5 ᠰᠠᠷ᠎ᠠ᠎ᠶᠢᠨ 13᠎ᠠᠴᠠ 15 ᠪᠣᠯᠲᠠᠯ᠎ᠠ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ ᠪᠣᠯᠣᠨ ᠬᠥᠯᠥᠨ ᠪᠣᠶ᠋ᠢᠷ ᠬᠣᠲᠠ᠎ᠶᠢᠨ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ ᠲᠠᠢ ᠬᠠᠮᠲᠤ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠬᠥᠯᠥᠨ ᠪᠤᠢ᠍ᠢᠷ᠎ᠤᠨ ᠲᠠᠯ᠎ᠠ ᠨᠤᠲᠤᠭ᠎ᠤᠨ ᠠᠮᠢ ᠠᠬᠤᠢ᠎ᠶᠢᠨ ᠰᠢᠰᠲᠧᠮ᠎ᠤᠨ ᠤᠯᠤᠰ᠎ᠤᠨ ᠬᠡᠭᠡᠷ᠎ᠡ᠎ᠶᠢᠨ ᠰᠢᠨᠵᠢᠯᠡᠬᠦ ᠤᠬᠠᠭᠠᠨ᠎ᠤ ᠠᠵᠢᠭ᠍ᠯᠠᠯᠲᠠ᠎ᠶᠢᠨ ᠰᠤᠳᠤᠯᠭᠠᠨ᠎ᠤ ᠦᠷᠲᠡᠭᠡ ᠵᠢᠴᠢ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠤᠷᠭᠤᠮᠠᠯ᠎ᠤᠨ ᠭᠠᠵᠠᠷ᠎ᠤᠨ ᠠᠮᠢ ᠠᠬᠤᠢ᠎ᠶᠢᠨ ᠰᠡᠷᠭᠦᠭᠡᠯᠲᠡ᠎ᠶᠢᠨ ᠪᠠᠢᠷᠢ ᠲᠣᠭᠲᠠᠭᠠᠯᠲᠠ᠎ᠶᠢᠨ ᠰᠤᠳᠤᠯᠭᠠᠨ᠎ᠤ ᠦᠷᠲᠡᠭᠡ᠎ᠳᠦ ᠬᠦᠷᠴᠦ ᠲᠤᠬᠠᠢ᠎ᠶᠢᠨ ᠭᠠᠵᠠᠷ ᠲᠤᠨᠢ ᠲᠣᠭᠣᠷᠢᠨ ᠦᠵᠡᠵᠦ ᠰᠤᠷᠤᠯᠴᠠᠬᠤ ᠵᠢᠴᠢ ᠨᠠᠮ᠎ᠤᠨ ᠪᠠᠢᠭᠤᠯᠤᠯᠲᠠ᠎ᠶᠢᠨ ᠬᠣᠯᠪᠤᠭᠠᠯᠠᠨ ᠪᠠᠢᠭᠤᠯᠵᠤ ᠬᠠᠮᠲᠤ᠎ᠪᠠᠷ ᠪᠠᠶ᠋ᠢᠭᠤᠯᠬᠤ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠵᠡᠢ᠃ ᠡᠭᠦᠨ᠎ᠦ ᠵᠣᠷᠢᠯᠭ᠎ᠠ ᠨᠢ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠦᠲᠦᠭᠡᠯᠴᠢ ᠬᠦᠴᠦᠨ ᠂ ᠨᠢᠭ᠍ᠲᠠᠷᠠᠯ᠎ᠤᠨ ᠬᠦᠴᠦᠨ᠎ᠢ ᠤᠯᠠᠮ ᠨᠢᠭᠡ ᠠᠯᠬᠤᠮ ᠴᠢᠩᠭᠠᠳᠬᠠᠵᠤ ᠂ 《 ᠨᠠᠮ᠎ᠤᠨ ᠪᠠᠢᠭᠤᠯᠤᠯᠲᠠ᠎ᠶᠢᠨ ᠬᠠᠮᠲᠤᠷᠠᠨ ᠰᠢᠨ᠎ᠡ᠎ᠶᠢ ᠡᠭᠦᠳᠬᠦ 》 ᠭᠣᠣᠯ ᠰᠡᠳᠦᠪᠲᠦ ᠦᠢᠯᠡᠳᠦᠯᠭᠡ᠎ᠶᠢᠨ ᠠᠵᠢᠯᠯᠠᠭ᠎ᠠ᠎ᠪᠠᠷ ᠲᠠᠪᠴᠠᠩ ᠪᠣᠯᠭᠠᠨ ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠎ᠪᠡᠷ ᠰᠠᠭᠤᠷᠢ ᠪᠣᠯᠭᠠᠵᠤ᠂ ᠨᠤᠲᠤᠭ ᠪᠡᠯᠴᠢᠭᠡᠷ᠎ᠦᠨ ᠠᠮᠢ ᠠᠬᠤᠢ᠎ᠶᠢ ᠰᠡᠷᠭᠦᠭᠡᠬᠦ ᠪᠠ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠰᠡᠷᠭᠦᠭᠡᠬᠦ ᠪᠦᠲᠦᠮᠵᠢᠲᠡᠶ ᠮᠡᠷᠭᠡᠵᠢᠯ᠎ᠦᠨ ᠠᠷᠭ᠎ᠠ ᠬᠡᠮᠵᠢᠶ᠎ᠡ᠎ᠶᠢ ᠭᠦᠨᠵᠡᠭᠡᠢ ᠰᠦᠪᠡᠭᠴᠢᠯᠡᠬᠦ᠎ᠶᠢᠨ ᠲᠥᠯᠥᠭᠡ ᠶᠤᠮ᠃
ᠠᠵᠢᠯᠯᠠᠭ᠎ᠠ᠎ᠶᠢᠨ ᠬᠤᠭᠤᠴᠠᠭᠠᠨ᠎ᠳᠤ ᠂ ᠡᠩ ᠲᠡᠷᠢᠭᠦᠨ᠎ᠳᠦ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠬᠥᠯᠥᠨ ᠪᠣᠶ᠋ᠢᠷ᠎ᠤᠨ ᠤᠯᠤᠰ᠎ᠤᠨ ᠥᠷᠲᠡᠭᠡ᠎ᠶᠢᠨ ᠦᠵᠡᠭᠦᠯᠭᠡ᠎ᠶᠢᠨ ᠲᠠᠩᠬᠢᠮ᠎ᠢ ᠲᠣᠭᠣᠷᠢᠨ ᠦᠵᠡᠭᠰᠡᠨ ᠪᠥᠭᠡᠳ ᠶᠠᠷᠢᠯᠴᠠᠬᠤ ᠬᠤᠷᠠᠯ ᠬᠢᠵᠦ ᠂ ᠤᠯᠤᠰ᠎ᠤᠨ ᠥᠷᠲᠡᠭᠡ᠎ᠶᠢᠨ ᠪᠠᠢᠭᠤᠯᠤᠭᠳᠠᠭᠰᠠᠨ᠎ᠠᠴᠠ ᠣᠲᠣ᠌ ᠪᠣᠯᠲᠠᠯᠠᠬᠢ ᠬᠥᠭᠵᠢᠯᠲᠡ᠎ᠶᠢᠨ ᠥᠩᠭᠡᠷᠡᠯᠲᠡ᠎ᠶᠢ ᠰᠢᠰᠲᠧᠮ᠎ᠲᠠᠢ ᠡᠷᠭᠢᠴᠡᠭᠦᠯᠵᠦ ᠂ ᠲᠡᠳᠡᠨ᠎ᠦ ᠲᠠᠯ᠎ᠠ ᠨᠤᠲᠤᠭ᠎ᠤᠨ ᠠᠮᠢ ᠠᠬᠤᠢ᠎ᠶᠢᠨ ᠰᠤᠳᠤᠯᠭᠠᠨ᠎ᠤ ᠬᠦᠷᠢᠶᠡᠨ᠎ᠳᠡᠬᠢ ᠡᠯᠪᠡᠭ ᠪᠠᠶᠠᠯᠢᠭ᠋ ᠦᠷ᠎ᠡ ᠪᠦᠲᠦᠭᠡᠯ᠎ᠢ ᠭᠦᠨᠵᠡᠭᠡᠢ ᠣᠢᠯᠠᠭᠠᠪᠠ ᠃ ᠳᠠᠷᠠᠭ᠎ᠠ ᠨᠢ᠂ ᠲᠤᠰᠬᠠᠢ ᠮᠡᠷᠭᠡᠵᠢᠯᠲᠡᠨ᠎ᠦ ᠪᠦᠯᠬᠦᠮ ᠲᠤᠰ ᠲᠤᠰ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ ᠪᠣᠯᠣᠨ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠰᠤᠳᠤᠯᠭᠠᠨ᠎ᠤ ᠵᠢᠱ᠌ᠢᠶ᠎ᠡ ᠦᠵᠡᠭᠦᠯᠬᠦ ᠭᠠᠵᠠᠷ᠎ᠲᠤ ᠬᠦᠷᠴᠦ᠂ ᠲᠤᠬᠠᠢ᠎ᠶᠢᠨ ᠲᠠᠯᠠᠪᠠᠢ᠎ᠳᠤ ᠮᠠᠭᠤᠳᠠᠭᠰᠠᠨ ᠨᠤᠲᠤᠭ ᠪᠡᠯᠴᠢᠭᠡᠷ᠎ᠦᠨ ᠠᠮᠢ ᠠᠬᠤᠢ᠎ᠶᠢ ᠰᠡᠷᠭᠦᠭᠡᠬᠦ ᠵᠢᠴᠢ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠰᠡᠷᠭᠦᠭᠡᠬᠦ ᠤᠯᠠᠨ ᠲᠦᠷᠦᠯ᠎ᠦᠨ ᠮᠡᠷᠭᠡᠵᠢᠯ᠎ᠦᠨ ᠲᠤᠷᠰᠢᠯᠲᠠ᠎ᠶᠢ ᠲᠣᠭᠣᠷᠢᠨ ᠦᠵᠡᠪᠡ᠃
ᠲᠣᠭᠣᠷᠢᠨ ᠦᠵᠡᠬᠦ ᠶᠠᠪᠤᠴᠠ᠎ᠳᠤ ᠂ ᠲᠤᠰᠬᠠᠢ ᠮᠡᠷᠭᠡᠵᠢᠯᠲᠡᠳ ᠦᠨᠳᠦᠰᠦ᠎ᠶᠢ ᠨᠢ ᠣᠭᠲᠣᠯᠵᠤ ᠪᠣᠷᠳᠣᠭᠤᠷ ᠣᠷᠣᠭᠤᠯᠬᠤ᠂ ᠬᠠᠭᠠᠯᠪᠤᠷᠢᠯᠠᠬᠤ ᠦᠭᠡᠢ᠎ᠪᠡᠷ ᠨᠥᠬᠥᠵᠦ ᠳᠠᠷᠢᠬᠤ᠂ ᠨᠢᠭᠦᠯᠲᠦ ᠬᠣᠷᠣᠬᠠᠢ᠎ᠶᠢ ᠠᠷᠢᠯᠭᠠᠬᠤ ᠵᠡᠷᠭᠡ ᠲᠡᠷᠢᠭᠦᠨ᠎ᠦ ᠮᠡᠷᠭᠡᠵᠢᠯ᠎ᠢ ᠲᠤᠬᠠᠢ᠎ᠶᠢᠨ ᠭᠠᠵᠠᠷ ᠲᠤᠨᠢ ᠰᠢᠨᠵᠢᠯᠡᠨ ᠪᠠᠢᠴᠠᠭᠠᠵᠤ ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶᠢ ᠰᠡᠷᠭᠦᠭᠡᠬᠦ᠂ ᠬᠥᠷᠥᠰᠥ ᠰᠢᠷᠣᠢ᠎ᠶᠢᠨ ᠥᠩ ᠰᠢᠮ᠎ᠡ᠎ᠶᠢ ᠳᠡᠭᠡᠭᠰᠢᠯᠡᠭᠦᠯᠬᠦ᠂ ᠠᠮᠢ ᠠᠬᠤᠢ᠎ᠶᠢᠨ ᠰᠢᠰᠲᠧᠮ᠎ᠦᠨ ᠲᠣᠭᠲᠠᠪᠤᠷᠢᠲᠤ ᠴᠢᠨᠠᠷ᠎ᠢ ᠨᠡᠮᠡᠭᠳᠡᠭᠦᠯᠬᠦ ᠵᠡᠷᠭᠡ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠪᠠ᠃ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠬᠦ ᠪᠠ ᠮᠡᠷᠭᠡᠵᠢᠯ᠎ᠦᠨ ᠰᠣᠯᠢᠯᠴᠠᠭ᠎ᠠ ᠬᠢᠬᠦ᠎ᠪᠡᠷ ᠳᠡᠮᠵᠢᠨ ᠂ ᠲᠤᠰᠬᠠᠢ ᠮᠡᠷᠭᠡᠵᠢᠯᠲᠡᠳ ᠲᠠᠯ᠎ᠠ ᠨᠤᠲᠤᠭ᠎ᠤᠨ ᠠᠮᠢ ᠠᠬᠤᠢ᠎ᠶᠢᠨ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠪᠠᠢᠳᠠᠯ᠎ᠤᠨ ᠲᠤᠬᠠᠢ ᠨᠠᠩ ᠰᠢᠭᠤᠳ ᠲᠠᠨᠢᠯᠲᠠ᠎ᠲᠠᠢ ᠪᠣᠯᠵᠠᠢ᠃
ᠲᠤᠰᠬᠠᠢ ᠮᠡᠷᠭᠡᠵᠢᠯᠲᠡᠳ ᠢᠯᠡᠷᠬᠡᠢᠯᠡᠬᠦ᠎ᠳᠡᠭᠡᠨ᠂ ᠨᠤᠲᠤᠭ ᠪᠡᠯᠴᠢᠭᠡᠷ᠎ᠢ ᠬᠠᠮᠠᠭᠠᠯᠠᠬᠤ ᠪᠠ ᠵᠠᠰᠠᠨ ᠰᠡᠷᠭᠦᠭᠡᠬᠦ ᠪᠣᠯ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢᠨ ᠶᠡᠬᠡ ᠲᠠᠯ᠎ᠠ᠎ᠳᠤ ᠬᠣᠯᠪᠣᠭᠳᠠᠬᠤ ᠶᠠᠪᠤᠳᠠᠯ ᠮᠥᠨ ᠂ ᠣᠳᠣᠬᠠᠨ᠎ᠤ ᠨᠤᠲᠤᠭ ᠪᠡᠯᠴᠢᠭᠡᠷ᠎ᠦᠨ ᠬᠡᠲᠦ ᠮᠠᠯᠵᠢᠯ ᠪᠠ ᠠᠭᠤᠷ ᠠᠮᠢᠰᠬᠤᠯ᠎ᠤᠨ ᠬᠤᠪᠢᠷᠠᠯᠲᠠ᠎ᠶᠢᠨ ᠳᠠᠪᠬᠤᠷ ᠳᠠᠷᠤᠯᠲᠠ᠎ᠶᠢᠨ ᠳᠣᠣᠷ᠎ᠠ ᠂ ᠨᠤᠲᠤᠭ ᠪᠡᠯᠴᠢᠭᠡᠷ᠎ᠢ ᠰᠡᠷᠭᠦᠭᠡᠬᠦ ᠮᠡᠷᠭᠡᠵᠢᠯ᠎ᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭᠯᠡᠬᠦ᠎ᠪᠡᠷ ᠳᠠᠮᠵᠢᠭᠤᠯᠤᠨ ᠣᠳᠣᠬᠠᠨ᠎ᠤ ᠨᠤᠲᠤᠭ ᠪᠡᠯᠴᠢᠭᠡᠷ᠎ᠦᠨ ᠮᠠᠭᠤᠵᠢᠷᠠᠯ᠎ᠤᠨ ᠠᠰᠠᠭᠤᠳᠠᠯ᠎ᠢ ᠰᠢᠢᠳᠪᠦᠷᠢᠯᠡᠬᠦ ᠴᠢᠬᠤᠯᠠ ᠠᠷᠭ᠎ᠠ ᠵᠠᠮ ᠮᠥᠨ ᠭᠡᠵᠡᠢ ᠃ ᠬᠥᠯᠥᠨ ᠪᠣᠶ᠋ᠢᠷ᠎ᠤᠨ ᠲᠠᠯ᠎ᠠ ᠨᠤᠲᠤᠭ᠎ᠤᠨ ᠤᠰᠤᠨ᠎ᠤ ᠨᠥᠬᠥᠴᠡᠯ᠎ᠢᠶᠡᠷ ᠬᠠᠷᠢᠴᠠᠩᠭᠤᠢ ᠰᠠᠢᠨ ᠂ ᠤᠯᠤᠰ᠎ᠤᠨ ᠳᠡᠰ᠎ᠤᠨ ᠬᠡᠭᠡᠷ᠎ᠡ᠎ᠶᠢᠨ ᠠᠵᠢᠭ᠍ᠯᠠᠯᠲᠠ᠎ᠶᠢᠨ ᠰᠤᠳᠤᠯᠭᠠᠨ᠎ᠤ ᠤᠷᠲᠤ ᠬᠤᠭᠤᠴᠠᠭᠠᠨ᠎ᠤ ᠣᠷᠣᠨ ᠪᠠᠢᠷᠢ ᠲᠣᠭᠲᠠᠭᠠᠨ ᠠᠵᠢᠭ᠍ᠯᠠᠨ ᠬᠡᠮᠵᠢᠬᠦ ᠪᠠ ᠲᠤᠷᠰᠢᠯᠲᠠ᠎ᠶᠢᠨ ᠵᠢᠱ᠌ᠢᠶ᠎ᠡ ᠦᠵᠡᠭᠦᠯᠬᠦ ᠬᠤᠷᠠᠮᠳᠤᠭᠤᠯᠤᠯ᠎ᠤᠨ ᠰᠠᠭᠤᠷᠢᠨ ᠳᠡᠭᠡᠷ᠎ᠡ ᠂ ᠪᠡᠯᠴᠢᠭᠡᠷ᠎ᠢ ᠶᠡᠬᠡ ᠬᠡᠪᠴᠢᠶ᠎ᠡ᠎ᠪᠡᠷ ᠰᠡᠯᠪᠢᠨ ᠵᠠᠰᠠᠬᠤ ᠨᠥᠬᠥᠴᠡᠯ᠎ᠢ ᠪᠦᠷᠢᠳᠦᠭᠦᠯᠵᠦ ᠂ ᠤᠷᠢᠳ᠎ᠢᠶᠠᠷ ᠮᠠᠯᠵᠢᠬᠤ ᠬᠣᠰᠢᠭᠤ ᠰᠢᠶᠠᠨ᠎ᠤ ᠰᠡᠯᠪᠢᠨ ᠵᠠᠰᠠᠬᠤ ᠢᠨᠵᠧᠨᠧᠷᠢᠩ᠎ᠦᠨ ᠲᠣᠭᠣᠷᠢᠭ᠋ ᠪᠤᠶᠤ ᠭᠡᠷ ᠪᠦᠯᠢ᠎ᠶᠢᠨ ᠬᠠᠮᠲᠤᠷᠠᠨ ᠡᠵᠡᠩᠨᠡᠬᠦ ᠮᠠᠯᠵᠢᠯ᠎ᠤᠨ ᠲᠠᠯᠠᠪᠠᠢ᠎ᠳᠤ ᠪᠡᠯᠴᠢᠭᠡᠷ᠎ᠢ ᠰᠡᠯᠪᠢᠨ ᠵᠠᠰᠠᠬᠤ ᠪᠠ ᠦᠢᠯᠡᠳᠪᠦᠷᠢᠯᠡᠯ᠎ᠦᠨ ᠬᠦᠴᠦᠨ᠎ᠢ ᠳᠡᠭᠡᠭᠰᠢᠯᠡᠭᠦᠯᠬᠦ ᠲᠤᠷᠰᠢᠯᠲᠠ᠎ᠶᠢᠨ ᠴᠡᠭ᠎ᠦᠨ ᠲᠤᠷᠰᠢᠯᠲᠠ ᠬᠢᠵᠦ ᠪᠣᠯᠣᠨ᠎ᠠ ᠃ ᠳᠡᠯᠭᠡᠷᠡᠭᠦᠯᠵᠦ ᠪᠣᠯᠬᠤ ᠂ ᠬᠠᠭᠤᠯᠪᠤᠷᠢᠯᠠᠵᠤ ᠪᠣᠯᠬᠤ ᠂ ᠲᠣᠯᠢ ᠪᠣᠯᠭᠠᠵᠤ ᠪᠣᠯᠬᠤ ᠬᠡᠲᠦ ᠪᠡᠯᠴᠢᠭᠡᠷᠯᠡᠭᠦᠯᠦᠭᠰᠡᠨ ᠨᠤᠲᠤᠭ ᠪᠡᠯᠴᠢᠭᠡᠷ᠎ᠢ ᠵᠠᠰᠠᠨ ᠰᠡᠷᠭᠦᠭᠡᠭᠰᠡᠨ ᠲᠤᠷᠰᠢᠯᠭ᠎ᠠ᠎ᠶᠢ ᠳ᠋ᠦᠩᠨᠡᠬᠦ᠎ᠶᠢᠨ ᠬᠠᠮᠲᠤ᠂ ᠬᠥᠯᠥᠨ ᠪᠣᠶ᠋ᠢᠷ᠎ᠤᠨ ᠪᠦᠬᠦᠶ᠋ᠢᠯᠡ ᠨᠤᠲᠤᠭ ᠪᠡᠯᠴᠢᠭᠡᠷ᠎ᠦᠨ ᠣᠷᠣᠨ᠎ᠳᠤ ᠬᠦᠷᠲᠡᠯ᠎ᠡ ᠠᠯᠬᠤᠮ ᠠᠯᠬᠤᠮ᠎ᠢᠶᠠᠷ ᠳᠡᠯᠭᠡᠷᠡᠭᠦᠯᠵᠦ ᠂ ᠨᠤᠲᠤᠭ ᠪᠡᠯᠴᠢᠭᠡᠷ᠎ᠦᠨ ᠦᠢᠯᠡᠳᠪᠦᠷᠢᠯᠡᠯ ᠂ ᠠᠮᠢᠳᠤᠷᠠᠯ ᠂ ᠠᠮᠢ ᠠᠬᠤᠢ᠎ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠠᠰᠠᠭᠤᠳᠠᠯ᠎ᠢ ᠦᠨᠡᠨ ᠬᠦ᠌ ᠰᠢᠢᠳᠪᠦᠷᠢᠯᠡᠵᠦ ᠂ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠦᠨ᠎ᠡ ᠃ ᠲᠣᠰ ᠤᠳᠠᠭᠠᠨ᠎ᠤ ᠲᠣᠭᠣᠷᠢᠨ ᠦᠵᠡᠵᠦ ᠰᠣᠯᠢᠯᠴᠠᠬᠤ ᠠᠵᠢᠯᠯᠠᠭ᠎ᠠ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠳᠤ ᠬᠣᠪᠣᠷ ᠨᠠᠨᠳᠢᠨ ᠮᠡᠷᠭᠡᠵᠢᠯ᠎ᠦᠨ ᠯᠠᠪᠯᠠᠯᠲᠠ ᠪᠠ ᠲᠤᠷᠰᠢᠯᠭ᠎ᠠ᠎ᠶᠢᠨ ᠯᠠᠪᠯᠠᠯᠲᠠ ᠬᠠᠩᠭᠠᠭᠰᠠᠨ᠎ᠢᠶᠠᠷ ᠪᠠᠷᠠᠬᠤ ᠦᠭᠡᠢ ᠂ ᠪᠠᠰᠠ ᠨᠤᠲᠤᠭ ᠪᠡᠯᠴᠢᠭᠡᠷ᠎ᠦᠨ ᠠᠮᠢ ᠠᠬᠤᠢ᠎ᠶᠢ ᠵᠠᠰᠠᠨ ᠰᠡᠷᠭᠦᠭᠡᠬᠦ ᠬᠦᠷᠢᠶᠡᠨ᠎ᠳᠡᠬᠢ ᠰᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠤᠨ ᠳᠡᠯᠭᠡᠷᠡᠭᠦᠯᠬᠦ᠎ᠳᠦ ᠪᠠᠲᠤ ᠪᠡᠬᠢ ᠰᠠᠭᠤᠷᠢ᠎ᠶᠢ ᠲᠠᠯᠪᠢᠭ᠍ᠰᠠᠨ ᠪᠠᠢᠨ᠎ᠠ᠃
ᠳᠠᠷᠠᠭᠠᠴᠢ᠎ᠶᠢᠨ ᠠᠯᠬᠤᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ᠎ᠦᠨ ᠬᠢᠨ ᠨᠡᠩ ᠤᠯᠠᠨ ᠰᠢᠨᠵᠢᠯᠡᠬᠦ ᠤᠬᠠᠭᠠᠨᠴᠢ ᠪᠦᠲᠦᠮᠵᠢᠲᠡᠢ ᠠᠮᠢ ᠠᠬᠤᠢ᠎ᠶᠢ ᠰᠡᠷᠭᠦᠭᠡᠬᠦ ᠮᠡᠷᠭᠡᠵᠢᠯ᠎ᠢ ᠢᠳᠡᠪᠬᠢᠲᠡᠢ ᠰᠦᠪᠡᠭᠴᠢᠯᠡᠵᠦ᠂ ᠥᠪᠥᠷ ᠮᠣᠩᠭᠣᠯ᠎ᠤᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠳᠤ ᠬᠦᠴᠦᠨ ᠴᠢᠳᠠᠯ᠎ᠢᠶᠠᠨ ᠡᠷᠭᠦᠨ᠎ᠡ᠃