ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠬᠠᠯᠬᠠᠪᠴᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠲᠥᠷᠥᠯ ᠵᠦᠢᠯ᠎ᠦᠨ ᠮᠡᠷᠭᠡᠵᠢᠯ᠎ᠢ ᠡᠬᠢᠯᠡᠭᠦᠯᠬᠦ ᠬᠤᠷᠠᠯ ᠤᠷᠤᠭᠰᠢᠲᠠᠢ ᠨᠡᠭᠡᠭᠡᠭᠳᠡᠪᠡ
ᠨᠡᠶ᠋ᠢᠲᠡᠯᠡᠭᠰᠡᠨ ᠴᠠᠭ᠄ 2025-11-08

      ᠣᠢᠷ᠎ᠠ᠎ᠳᠤ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ ( ᠳᠣᠷᠣᠭ᠍ᠰᠢ 《 ᠲᠥᠯᠦᠪᠵᠢᠭᠦᠯᠭᠡ 》 ᠭᠡᠵᠦ ᠲᠣᠪᠴᠢᠯᠠᠨ᠎ᠠ )᠎ᠶᠢ ᠨᠠᠢᠷᠠᠭᠤᠯᠤᠨ ᠵᠣᠬᠢᠶᠠᠬᠤ ᠲᠥᠷᠥᠯ ᠵᠦᠢᠯ᠎ᠦᠨ ᠮᠡᠷᠭᠡᠵᠢᠯ᠎ᠦᠨ ᠡᠬᠢᠯᠡᠯᠲᠡ᠎ᠶᠢᠨ ᠬᠤᠷᠠᠯ᠎ᠢ ᠵᠣᠬᠢᠶᠠᠨ ᠪᠠᠢᠭᠤᠯᠵᠤ ᠬᠤᠷᠠᠯᠳᠤᠭᠤᠯᠪᠠ ᠂ ᠡᠨᠡ ᠨᠢ ᠮᠠᠨ᠎ᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠮᠡᠷᠭᠡᠵᠢᠯ᠎ᠦᠨ ᠠᠵᠢᠯ ᠵᠢᠩᠬᠢᠨᠢ᠎ᠪᠡᠷ ᠡᠬᠢᠯᠡᠭᠰᠡᠨ᠎ᠢ ᠬᠠᠷᠠᠭᠤᠯᠵᠤ ᠪᠠᠢᠨ᠎ᠠ ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠲᠥᠯᠦᠪᠵᠢᠭᠦᠯᠭᠡ᠎ᠶᠢᠨ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠬᠠᠮᠢᠶ᠎ᠠ ᠪᠦᠬᠦᠢ ᠬᠥᠮᠥᠰ ᠬᠤᠷᠠᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ᠎ᠤᠨ ᠳᠠᠷᠤᠭ᠎ᠠ ᠪᠦᠷᠢᠨᠲᠤᠶᠠᠭ᠎ᠠ ᠬᠤᠷᠠᠯ᠎ᠢ ᠡᠷᠬᠢᠯᠡᠪᠡ᠃
      ᠬᠤᠷᠠᠯ᠎ᠠᠴᠠ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠤᠷᠢᠳᠤᠬᠢ᠎ᠶᠢ ᠵᠠᠯᠭᠠᠮᠵᠢᠯᠠᠨ ᠬᠣᠢᠰᠢᠬᠢ᠎ᠳᠤ ᠵᠠᠮ ᠨᠡᠭᠡᠭᠡᠬᠦ ᠵᠠᠩᠭᠢᠯᠠᠭ᠎ᠠ᠎ᠶᠢᠨ ᠬᠤᠭᠤᠴᠠᠭ᠎ᠠ ᠪᠣᠯᠣᠨ᠎ᠠ᠂ ᠮᠥᠨ ᠴᠤ᠌ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ ᠴᠢᠬᠤᠯᠠ ᠬᠤᠭᠤᠴᠠᠭ᠎ᠠ ᠪᠣᠯᠣᠨ᠎ᠠ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠠᠵᠢᠯ᠎ᠢ ᠰᠠᠢᠲᠤᠷ ᠬᠢᠬᠦ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠨᠢᠭᠡ᠎ᠳᠦ᠂ ᠤᠯᠤᠰ ᠲᠦᠷᠦ᠎ᠶᠢᠨ ᠵᠣᠭᠰᠣᠴᠠ᠎ᠪᠠᠨ ᠲᠡᠭᠡᠭᠰᠢᠯᠡᠬᠦᠯᠦᠨ᠎ᠡ ᠃ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠪᠣᠯ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠴᠢᠬᠤᠯᠠ ᠢᠯᠡᠷᠡᠯ ᠪᠣᠯᠬᠤ ᠪᠥᠭᠡᠳ ᠮᠠᠨ᠎ᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢᠵᠢᠷᠠᠭᠤᠯᠬᠤ ᠴᠢᠬᠤᠯᠠ ᠭᠠᠷᠳᠠᠴᠠ ᠪᠣᠯᠬᠤ᠎ᠶᠢ ᠭᠦᠨᠵᠡᠭᠡᠢ ᠣᠢᠯᠠᠭᠠᠵᠤ᠂ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠡᠯ᠎ᠡ ᠵᠦᠢᠯ᠎ᠤᠨ ᠠᠵᠢᠯ᠎ᠢ ᠨᠠᠷᠢᠨ ᠬᠢᠨᠠᠮᠠᠭᠠᠢ ᠰᠠᠢᠲᠤᠷ ᠬᠢᠬᠦ ᠬᠡᠷᠡᠭᠲᠡᠢ᠃ ᠬᠣᠶᠠᠷ᠎ᠲᠤ᠂ ᠠᠵᠢᠯ᠎ᠤᠨ ᠰᠡᠳᠬᠢᠴᠡ᠎ᠪᠡᠨ ᠲᠣᠳᠣᠷᠬᠠᠢᠯᠠᠵᠤ᠂ ᠠᠮᠢ ᠠᠬᠤᠢ᠎ᠶᠢ ᠲᠡᠷᠢᠭᠦᠨ᠎ᠳᠦ ᠲᠠᠯᠪᠢᠬᠤ᠂ ᠪᠣᠬᠢᠷᠲᠤᠯ ᠦᠭᠡᠢ ᠬᠥᠭᠵᠢᠯᠲᠡ᠎ᠶᠢᠨ ᠭᠣᠣᠯ ᠱᠤᠭᠤᠮ᠎ᠲᠠᠢ ᠨᠢᠭ᠍ᠲᠠ ᠤᠶᠠᠯᠳᠤᠭᠤᠯᠵᠤ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢᠨ ᠲᠣᠭᠣᠷᠢᠨ᠎ᠳᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠵᠦ᠂ ᠬᠠᠷᠠᠯᠲᠠ᠎ᠪᠠᠨ ᠲᠣᠳᠣᠷᠬᠠᠢᠯᠠᠵᠤ᠂ ᠠᠷᠭ᠎ᠠ ᠬᠡᠮᠵᠢᠶ᠎ᠡ᠎ᠪᠡᠨ ᠨᠠᠷᠢᠯᠢᠭ᠍ᠵᠢᠭᠤᠯᠬᠤ ᠬᠡᠷᠡᠭᠲᠡᠢ᠃ ᠭᠤᠷᠪᠠ᠎ᠳᠤ᠂ ᠠᠯᠤᠰ᠎ᠤᠨ ᠵᠢᠯᠣᠭᠣᠳᠤᠯᠭ᠎ᠠ᠎ᠶᠢ ᠲᠤᠪᠤᠢ᠍ᠢᠯᠭᠠᠵᠦ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠲᠤᠪᠤᠢ᠍ᠢᠯᠭᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠦᠨᠡᠨ ᠬᠦ᠌ ᠶᠠᠪᠤᠭᠳᠠᠭᠤᠰᠢᠲᠠᠢ ᠰᠢᠢᠳᠪᠦᠷᠢᠯᠡᠬᠦ ᠲᠥᠰᠥᠯ᠎ᠢ ᠲᠣᠭᠲᠠᠭᠠᠵᠤ᠂ ᠲᠥᠯᠦᠪᠵᠢᠭᠦᠯᠭᠡ᠎ᠶᠢᠨ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠢᠴᠠ ᠴᠢᠨᠠᠷ᠎ᠲᠠᠢ ᠪᠠᠢᠬᠤ᠎ᠶᠢ ᠪᠠᠲᠤᠯᠠᠬᠤ ᠬᠡᠷᠡᠭᠲᠡᠢ᠃ ᠳᠥᠷᠪᠡ᠎ᠳᠦ᠂ ᠲᠥᠯᠦᠪᠵᠢᠭᠦᠯᠭᠡ᠎ᠶᠢ ᠵᠣᠯᠭᠠᠭᠤᠯᠬᠤ᠎ᠶᠢ ᠴᠢᠩᠭᠠᠳᠬᠠᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ ᠪᠣᠯᠣᠨ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ᠎ᠶᠢᠨ ᠴᠢᠬᠤᠯᠠ ᠶᠡᠬᠡ ᠵᠦᠢᠯᠡᠰ᠎ᠢ ᠵᠣᠯᠭᠠᠭᠤᠯᠬᠤ᠂ ᠤᠯᠤᠰ᠎ᠤᠨ ᠲᠥᠯᠦᠪᠵᠢᠭᠦᠯᠭᠡ ᠪᠣᠯᠣᠨ ᠲᠦᠷᠦ᠎ᠶᠢᠨ ᠪᠣᠳᠣᠯᠭ᠎ᠠ᠎ᠲᠠᠢ ᠵᠣᠯᠭᠠᠭᠤᠯᠬᠤ᠂ ᠵᠢᠴᠢ ᠥᠪᠡᠷᠲᠡᠭᠡᠨ ᠵᠠᠰᠠᠬᠤ ᠣᠷᠣᠨ᠎ᠤ ᠲᠥᠯᠦᠪᠵᠢᠭᠦᠯᠭᠡ᠎ᠶᠢᠨ ᠬᠥᠲᠥᠯᠪᠦᠷᠢ᠂ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠲᠤᠰᠬᠠᠢ ᠲᠥᠯᠦᠪᠵᠢᠭᠦᠯᠭᠡ᠎ᠲᠠᠢ ᠨᠢᠭ᠍ᠲᠠ ᠵᠣᠯᠭᠠᠭᠤᠯᠬᠤ᠎ᠶᠢ ᠴᠢᠬᠤᠯᠠᠴᠢᠯᠠᠵᠤ᠂ ᠲᠥᠯᠦᠪᠵᠢᠭᠦᠯᠭᠡ᠎ᠶᠢ ᠰᠢᠨᠵᠢᠯᠡᠬᠦ ᠤᠬᠠᠭᠠᠨᠴᠢ᠂ ᠪᠦᠬᠦ ᠲᠠᠯ᠎ᠠ᠎ᠪᠠᠷ ᠨᠠᠢᠷᠠᠭᠤᠯᠤᠨ ᠵᠣᠬᠢᠶᠠᠬᠤ᠎ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ᠎ᠠᠴᠠ ᠪᠠᠰᠠ ᠮᠡᠷᠭᠡᠵᠢᠯ᠎ᠦᠨ ᠪᠦᠯᠬᠦᠮ᠎ᠦᠨ ᠠᠵᠢᠯ᠎ᠤᠨ ᠬᠤᠪᠢᠶᠠᠷᠢᠯᠠᠯ᠂ ᠠᠵᠢᠯ᠎ᠤᠨ ᠠᠬᠢᠴᠠ᠂ ᠰᠤᠳᠤᠯᠭᠠᠨ᠎ᠤ ᠠᠭᠤᠯᠭ᠎ᠠ ᠵᠡᠷᠭᠡ᠎ᠶᠢ ᠰᠣᠯᠢᠯᠴᠠᠨ ᠶᠠᠷᠢᠯᠴᠠᠭᠰᠠᠨ ᠪᠥᠭᠡᠳ ᠳᠠᠷᠠᠭᠠᠴᠢ᠎ᠶᠢᠨ ᠠᠯᠬᠤᠮ᠎ᠤᠨ ᠠᠵᠢᠯ᠎ᠤᠨ ᠡᠭᠦᠷᠭᠡ᠎ᠪᠡᠨ ᠪᠠᠢᠷᠢᠯᠠᠭᠤᠯᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号