ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠬᠠᠯᠬᠠᠪᠴᠢ
ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠤᠰᠬᠠᠢ ᠪᠡᠯᠡ ᠮᠥᠩᠭᠥ᠎ᠳᠦ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠤᠨ ᠵᠢᠯᠣᠭᠣᠳᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-04-14

      ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠤᠨ ᠦᠷ᠎ᠡ ᠠᠰᠢᠭ᠋᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠲᠤᠰᠬᠠᠢ ᠪᠡᠯᠡ ᠮᠥᠩᠭᠥ᠎ᠶᠢᠨ ᠬᠠᠮᠢᠶᠠᠷᠤᠯᠲᠠ᠎ᠶᠢᠨ ᠮᠡᠷᠭᠡᠵᠢᠯ᠎ᠦᠨ ᠳᠡᠮᠵᠢᠯᠭᠡ᠎ᠶᠢ ᠴᠢᠩᠭᠠᠳᠬᠠᠬᠤ᠎ᠶᠢᠨ ᠲᠥᠯᠥᠭᠡ ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠨᠠᠶ᠋ᠢᠳᠠᠯᠭ᠎ᠠ᠎ᠪᠠᠷ ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ᠎ᠦᠨ ᠬᠢᠨ 2025 ᠣᠨ᠎ᠤ 4 ᠰᠠᠷ᠎ᠠ᠎ᠶᠢᠨ 14᠎ᠦ ᠡᠳᠦᠷ᠎ᠡᠴᠡ 15᠎ᠤ ᠡᠳᠦᠷ ᠪᠣᠯᠲᠠᠯ᠎ᠠ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠤᠰᠬᠠᠢ ᠪᠡᠯᠡ ᠮᠥᠩᠭᠥ᠎ᠶᠢᠨ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠤᠨ ᠵᠢᠯᠤᠭᠣᠳᠬᠤ ᠬᠤᠷᠠᠯ ᠬᠤᠷᠠᠯᠳᠤᠭᠤᠯᠪᠠ ᠃ ᠠᠵᠢᠯ ᠲᠦᠷᠦᠯ᠂ ᠡᠳ᠋᠎ᠦᠨ ᠶᠠᠪᠤᠳᠠᠯ ᠵᠡᠷᠭᠡ ᠬᠦᠷᠢᠶᠡᠨ᠎ᠦ 5 ᠲᠤᠰᠬᠠᠢ ᠮᠡᠷᠭᠡᠵᠢᠯᠲᠡᠨ᠎ᠢ ᠤᠷᠢᠵᠤ᠂ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠢ ᠵᠢᠭᠠᠨ ᠵᠢᠯᠣᠭᠣᠳᠪᠠ᠃
      ᠬᠤᠷᠠᠯ᠎ᠠᠴᠠ ᠂ ᠲᠤᠰᠬᠠᠢ ᠪᠡᠯᠡ ᠮᠥᠩᠭᠥ ᠪᠣᠯ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠬᠦ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢᠵᠢᠷᠠᠭᠤᠯᠬᠤ᠎ᠶᠢ ᠲᠦᠯᠬᠢᠨ ᠠᠬᠢᠭᠤᠯᠬᠤ ᠴᠢᠬᠤᠯᠠ ᠪᠠᠲᠤᠯᠠᠭ᠎ᠠ ᠮᠥᠨ ᠂ ᠪᠡᠯᠡ ᠮᠥᠩᠭᠥ᠎ᠶᠢᠨ ᠬᠡᠷᠡᠭᠯᠡᠯᠲᠡ᠎ᠶᠢ ᠵᠢᠷᠤᠮᠵᠢᠭᠤᠯᠬᠤ ᠨᠢ ᠲᠤᠢᠯ᠎ᠤᠨ ᠴᠢᠬᠤᠯᠠ ᠶᠤᠮ ᠂ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠢ ᠥᠷᠨᠢᠭᠦᠯᠬᠦ᠎ᠶᠢᠨ ᠵᠣᠷᠢᠯᠭ᠎ᠠ ᠨᠢ ᠣᠷᠣᠨ ᠨᠤᠲᠤᠭ᠎ᠢ ᠵᠢᠯᠣᠭᠣᠳᠤᠨ ᠪᠡᠯᠡ ᠮᠥᠩᠭᠥ᠎ᠶᠢᠨ ᠬᠢᠨᠠᠯᠲᠠ ᠬᠠᠮᠢᠶᠠᠷᠤᠯᠲᠠ᠎ᠶᠢ ᠦᠨᠡᠨ ᠬᠦ᠌ ᠴᠢᠩᠭᠠᠳᠬᠠᠵᠤ ᠂ ᠪᠡᠯᠡ ᠮᠥᠩᠭᠥ᠎ᠶᠢᠨ ᠦᠷ᠎ᠡ ᠠᠰᠢᠭ᠋᠎ᠢ ᠭᠦᠢᠴᠡᠳ ᠪᠠᠳᠠᠷᠠᠭᠤᠯᠬᠤ᠎ᠶᠢᠨ ᠲᠥᠯᠥᠭᠡ ᠶᠤᠮ᠂ ᠲᠤᠰᠬᠠᠢ ᠮᠡᠷᠭᠡᠵᠢᠯᠲᠡᠨ᠎ᠦ ᠳᠤᠭᠤᠢᠯᠠᠩ᠎ᠠᠴᠠ ᠬᠢᠨᠠᠮᠠᠭᠠᠢ ᠵᠢᠯᠤᠭᠣᠳᠴᠤ ᠂ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠭᠤᠯᠭ᠎ᠠ᠎ᠶᠢᠨ ᠪᠥᠬᠥ ᠲᠠᠯ᠎ᠠ᠎ᠶᠢᠨ᠂ ᠪᠦᠷᠢᠨ ᠪᠦᠲᠦᠨ ᠂ ᠣᠨᠣᠪᠴᠢᠲᠠᠶ ᠪᠠᠢᠬᠤ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ ᠶᠤᠮ ᠭᠡᠵᠦ ᠵᠢᠭᠠᠵᠤ ᠭᠠᠷᠭᠠᠪᠠ᠃
      ᠲᠤᠰᠬᠠᠢ ᠮᠡᠷᠭᠡᠵᠢᠯᠲᠡᠨ᠎ᠦ ᠳᠤᠭᠤᠢᠯᠠᠩ᠎ᠤᠨ ᠬᠢᠨ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠤᠨ ᠮᠠᠲᠧᠷᠢᠶᠠᠯ᠎ᠢ ᠨᠠᠷᠢᠨ ᠬᠢᠨᠠᠮᠠᠭᠠᠢ ᠬᠢᠨᠠᠨ ᠦᠵᠡᠵᠦ᠂ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠤᠨ ᠠᠭᠤᠯᠭ᠎ᠠ᠂ ᠥᠷᠨᠢᠭᠦᠯᠬᠦ ᠬᠡᠯᠪᠡᠷᠢ᠂ ᠦᠷ᠎ᠡ ᠪᠦᠲᠦᠭᠡᠯ᠎ᠦᠨ ᠭᠠᠷᠭᠠᠯᠲᠠ ᠵᠡᠷᠭᠡ ᠲᠠᠯ᠎ᠠ᠎ᠪᠠᠷ ᠰᠠᠨᠠᠯ ᠰᠠᠨᠠᠭᠤᠯᠭ᠎ᠠ ᠳᠤᠷᠠᠳᠬᠤ᠎ᠶᠢᠨ ᠬᠠᠮᠲᠤ ᠬᠡᠰᠡᠭ ᠲᠦᠷᠦᠯ ᠵᠦᠢᠯ᠎ᠢ ᠰᠣᠩᠭᠣᠨ ᠠᠪᠴᠤ ᠴᠡᠭ᠎ᠡᠴᠡ ᠴᠡᠭ᠎ᠲᠦ ᠵᠢᠭᠠᠨ ᠵᠢᠯᠣᠭᠣᠳᠤᠯᠭ᠎ᠠ ᠬᠢᠵᠦ᠂ ᠠᠵᠢᠯ᠎ᠤᠨ ᠠᠭᠤᠯᠭ᠎ᠠ᠎ᠶᠢ ᠤᠯᠠᠮ ᠴᠢᠨᠠᠭᠰᠢᠳᠠ ᠨᠠᠷᠢᠯᠢᠭ᠍ᠵᠢᠭᠤᠯᠤᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠤᠨ ᠪᠣᠳᠠᠲᠠᠢ ᠴᠢᠨᠠᠷ᠎ᠢ ᠦᠨᠡᠨ ᠬᠦ᠌ ᠳᠡᠭᠡᠭᠰᠢᠯᠡᠭᠦᠯᠵᠦ᠂ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠤᠨ ᠤᠷᠤᠭᠰᠢᠲᠠᠢ ᠶᠠᠪᠤᠭᠳᠠᠬᠤ᠎ᠳᠤ ᠰᠠᠢᠨ ᠰᠠᠢᠬᠠᠨ ᠰᠠᠭᠤᠷᠢ᠎ᠶᠢ ᠲᠠᠯᠪᠢᠭ᠍ᠰᠠᠨ ᠪᠠᠢᠨ᠎ᠠ᠃
      ᠲᠠᠷᠠᠭᠠᠴᠢ᠎ᠶᠢᠨ ᠠᠯᠬᠤᠮ᠎ᠳᠤ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ᠎ᠦᠨ ᠬᠢᠨ ᠬᠤᠷᠠᠯ᠎ᠤᠨ ᠱᠠᠭᠠᠷᠳᠠᠯᠭ᠎ᠠ ᠶᠣᠰᠣᠭᠠᠷ᠂ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠢ ᠬᠢᠨᠠᠮᠠᠭᠠᠢ ᠰᠠᠢᠲᠤᠷ ᠥᠷᠨᠢᠭᠦᠯᠵᠦ᠂ ᠲᠤᠰᠬᠠᠢ ᠪᠡᠯᠡ ᠮᠥᠩᠭᠥ᠎ᠶᠢᠨ ᠬᠢᠨᠠᠯᠲᠠ ᠬᠠᠮᠢᠶᠠᠷᠤᠯᠲᠠ᠎ᠳᠤ ᠪᠠᠲᠤ ᠪᠡᠬᠢ ᠮᠡᠷᠭᠡᠵᠢᠯ᠎ᠦᠨ ᠪᠠᠲᠤᠯᠠᠭ᠎ᠠ ᠬᠠᠩᠭᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号