤᠯᠤᠨ ᠬᠡᠷᠡᠭᠵᠢᠭᠦᠯᠦᠭᠰᠡᠨ᠎ᠢ ᠬᠠᠷᠠᠭᠤᠯᠵᠤ ᠪᠠᠢᠨ᠎ᠠ ᠃ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢᠨ ᠬᠡᠷᠡᠭᠴᠡᠭᠡ ᠱᠠᠭᠠᠷᠳᠠᠯᠭ᠎ᠠ᠎ᠶᠢ ᠢᠳᠡᠪᠬᠢᠲᠡᠢ ᠳᠠᠭᠠᠵᠤ ᠂ ᠠᠩᠬ᠎ᠠ ᠤᠳᠠᠭ᠎ᠠ ᠪᠠᠢᠭᠤᠯᠤᠭᠰᠠᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠢᠨᠵᠢᠯᠡᠬᠦ ᠮᠡᠷᠭᠡᠵᠢᠯ᠎ᠦᠨ ᠴᠢᠬᠤᠯᠠ ᠲᠤᠰᠬᠠᠢ ᠲᠥᠷᠥᠯ ᠵᠦᠢᠯ ᠪᠣᠯᠣᠨ᠎ᠠ᠃
ᠨᠠᠷᠢᠨ ᠨᠢᠮᠪᠠᠢ ᠲᠥᠯᠥᠪᠯᠡᠨ ᠰᠢᠰᠲᠧᠮ᠎ᠲᠠᠢ ᠪᠠᠢᠷᠢᠯᠠᠭᠤᠯᠬᠤ᠎ᠪᠠᠷ ᠳᠡᠮᠵᠢᠨ ᠂ ᠲᠣᠰ ᠤᠳᠠᠭᠠᠨ᠎ᠤ ᠨᠠᠢᠳᠠᠪᠤᠷᠢᠵᠢᠭᠤᠯᠤᠭᠰᠠᠨ ᠲᠠᠪᠤᠨ ᠲᠥᠷᠥᠯ ᠵᠦᠢᠯ ᠨᠢ 《 ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠮᠡᠷᠭᠡᠵᠢᠯ᠎ᠦᠨ ᠰᠤᠳᠤᠯᠤᠨ ᠨᠡᠭᠡᠭᠡᠯᠲᠡ ᠬᠢᠭᠡᠳ ᠵᠢᠱ᠌ᠢᠶ᠎ᠡ ᠦᠵᠡᠭᠦᠯᠬᠦ 》 《 ᠬᠠᠲᠤᠨ ᠭᠣᠣᠯ᠎ᠤᠨ ᠰᠠᠪᠠ ᠭᠠᠵᠠᠷ᠎ᠤᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠣᠶᠤᠨᠴᠢ ᠳᠠᠭᠤᠷᠢᠶᠠᠮᠠᠯ ᠬᠢᠭᠡᠳ ᠬᠡᠷᠡᠭᠯᠡᠭᠡᠨ᠎ᠦ ᠵᠢᠱ᠌ᠢᠶ᠎ᠡ ᠦᠵᠡᠭᠦᠯᠬᠦ 》 《 ᠠᠮᠢ ᠠᠬᠤᠢ᠎ᠶᠢᠨ ᠠᠮᠤᠷ ᠲᠦᠪᠰᠢᠨ᠎ᠦ ᠲᠦᠭᠰᠢᠭᠦᠷᠢ᠎ᠶᠢᠨ ᠰᠢᠰᠲᠧᠮ᠎ᠦᠨ ᠰᠡᠷᠭᠡᠢᠯᠡᠨ ᠡᠵᠡᠮᠳᠡᠬᠦ ᠮᠡᠷᠭᠡᠵᠢᠯ᠎ᠦᠨ ᠰᠤᠳᠤᠯᠭᠠᠨ 》 ᠵᠡᠷᠭᠡ ᠣᠯᠠᠨ ᠵᠠᠩᠭᠢᠯᠠᠭ᠎ᠠ᠎ᠶᠢᠨ ᠬᠦᠷᠢᠶ᠎ᠡ᠎ᠶᠢ ᠬᠠᠮᠤᠷᠪᠠ᠃ ᠡᠲᠡᠭᠡᠷ ᠲᠥᠷᠥᠯ ᠵᠦᠢᠯ᠎ᠢ ᠪᠠᠢᠭᠤᠯᠤᠭᠰᠠᠨ ᠨᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ᠎ᠶᠢ ᠬᠠᠷᠠᠭᠤᠯᠵᠤ ᠪᠠᠢᠬᠤ᠎ᠪᠠᠷ ᠪᠠᠷᠠᠬᠤ ᠦᠭᠡᠢ ᠪᠠᠰᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢ ᠲᠦᠯᠬᠢᠨ ᠠᠬᠢᠭᠤᠯᠬᠤ᠎ᠳᠤ ᠦᠵᠡᠭᠦᠯᠬᠦ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠬᠤᠯᠠ ᠦᠢᠯᠡᠳᠦᠯ᠎ᠢ ᠬᠠᠷᠠᠭᠤᠯᠵᠤ ᠪᠠᠢᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ ᠨᠢ ᠲᠣᠰ ᠤᠳᠠᠭᠠᠨ᠎ᠤ ᠲᠥᠷᠥᠯ ᠵᠦᠢᠯ᠎ᠦᠨ ᠮᠡᠷᠭᠡᠵᠢᠯ᠎ᠦᠨ ᠳᠡᠮᠵᠢᠯᠭᠡ᠎ᠶᠢᠨ ᠨᠢᠭᠡᠴᠢ ᠪᠣᠯᠤᠭᠰᠠᠨ᠎ᠤ ᠬᠤᠪᠢ᠎ᠳᠤ ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠡᠬᠢ ᠲᠤᠰᠬᠠᠢ ᠮᠡᠷᠭᠡᠵᠢᠯ᠎ᠦᠨ ᠲᠦᠷᠦᠯ ᠵᠦᠢᠯ᠎ᠢ ᠪᠣᠯᠪᠠᠰᠤᠷᠠᠭᠤᠯᠬᠤ ᠶᠠᠪᠤᠴᠠ᠎ᠳᠤ᠂ ᠰᠤᠳᠤᠯᠭᠠᠨ᠎ᠤ ᠬᠦᠷᠢᠶᠡᠯᠡᠩ᠎ᠦᠨ ᠬᠢᠨ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠂ ᠰᠢᠨᠵᠢᠯᠡᠬᠦ ᠤᠬᠠᠭᠠᠨᠴᠢ᠎ᠪᠠᠷ ᠨᠤᠲᠠᠯᠠᠯᠲᠠ ᠬᠢᠵᠦ᠂ ᠲᠦᠷᠦᠯ ᠵᠦᠢᠯ᠎ᠦᠨ ᠬᠡᠷᠡᠭᠴᠡᠭᠡ ᠱᠠᠭᠠᠷᠳᠠᠯᠭ᠎ᠠ᠎ᠶᠢ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠪᠣᠳᠠᠲᠠᠢ ᠬᠡᠷᠡᠭᠴᠡᠭᠡ᠎ᠳᠦ ᠣᠨᠣᠪᠴᠢᠲᠠᠢ ᠨᠡᠢᠴᠡᠭᠦᠯᠬᠦ᠎ᠶᠢ ᠪᠠᠲᠤᠯᠠᠵᠠᠢ᠃ ᠡᠭᠦᠨ᠎ᠦ ᠬᠠᠮᠲᠤ ᠂ ᠰᠤᠳᠤᠯᠭᠠᠨ᠎ᠤ ᠬᠦᠷᠢᠶᠡᠯᠡᠩ ᠪᠠᠰᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠲᠠᠢ ᠢᠳᠡᠪᠬᠢᠲᠡᠢ ᠬᠠᠮᠵᠢᠯᠴᠠᠵᠤ ᠂ 《 ᠥᠪᠥᠷ ᠮᠣᠩᠭᠣᠯ᠎ᠤᠨ ᠠᠮᠢ ᠠᠬᠤᠢ᠎ᠶᠢᠨ ᠠᠮᠤᠷ ᠲᠦᠪᠰᠢᠨ᠎ᠦ ᠣᠶᠤᠨᠴᠢ ᠬᠢᠨᠠᠯᠲᠠ ᠬᠠᠮᠢᠶᠠᠷᠤᠯᠲᠠ᠎ᠶᠢᠨ ᠵᠠᠩᠭᠢᠯᠠᠭ᠎ᠠ᠎ᠶᠢᠨ ᠮᠡᠷᠭᠡᠵᠢᠯ᠎ᠢ ᠰᠤᠳᠤᠯᠤᠨ ᠨᠡᠭᠡᠭᠡᠬᠦ ᠪᠠ ᠵᠢᠱ᠌ᠢᠶ᠎ᠡ ᠦᠵᠡᠭᠦᠯᠦᠨ ᠬᠡᠷᠡᠭᠯᠡᠬᠦ 》 ᠲᠥᠷᠥᠯ ᠵᠦᠢᠯ᠎ᠢ ᠥᠪᠡᠷᠲᠡᠭᠡᠨ ᠵᠠᠰᠠᠬᠤ ᠣᠷᠣᠨ᠎ᠤ 2025 ᠣᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ 《 ᠪᠦᠰᠡᠯᠡᠯᠲᠡ᠎ᠶᠢ ᠰᠢᠪᠲᠤᠯᠬᠤ 》 ᠢᠨᠵᠧᠨᠧᠷᠢᠩ᠎ᠦᠨ 《 ᠵᠣᠬᠢᠶᠠᠮᠠᠯ ᠣᠶᠤᠨ ᠴᠢᠳᠠᠪᠤᠷᠢ 》 + 《 ᠲᠤᠰᠬᠠᠢ ᠵᠦᠢᠯ᠎ᠢᠶᠡᠷ ᠮᠠᠩᠯᠠᠢᠯᠠᠭᠤᠯᠬᠤ 》 ᠲᠥᠷᠥᠯ ᠵᠦᠢᠯ᠎ᠦᠨ ᠮᠡᠷᠭᠡᠵᠢᠯ᠎ᠦᠨ ᠨᠡᠷᠡᠰ᠎ᠦᠨ ᠵᠢᠭ᠍ᠰᠠᠭᠠᠯᠲᠠ᠎ᠳᠤ ᠣᠷᠣᠭᠤᠯᠬᠤ᠎ᠶᠢ ᠠᠮᠵᠢᠯᠲᠠ᠎ᠲᠠᠢ ᠲᠦᠯᠬᠢᠨ ᠠᠬᠢᠭᠤᠯᠵᠤ ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ 《 ᠪᠦᠰᠡᠯᠡᠯᠲᠡ᠎ᠶᠢ ᠰᠢᠪᠲᠤᠯᠬᠤ 》 ᠢᠨᠵᠧᠨᠧᠷᠢᠩ᠎ᠦᠨ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠡᠬᠢ ᠴᠡᠭ ᠪᠠᠢᠷᠢ᠎ᠶᠢᠨ 《 ᠲᠡᠭ 》 ᠰᠢᠪᠲᠤᠯᠤᠯᠲᠠ᠎ᠶᠢ ᠪᠡᠶᠡᠯᠡᠭᠦᠯᠪᠡ᠃
ᠡᠲᠡᠭᠡᠷ ᠴᠢᠬᠤᠯᠠ ᠶᠡᠬᠡ ᠰᠢᠨᠵᠢᠯᠡᠬᠦ ᠤᠬᠠᠭᠠᠨ ᠮᠡᠷᠭᠡᠵᠢᠯ᠎ᠦᠨ ᠲᠥᠷᠥᠯ ᠵᠦᠢᠯ᠎ᠢ ᠪᠣᠳᠠᠲᠠᠢᠵᠢᠭᠤᠯᠤᠨ ᠬᠡᠷᠡᠭᠵᠢᠭᠦᠯᠦᠭᠰᠡᠨ ᠨᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠠᠪᠴᠠᠩ ᠨᠢᠭᠡᠨᠲᠡ ᠠᠩᠬ᠎ᠠ ᠠᠯᠬᠤᠮ ᠬᠡᠪᠴᠢᠶᠡᠵᠢᠵᠦ ᠂ ᠲᠦᠷᠭᠡᠨ᠎ᠦ ᠵᠠᠮ᠎ᠳᠤ ᠣᠷᠣᠭᠰᠠᠨ᠎ᠢ ᠬᠠᠷᠠᠭᠤᠯᠵᠤ ᠪᠠᠢᠬᠤ᠎ᠪᠠᠷ ᠪᠠᠷᠠᠬᠤ ᠦᠭᠡᠢ ᠂ ᠨᠠᠩ ᠴᠤ᠌ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢᠨ ᠬᠢᠨᠠᠨ ᠬᠠᠮᠢᠶᠠᠷᠬᠤ ᠮᠡᠷᠭᠡᠵᠢᠯ᠎ᠦᠨ ᠰᠢᠰᠲᠧᠮᠵᠢ᠎ᠶᠢ ᠤᠯᠠᠮ ᠨᠢᠭᠡ ᠠᠯᠬᠤᠮ ᠪᠦᠷᠢᠨᠰᠢᠭᠦᠯᠬᠦ ᠵᠠᠩᠭᠢᠯᠠᠭ᠎ᠠ᠎ᠶᠢᠨ ᠠᠯᠬᠤᠮ᠎ᠢ ᠠᠯᠬᠤᠭᠰᠠᠨ᠎ᠢ ᠬᠠᠷᠠᠭᠤᠯᠵᠤ ᠪᠠᠢᠨ᠎ᠠ ᠃ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠠᠭᠤᠷᠢ ᠰᠤᠳᠤᠯᠭᠠᠨ ᠪᠠ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠰᠢᠪᠲᠤᠯᠬᠤ᠎ᠶᠢ ᠴᠢᠩᠭᠠᠳᠬᠠᠬᠤ᠎ᠪᠠᠷ ᠳᠡᠮᠵᠢᠨ ᠂ ᠥᠪᠡᠷᠲᠡᠭᠡᠨ ᠵᠠᠰᠠᠬᠤ ᠣᠷᠣᠨ᠎ᠤ 《 ᠲᠠᠪᠤᠨ ᠶᠡᠬᠡ ᠡᠭᠦᠷᠭᠡ 》 ᠪᠠ 《 ᠵᠢᠷᠭᠤᠭᠠᠨ ᠢᠨᠵᠧᠨᠧᠷᠢᠩ 》᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ᠎ᠶᠢ ᠬᠦᠴᠦᠲᠡᠢ ᠠᠬᠢᠭᠤᠯᠵᠤ ᠂ ᠭᠠᠵᠠᠷ ᠣᠷᠣᠨ᠎ᠤ ᠠᠮᠢ ᠠᠬᠤᠢ᠎ᠶᠢᠨ ᠡᠬᠢ ᠪᠠᠶᠠᠯᠢᠭ᠋᠎ᠤᠨ ᠳᠠᠪᠠᠭᠤᠯᠢᠭ᠋᠎ᠢ ᠭᠦᠢᠴᠡᠳ ᠪᠠᠳᠠᠷᠠᠭᠤᠯᠤᠨ ᠂ ᠠᠮᠢ ᠠᠬᠤᠢ᠎ᠶᠢᠨ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠦᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ ᠮᠡᠷᠭᠡᠵᠢᠯ᠎ᠦᠨ ᠭᠣᠴᠣ᠌ ᠴᠢᠳᠠᠪᠤᠷᠢ᠎ᠪᠠᠨ ᠦᠷᠬᠦᠯᠵᠢᠯᠡᠨ ᠪᠠᠳᠠᠷᠠᠭᠤᠯᠵᠤ ᠂ ᠠᠮᠢ ᠠᠬᠤᠢ᠎ᠶᠢᠨ ᠠᠮᠤᠷ ᠲᠦᠪᠰᠢᠨ᠎ᠦ ᠬᠠᠮᠢᠶ᠎ᠠ ᠪᠦᠬᠦᠢ ᠰᠤᠳᠤᠯᠭᠠᠨ᠎ᠢ ᠭᠦᠨᠵᠡᠭᠡᠢᠷᠡᠭᠦᠯᠵᠦ ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠠᠭᠤᠷᠢ ᠰᠤᠳᠤᠯᠭᠠᠨ ᠪᠠ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠰᠢᠪᠲᠤᠯᠬᠤ᠎ᠶᠢ ᠦᠷᠭᠦᠯᠵᠢᠯᠡᠨ ᠴᠢᠩᠭᠠᠳᠬᠠᠵᠤ ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢᠨ ᠣᠶᠤᠨᠴᠢ᠎ᠪᠠᠷ ᠴᠤᠭᠯᠠᠭᠤᠯᠬᠤ ᠂ ᠨᠠᠷᠢᠯᠢᠭ᠋ ᠣᠨᠣᠴᠠᠲᠠᠢ᠎ᠪᠠᠷ ᠦᠨᠡᠯᠡᠨ ᠵᠢᠱ᠌ᠢᠬᠦ ᠪᠠ ᠬᠥᠳᠡᠯᠦᠩᠭᠦᠢ᠎ᠪᠡᠷ ᠤᠷᠢᠳᠴᠢᠯᠠᠨ ᠰᠡᠷᠡᠮᠵᠢᠯᠡᠭᠦᠯᠬᠦ᠎ᠶᠢ ᠢᠳᠡᠪᠬᠢᠲᠡᠢ ᠠᠬᠢᠭᠤᠯᠵᠤ ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠳᠤ ᠰᠢᠨᠵᠢᠯᠡᠬᠦ ᠤᠬᠠᠭᠠᠨ ᠮᠡᠷᠭᠡᠵᠢᠯ᠎ᠦᠨ ᠬᠦᠴᠦᠨ ᠴᠢᠳᠠᠯ᠎ᠢᠶᠠᠨ ᠨᠡᠮᠡᠷᠢᠯᠡᠨ᠎ᠡ᠃