ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠤᠰᠤᠨ᠎ᠤ ᠣᠷᠴᠢᠨ ᠲᠣᠭᠤᠷᠢᠨ᠎ᠤ ᠬᠠᠮᠢᠶᠠᠷᠤᠯᠲᠠ
ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ᠎ᠤᠨ ᠤᠰᠤᠨ᠎ᠤ ᠠᠮᠢ ᠠᠬᠤᠶ ᠣᠷᠴᠢᠨ ᠲᠤᠭᠤᠷᠢᠨ᠎ᠤ ᠭᠠᠵᠠᠷ ᠪᠣᠯᠤᠨ ᠦᠪᠡᠷᠳᠡᠭᠡᠨ ᠵᠠᠰᠠᠬᠤ ᠤᠷᠤᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠬᠤᠳᠠ ᠵᠢᠨ ᠪᠦᠳᠦᠭᠡᠨ ᠪᠠᠢ᠌ᠭᠤᠯᠤᠯᠳᠠ ᠵᠢᠨ ᠭᠠᠵᠠᠷ᠎ᠯᠤᠭ᠎ᠠ ᠬᠠᠮᠳᠤᠷᠠᠨ ᠲᠦᠩᠯᠢᠶᠣᠤ ᠬᠣᠲᠠ᠂ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠎ᠲᠤ ᠬᠦᠷᠴᠦ ᠬᠣᠲᠠ ᠪᠠᠯᠭ᠋ᠠᠰᠤᠨ᠎ᠤ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠎ᠳᠤ ᠲᠦᠰᠢᠭᠯᠡᠨ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠰᠢᠢ᠍ᠳᠪᠦᠷᠢᠯᠡᠬᠦ ᠪᠣᠯᠤᠮᠵᠢᠲᠤ ᠴᠢᠨᠠᠷ᠎ᠤᠨ ᠦᠨᠡᠯᠡᠨ ᠵᠢᠱ᠌ᠢᠯᠲᠡ ᠵᠢᠨ ᠠᠬᠤᠢ ᠲᠠᠯᠠᠪᠠᠢ ᠵᠢᠨ ᠬᠢᠨᠠᠨ ᠪᠠᠶ᠋ᠢᠴᠠᠭ᠋ᠠᠯᠲᠠ ᠵᠢ ᠥᠷᠨᠢᠭᠦᠯᠪᠡ
ᠨᠡᠶ᠋ᠢᠲᠡᠯᠡᠭᠰᠡᠨ ᠴᠠᠭ᠄ 2021-10-08

      ᠠᠮᠢ ᠠᠬᠤᠢ ᠤᠷᠴᠢᠨ ᠲᠤᠭᠤᠷᠢᠨ᠎ᠤ ᠲᠢᠩᠬᠢᠮ᠎ᠤᠨ ᠤᠰᠤᠨ᠎ᠤ ᠠᠮᠢ ᠠᠬᠤᠶ ᠣᠷᠴᠢᠨ ᠲᠣᠭᠣᠷᠢᠨ᠎ᠤ ᠭᠠᠵᠠᠷ᠎ᠤᠨ᠎ᠬᠢᠨ ᠠᠮᠢ ᠠᠬᠤᠢ ᠤᠷᠴᠢᠨ ᠲᠤᠭᠤᠷᠢᠨ᠎ᠤ ᠲᠢᠩᠬᠢᠮ᠎ᠨᠢ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠎ᠯᠦᠭᠡ ᠮᠡᠳᠡᠭᠡ ᠵᠠᠩᠭᠢ ᠵᠢ ᠬᠠᠮᠳᠤ᠎ᠪᠠᠷ ᠡᠳ᠋ᠯᠡᠬᠦ ᠬᠠᠮᠲᠤᠷᠠᠯᠴᠠᠭ᠋ᠠᠨ᠎ᠤ ᠪᠦᠳᠦᠭᠦᠪᠴᠢ ᠵᠦᠪᠯᠡᠯᠴᠡᠭᠡᠷ᠎ᠲᠤ ᠭᠠᠷ᠎ᠤᠨ ᠦᠰᠦᠭ ᠵᠢᠷᠤᠭᠰᠠᠨ ᠬᠠᠮᠢᠶ᠎ᠠ ᠪᠦᠬᠦᠢ ᠠᠭᠤᠯᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠣᠶᠠᠷ ᠲᠠᠯ᠎ᠠ᠎ᠪᠠᠷ ᠵᠶ᠋ᠠᠨ ᠬᠣᠲᠠ ᠪᠠᠯᠭ᠋ᠠᠰᠤᠨ᠎ᠤ ᠪᠣᠬᠢᠷ ᠤᠰᠤ ᠵᠢ ᠰᠢᠢ᠍ᠳᠪᠦᠷᠢᠯᠡᠬᠦ ᠵᠢ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠬᠦᠷᠢᠶᠡᠨ᠎ᠳᠠᠬᠢ ᠪᠣᠳᠠᠲᠤ ᠠᠵᠢᠯᠯᠠᠭ᠎ᠠ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠯᠠᠪᠳᠠᠭᠤᠨ ᠪᠠᠲᠤᠲᠠᠶ ᠠᠬᠢᠭᠤᠯᠬᠤ ᠵᠢᠨ ᠲᠤᠰᠠᠳᠠ᠂ ᠡᠮᠦᠨᠡᠬᠢ ᠬᠤᠭᠤᠴᠠᠭ᠋ᠠᠨ᠎ᠳᠠᠬᠢ ᠭᠦᠨᠵᠡᠭᠡᠶ ᠵᠠᠳᠠᠯᠤᠨ ᠰᠤᠳᠤᠯᠤᠭᠰᠠᠨ ᠰᠠᠭᠤᠷᠢᠨ ᠳᠡᠭᠡᠷ᠎ᠡ᠂ ᠣᠶ᠋ᠢᠷ᠎ᠠ᠎ᠳᠤ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠬᠣᠲᠠ ᠵᠢᠨ ᠪᠥᠲᠥᠭᠡᠨ ᠪᠠᠶ᠋ᠢᠭᠤᠯᠤᠯᠲᠠ ᠵᠢᠨ ᠭᠠᠵᠠᠷ ᠵᠢᠴᠢ ᠬᠣᠯᠪᠣᠭᠳᠠᠯ ᠪᠥᠬᠥᠶ ᠲᠤᠰᠬᠠᠶ ᠮᠡᠷᠭᠡᠵᠢᠯᠲᠡᠳ᠎ᠲᠠᠢ ᠬᠠᠮᠲᠤᠷᠠᠨ ᠬᠢᠨᠠᠨ ᠪᠠᠶ᠋ᠢᠴᠠᠭ᠋ᠠᠬᠤ ᠳᠤᠭᠤᠶ᠋ᠢᠯᠠᠩ ᠪᠠᠶ᠋ᠢᠭᠤᠯᠵᠤ᠂ ᠲᠦᠩᠯᠢᠶᠣᠤ ᠬᠣᠲᠠ᠂ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠎ᠲᠤ ᠪᠠᠢ᠌ᠷᠢᠯᠠᠵᠤ ᠪᠠᠢ᠌ᠭ᠎ᠠ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠣᠲᠠ ᠪᠠᠯᠭ᠋ᠠᠰᠤᠨ᠎ᠤ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠎ᠳᠤ ᠲᠦᠰᠢᠭᠯᠡᠨ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠰᠢᠢ᠍ᠳᠪᠦᠷᠢᠯᠡᠬᠦ ᠪᠣᠯᠤᠮᠵᠢᠲᠤ ᠴᠢᠨᠠᠷ᠎ᠢ ᠦᠨᠡᠯᠡᠨ ᠵᠢᠱ᠌ᠢᠬᠦ ᠠᠵᠢᠯ᠎ᠳᠤ ᠠᠬᠤᠢ ᠲᠠᠯᠠᠪᠠᠢ ᠵᠢᠨ ᠬᠢᠨᠠᠨ ᠪᠠᠢ᠌ᠴᠠᠭ᠋ᠠᠬᠤ ᠪᠠᠶ᠋ᠢᠴᠠᠭ᠋ᠠᠨ ᠰᠤᠳᠤᠯᠤᠯᠲᠠ ᠵᠢᠨ ᠠᠵᠢᠯᠯᠠᠭ᠎ᠠ ᠥᠷᠨᠢᠭᠦᠯᠪᠡ᠃
      ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ᠎ᠬᠢᠨ ᠬᠠᠮᠢᠶ᠎ᠠ ᠪᠦᠬᠦᠢ ᠠᠶ᠋ᠢᠮᠠᠭ ᠬᠣᠲᠠ ᠵᠢᠨ᠎ᠬᠢᠨ ᠬᠣᠲᠠ ᠪᠠᠯᠭ᠋ᠠᠰᠤᠨ᠎ᠤ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠎ᠳᠤ ᠲᠦᠰᠢᠭᠯᠡᠨ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠰᠢᠢ᠍ᠳᠪᠦᠷᠢᠯᠡᠭᠰᠡᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠲᠥᠯᠥᠪᠵᠢᠭᠦᠯᠭᠡ ᠵᠢᠨ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ ᠬᠠᠮᠢᠶ᠎ᠠ ᠪᠦᠬᠦᠢ ᠪᠠᠶ᠋ᠢᠳᠠᠯ᠎ᠢ ᠨᠠᠷᠢᠨ ᠤᠢ᠌ᠯᠠᠭ᠋ᠠᠵᠤ᠂ ᠬᠣᠲᠠ ᠪᠠᠯᠭ᠋ᠠᠰᠤᠨ᠎ᠤ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠎ᠨᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡᠯᠡᠯ᠎ᠤᠨ   ᠦᠨᠡᠯᠡᠯᠲᠡ᠂ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ᠂ ᠪᠣᠬᠢᠷᠲᠤᠯ ᠪᠤᠳᠠᠰ ᠭᠠᠳᠠᠭᠰᠢᠯᠠᠭᠤᠯᠬᠤ ᠵᠥᠪᠰᠢᠶᠡᠷᠡᠯ᠂ ᠬᠠᠶᠠᠭᠳᠠᠮᠠᠯ ᠤᠰᠤᠨ᠎ᠤ ᠲᠥᠷᠥᠯ ᠬᠡᠯᠪᠡᠷᠢ ᠵᠢᠴᠢ ᠪᠣᠬᠢᠷᠲᠤᠯ ᠪᠣᠳᠠᠰ᠎ᠤᠨ ᠵᠦᠢ᠍ᠯ ᠬᠡᠯᠪᠡᠷᠢ ᠵᠡᠷᠭᠡ ᠬᠣᠯᠪᠣᠭᠳᠠᠯ ᠪᠦᠬᠦᠢ ᠪᠠᠶ᠋ᠢᠳᠠᠯ᠎ᠢ ᠬᠦᠯᠢᠶᠡᠨ ᠠᠪᠴᠤ ᠰᠢᠢ᠍ᠳᠪᠦᠷᠢᠯᠡᠭᠰᠡᠨ ᠪᠠᠢ᠌ᠳᠠᠯ᠂ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠠᠵᠢᠯᠯᠠᠭ᠋ᠠᠨ᠎ᠤ ᠡᠬᠡ ᠲᠠᠩᠰᠠ᠂ ᠤᠷᠤᠭᠤᠯᠵᠤ ᠭᠠᠷᠠᠭ᠋ᠠᠭᠰᠠᠨ ᠪᠠᠢ᠌ᠳᠠᠯ᠎ᠤᠨ ᠰᠦᠯᠵᠢᠶᠡᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠡᠷᠭᠡ ᠵᠢ ᠵᠦᠢ᠍ᠯ ᠳᠠᠷᠠᠭ᠋ᠠᠯᠠᠨ ᠪᠠᠶ᠋ᠢᠴᠠᠭ᠋ᠠᠨ ᠦᠵᠡᠵᠦ᠂ ᠺᠠᠶ᠋ᠢᠯᠦ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠪᠠᠶᠠᠵᠢᠨ᠎ᠠ ᠠᠵᠤ ᠦᠢ᠍ᠯᠡᠳᠪᠦᠷᠢ ᠵᠢᠨ ᠣᠷᠴᠢᠯ ᠠᠵᠤ ᠠᠬᠤᠶ ᠵᠢᠨ ᠬᠦᠷᠢᠶᠡᠯᠡᠩ ᠲᠣᠭᠣᠷᠢᠭ ᠵᠡᠷᠭᠡ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭᠰᠢᠬᠢ 5 ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠰᠢᠢ᠍ᠳᠪᠦᠷᠢᠯᠡᠬᠦ᠎ᠳᠤ ᠲᠦᠰᠢᠭᠯᠡᠵᠦ ᠪᠠᠶ᠋ᠢᠭ᠎ᠠ ᠬᠣᠲᠠ ᠪᠠᠯᠭ᠋ᠠᠰᠤᠨ᠎ᠤ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠠᠵᠢᠯᠯᠠᠭ᠋ᠠᠨ᠎ᠤ ᠪᠠᠶ᠋ᠢᠳᠠᠯ᠂ ᠪᠤᠬᠢᠷᠳᠤᠯ ᠪᠤᠳᠠᠰ ᠰᠢᠪᠠᠷ᠎ᠢ ᠵᠢᠷᠤᠮᠵᠢᠭᠤᠨ ᠰᠢᠢ᠍ᠳᠪᠦᠷᠢᠯᠡᠭᠦᠯᠦᠨ᠂ ᠲᠣᠭᠲᠠᠭᠤᠨ ᠵᠶ᠋ᠠᠷ ᠠᠵᠢᠯᠯᠠᠭᠤᠯᠵᠤ ᠪᠠᠶ᠋ᠢᠭ᠎ᠠ ᠪᠠᠶ᠋ᠢᠳᠠᠯ᠎ᠢ ᠠᠬᠤᠢ ᠲᠠᠯᠠᠪᠠᠢ᠎ᠳᠤ᠎ᠨᠢ ᠭᠣᠤᠯᠳᠠᠯᠭ᠎ᠠ᠎ᠲᠠᠢ᠎ᠪᠠᠷ ᠪᠠᠶ᠋ᠢᠴᠠᠭ᠋ᠠᠪᠠ᠃ ᠠᠬᠤᠢ ᠲᠠᠯᠠᠪᠠᠶ ᠵᠢᠨ ᠬᠢᠨᠠᠨ ᠪᠠᠢ᠌ᠴᠠᠭ᠋ᠠᠯᠳᠠ ᠬᠢᠭᠰᠡᠨ ᠨᠢᠭᠡ ᠭᠠᠷᠠᠭ᠎ᠲᠤ᠂ ᠬᠢᠨᠠᠨ ᠪᠠᠢ᠌ᠴᠠᠭ᠋ᠠᠬᠤ ᠲᠤᠭᠤᠢ᠌ᠯᠠᠩ᠎ᠨᠢ ᠡᠳᠦᠷ ᠪᠦᠷᠢ ᠵᠢᠨ ᠠᠬᠤᠢ ᠲᠠᠯᠠᠪᠠᠶ ᠵᠢᠨ ᠪᠠᠶ᠋ᠢᠴᠠᠭ᠋ᠠᠯᠲᠠ ᠳᠠᠭᠤᠰᠤᠭᠰᠠᠨ᠎ᠤ ᠳᠠᠷᠠᠭ᠎ᠠ᠂ ᠲᠤᠰ ᠣᠷᠣᠶ᠎ᠨᠢ ᠬᠢᠨᠠᠨ ᠪᠠᠶ᠋ᠢᠴᠠᠭ᠋ᠠᠭᠰᠠᠨ ᠪᠠᠶ᠋ᠢᠳᠠᠯ ᠵᠶ᠋ᠠᠨ ᠨᠠᠷᠢᠨ ᠬᠢᠨᠠᠮᠠᠭ᠋ᠠᠶ ᠡᠮᠬᠢᠯᠡᠨ ᠬᠤᠷᠢᠶᠠᠩᠭᠤᠶ᠋ᠢᠯᠠᠵᠤ᠂ ᠬᠣᠲᠠ ᠪᠠᠯᠭ᠋ᠠᠰᠤᠨ᠎ᠤ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠎ᠳᠤ ᠲᠦᠰᠢᠭᠯᠡᠨ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠰᠢᠢ᠍ᠳᠪᠦᠷᠢᠯᠡᠬᠦ ᠪᠣᠯᠤᠮᠵᠢᠲᠤ ᠴᠢᠨᠠᠷ᠎ᠢ ᠵᠠᠳᠠᠯᠤᠨ ᠰᠤᠳᠤᠯᠤᠨ ᠮᠠᠭ᠋ᠠᠳᠯᠠᠵᠤ᠂ ᠬᠣᠲᠠ ᠪᠠᠯᠭ᠋ᠠᠰᠤᠨ᠎ᠤ ᠪᠣᠬᠢᠷ ᠤᠰᠤ ᠰᠢᠢ᠍ᠳᠪᠦᠷᠢᠯᠡᠬᠦ ᠵᠢ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠬᠤ᠎ᠳᠤ ᠴᠢᠭᠯᠡᠭᠦᠯᠦᠨ᠂ ᠬᠠᠮᠢᠶ᠎ᠠ ᠪᠥᠬᠥᠶ ᠪᠣᠳᠠᠲᠠᠶ ᠱᠠᠭ᠋ᠠᠷᠳᠠᠯᠭ᠎ᠠ ᠵᠢ ᠰᠤᠳᠤᠯᠤᠨ ᠳᠤᠷᠠᠳᠴᠤ᠂ ᠣᠷᠣᠨ ᠨᠤᠲᠤᠭ᠎ᠢ ᠰᠢᠮᠳᠠᠭᠤᠯᠤᠨ ᠵᠢᠯᠣᠭᠣᠳᠴᠤ ᠪᠠᠶ᠋ᠢᠭ᠋ᠠᠳ ᠬᠣᠲᠠ ᠪᠠᠯᠭ᠋ᠠᠰᠤᠨ᠎ᠤ ᠪᠠ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠣᠬᠢᠷ ᠤᠰᠤ ᠰᠢᠢ᠍ᠳᠪᠦᠷᠢᠯᠡᠬᠦ ᠣᠷᠴᠢᠨ ᠲᠣᠭᠣᠷᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠠᠷᠢᠨ ᠲᠣᠳᠣᠷᠬᠠᠶ᠋ᠢᠯᠠᠵᠤ᠂ ᠬᠣᠲᠠ ᠪᠠᠯᠭ᠋ᠠᠰᠤᠨ᠎ᠤ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠲᠣᠭᠲᠠᠭᠤᠨ ᠵᠶ᠋ᠠᠷ ᠠᠵᠢᠯᠯᠠᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠲᠦᠩᠯᠢᠶᠣᠤ ᠬᠣᠲᠠ ᠵᠢᠨ ᠬᠦᠷᠢᠶ᠎ᠡ ᠬᠤᠰᠢᠭᠤ᠎ᠨᠢ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠲᠠᠯ᠎ᠠ᠎ᠪᠠᠷ ᠦᠷ᠎ᠡ ᠪᠦᠲᠦᠮᠵᠢ ᠤᠯᠪᠠ
ᠠᠯᠠᠱ᠌ᠠ ᠠᠶ᠋ᠢᠮᠠᠭ᠎ᠤᠨ 2023 ᠣᠨ᠎ᠤ 2 ᠳ᠋ᠤᠭ᠋ᠠᠷ ᠰᠠᠷ᠎ᠠ ᠵᠢᠨ ᠤᠰᠤᠨ᠎ᠤ ᠣᠷᠴᠢᠨ ᠲᠣᠭᠣᠷᠢᠨ᠎ᠤ ᠴᠢᠨᠠᠷᠵᠢᠯ᠎ᠤᠨ ᠪᠠᠢ᠌ᠳᠠᠯ
ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠲᠤᠷᠰᠢᠯᠲᠠ ᠵᠢᠨ ᠴᠡᠭ᠎ᠤᠨ ᠠᠵᠢᠯ᠎ᠢ ᠬᠡᠷᠬᠢᠨ ᠥᠷᠨᠢᠭᠦᠯᠬᠦ ᠪᠣᠶ? ᠣᠷᠳᠣᠰ ᠢᠩᠭᠢᠵᠦ ᠬᠢᠬᠦ᠎ᠪᠠᠷ ᠪᠡᠯᠡᠳᠬᠡᠵᠦ ᠪᠠᠶ᠋ᠢᠨ᠎ᠠ
ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠲᠤᠷᠰᠢᠯᠲᠠ ᠵᠢᠨ ᠴᠡᠭ᠎ᠤᠨ ᠠᠵᠢᠯ᠎ᠢ ᠬᠡᠷᠬᠢᠨ ᠥᠷᠨᠢᠭᠦᠯᠬᠦ ᠪᠣᠶ? ᠣᠷᠳᠣᠰ ᠢᠩᠭᠢᠵᠦ ᠬᠢᠬᠦ᠎ᠪᠠᠷ ᠪᠡᠯᠡᠳᠬᠡᠵᠦ ᠪᠠᠶ᠋ᠢᠨ᠎ᠠ
ᠲᠦᠩᠯᠢᠶᠣᠤ ᠬᠣᠲᠠ ᠵᠢᠨ ᠬᠦᠷᠢᠶ᠎ᠡ ᠬᠤᠰᠢᠭᠤ᠎ᠨᠢ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠲᠠᠯ᠎ᠠ᠎ᠪᠠᠷ ᠦᠷ᠎ᠡ ᠪᠦᠲᠦᠮᠵᠢ ᠤᠯᠪᠠ
 
             蒙ICP备05000248号