ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠤᠰᠤᠨ᠎ᠤ ᠣᠷᠴᠢᠨ ᠲᠣᠭᠤᠷᠢᠨ᠎ᠤ ᠬᠠᠮᠢᠶᠠᠷᠤᠯᠲᠠ
ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠰᠠᠪᠠ ᠭᠠᠵᠠᠷ᠎ᠤᠨ ᠣᠭᠲᠣᠯᠤᠭ᠋ᠠᠰᠤ ᠵᠢᠨ ᠤᠰᠤᠨ᠎ᠤ ᠴᠢᠨᠠᠷ᠎ᠤᠨ ᠪᠣᠬᠢᠷᠲᠤᠯ᠎ᠳᠤ ᠨᠦᠬᠦᠪᠦᠷᠢ ᠦᠭᠬᠦ ᠠᠷᠭ᠎ᠠ ᠵᠢ ᠬᠡᠷᠡᠭᠵᠢᠭᠦᠯᠦᠭᠰᠡᠨ᠎ᠠᠴᠠ ᠮᠠᠨ᠎ᠤ ᠣᠷᠣᠨ᠎ᠤ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠲᠡᠭᠡᠭᠰᠢᠯᠡᠯᠳᠡ᠎ᠳᠤ ᠬᠠᠪᠰᠤᠷᠤᠮᠵᠢ ᠪᠤᠯᠵᠤ ᠪᠠᠢ᠌ᠨ᠎ᠠ
ᠨᠡᠶ᠋ᠢᠲᠡᠯᠡᠭᠰᠡᠨ ᠴᠠᠭ᠄ 2021-06-09

    《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠰᠠᠪᠠ ᠭᠠᠵᠠᠷ᠎ᠤᠨ ᠣᠭᠲᠣᠯᠤᠭ᠋ᠠᠰᠤ ᠵᠢᠨ ᠤᠰᠤᠨ᠎ᠤ ᠴᠢᠨᠠᠷ᠎ᠤᠨ ᠪᠣᠬᠢᠷᠲᠤᠯ᠎ᠳᠤ ᠨᠥᠬᠥᠪᠥᠷᠢ ᠥᠭᠬᠦ ᠠᠷᠭ᠎ᠠ     (ᠲᠤᠷᠰᠢᠨ ᠬᠡᠷᠡᠭᠵᠢᠭᠦᠯᠬᠦ)〉 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》 (ᠥᠪᠥᠷ ᠤᠷᠴᠢᠨ ᠲᠠᠷᠬᠠᠭ᠋ᠠᠭᠰᠠᠨ [2019] 72 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠤᠯᠤᠰ᠎ᠤᠨ ᠮᠠᠭ᠋ᠠᠳᠯᠠᠨ ᠲᠣᠭᠲᠠᠭ᠋ᠠᠭᠰᠠᠨ ᠣᠭᠲᠣᠯᠤᠭ᠋ᠠᠰᠤ ᠵᠢᠨ ᠤᠰᠤᠨ᠎ᠤ ᠴᠢᠨᠠᠷ᠎ᠢ ᠰᠢᠯᠭ᠋ᠠᠨ ᠬᠢᠨᠠᠭᠰᠠᠨ ᠦᠷ᠎ᠡ ᠳ᠋ᠦᠩ᠎ᠤᠨ ᠶᠣᠰᠣᠭ᠋ᠠᠷ᠂ ᠮᠠᠨ᠎ᠤ ᠲᠢᠩᠬᠢᠮ᠎ᠠᠴᠠ 2020 ᠣᠨ᠎ᠤ ᠭᠣᠤᠯᠳᠠᠯᠭ᠎ᠠ᠎ᠲᠠᠢ ᠰᠠᠪᠠ ᠭᠠᠵᠠᠷ᠎ᠤᠨ ᠣᠭᠲᠣᠯᠤᠭ᠋ᠠᠰᠤ ᠵᠢᠨ ᠤᠰᠤᠨ᠎ᠤ ᠴᠢᠨᠠᠷ᠎ᠤᠨ ᠪᠣᠬᠢᠷᠲᠤᠯ᠎ᠤᠨ ᠨᠥᠬᠥᠪᠥᠷᠢ ᠮᠥᠩᠭᠥ ᠵᠢᠨ ᠲᠣᠭ᠋ᠠᠴᠠᠭ᠎ᠠ ᠬᠢᠬᠦ ᠠᠵᠢᠯ᠎ᠢ ᠵᠣᠬᠢᠶᠠᠨ ᠪᠠᠶ᠋ᠢᠭᠤᠯᠤᠨ ᠪᠡᠶᠡᠯᠡᠭᠦᠯᠵᠦ᠂ 2020 ᠣᠨ᠎ᠳᠤ᠂ ᠪᠥᠬᠥ ᠣᠷᠣᠨ᠎ᠳᠤ ᠨᠡᠶ᠋ᠢᠲᠡ 4215.04 ᠲᠦᠮᠡᠨ ᠲᠥᠭᠥᠷᠢᠭ᠎ᠤᠨ ᠨᠥᠬᠥᠪᠥᠷᠢ ᠮᠥᠩᠭᠥ ᠵᠢ ᠲᠤᠰᠢᠶᠠᠭᠰᠠᠨ ᠪᠥᠭᠡᠳ ᠬᠤᠪᠢᠶᠠᠷᠢᠯᠠᠭᠰᠠᠨ ᠪᠠᠶ᠋ᠢᠵᠤ᠂ ᠡᠳ᠋᠎ᠤᠨ ᠵᠠᠰᠠᠭ᠎ᠤᠨ ᠲᠢᠩᠬᠢᠮ᠎ᠠᠴᠠ ᠵᠢᠯ᠎ᠤᠨ ᠡᠴᠦᠰ᠎ᠤᠨ ᠳ᠋ᠦᠩᠨᠡᠨ ᠪᠣᠳᠣᠯᠲᠠ᠎ᠪᠠᠷ ᠳᠠᠮᠵᠢᠭᠤᠯᠤᠨ ᠡᠯ᠎ᠡ ᠠᠶ᠋ᠢᠮᠠᠭ ᠬᠣᠲᠠ ᠵᠢᠨ ᠵᠠᠰᠠᠭ᠎ᠤᠨ ᠣᠷᠳᠣᠨ (ᠵᠠᠬᠢᠷᠭ᠎ᠠ)᠎ᠳᠤ ᠪᠠᠭᠤᠯᠭ᠋ᠠᠪᠠ᠃
     2020 ᠣᠨ᠎ᠳᠤ ᠪᠥᠬᠥ ᠣᠷᠣᠨ᠎ᠳᠠᠬᠢ ᠤᠯᠤᠰ᠎ᠤᠨ ᠲᠠᠯ᠎ᠠ᠎ᠠᠴᠠ ᠰᠢᠯᠭ᠋ᠠᠨ ᠬᠢᠨᠠᠵᠤ ᠠᠪᠬᠤ ᠣᠭᠲᠣᠯᠤᠭ᠋ᠠᠰᠤ ᠵᠢᠨ ᠰᠢᠯᠢᠳᠡᠭ ᠤᠰᠤᠨ ᠴᠣᠭᠴᠠ ᠵᠢᠨ ᠬᠠᠷᠢᠴᠠᠯ᠎ᠨᠢ 69.23%᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.7%᠎ᠪᠠᠷ ᠳᠡᠭᠡᠭᠰᠢᠯᠡᠵᠦ᠂ ᠬᠡᠷᠡᠭᠯᠡᠬᠦ ᠴᠢᠳᠠᠮᠵᠢ᠎ᠪᠠᠨ ᠠᠯᠳᠠᠭᠰᠠᠨ ᠤᠰᠤᠨ ᠴᠣᠭᠴᠠ ᠵᠢᠨ ᠣᠭᠲᠣᠯᠤᠭ᠋ᠠᠰᠤ ᠵᠢᠨ 1.9%᠎ᠪᠠᠷ ᠪᠠᠭᠤᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 3.9%᠎ᠪᠠᠷ ᠪᠠᠭᠤᠷᠠᠵᠤ᠂ ᠴᠥᠮ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠢ ᠰᠢᠯᠭ᠋ᠠᠨ ᠬᠢᠨᠠᠬᠤ ᠱᠠᠭ᠋ᠠᠷᠳᠠᠯᠭ᠎ᠠ᠎ᠳᠤ ᠬᠦᠷᠦᠭᠰᠡᠨ ᠪᠥᠭᠡᠳ ᠣᠭᠲᠣᠯᠤᠭ᠋ᠠᠰᠤ ᠵᠢᠨ ᠤᠰᠤᠨ᠎ᠤ ᠴᠢᠨᠠᠷ ᠵᠢᠯ ᠳᠠᠷᠠᠭ᠋ᠠᠯᠠᠨ ᠰᠠᠶ᠋ᠢᠵᠢᠷᠠᠪᠠ᠃ ᠨᠥᠬᠥᠪᠥᠷᠢ ᠥᠭᠬᠦ ᠠᠷᠭ᠎ᠠ ᠵᠢ ᠬᠡᠷᠡᠭᠵᠢᠭᠦᠯᠦᠭᠰᠡᠨ᠎ᠨᠢ᠂ ᠰᠢᠯᠢᠳᠡᠭ᠎ᠢ᠎ᠨᠢ ᠱᠠᠩᠨᠠᠵᠤ ᠮᠠᠭᠤ ᠵᠢ᠎ᠨᠢ ᠲᠣᠷᠭ᠋ᠠᠬᠤ᠎ᠪᠠᠷ ᠵᠠᠷᠴᠢᠮ ᠪᠣᠯᠭ᠋ᠠᠵᠤ᠂ ᠠᠵᠤ ᠠᠬᠤᠶ ᠵᠢᠨ ᠠᠷᠭ᠎ᠠ ᠪᠠᠷᠢᠯ᠎ᠢ ᠬᠡᠷᠡᠭᠯᠡᠨ᠂ ᠮᠠᠨ᠎ᠤ ᠣᠷᠣᠨ᠎ᠤ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠠᠬᠢᠭᠤᠯᠵᠤ᠂ ᠮᠠᠨ᠎ᠤ ᠣᠷᠣᠨ᠎ᠤ ᠤᠰᠤᠨ᠎ᠤ ᠣᠷᠴᠢᠨ ᠲᠣᠭᠣᠷᠢᠨ᠎ᠢ ᠤᠯᠠᠮ ᠨᠢᠭᠡ ᠠᠯᠬᠤᠮ ᠬᠠᠮᠠᠭ᠋ᠠᠯᠠᠨ ᠰᠠᠶ᠋ᠢᠵᠢᠷᠠᠭᠤᠯᠪᠠ᠃

ᠢᠷᠡᠯᠲᠡ᠄ ᠥᠪᠥᠷ ᠮᠣᠩᠭᠣᠯ᠎ᠤᠨ ᠠᠮᠢ ᠠᠬᠤᠶ ᠣᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ 《ᠦᠵᠡᠰᠬᠦᠯᠡᠩᠲᠦ ᠰᠠᠶ᠋ᠢᠬᠠᠨ ᠨᠠᠭᠤᠷ ᠭᠣᠤᠯ》᠎ᠤᠨ ᠬᠡᠷᠡᠭ᠎ᠤᠨ ᠰᠢᠯᠢᠳᠡᠭ ᠵᠢᠱ᠌ᠢᠶ᠎ᠡ ᠵᠢ ᠭᠤᠶᠤᠴᠢᠯᠠᠨ ᠮᠡᠳᠡᠭᠦᠯᠬᠦ ᠠᠵᠢᠯ᠎ᠢ ᠦᠷᠨᠢᠭᠦᠯᠵᠦ ᠪᠠᠢ᠌ᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠪᠥᠬᠥ ᠣᠷᠣᠨ᠎ᠤ ᠭᠣᠤᠯᠳᠠᠯᠭ᠎ᠠ᠎ᠲᠠᠢ ᠰᠠᠪᠠ ᠭᠠᠵᠠᠷ᠎ᠤᠨ ᠤᠰᠤᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠲᠤᠰᠬᠠᠢ ᠮᠡᠷᠭᠡᠵᠢᠯᠳᠡᠳ᠎ᠤᠨ ᠨᠤᠳᠠᠯᠠᠯᠳᠠ ᠵᠢᠨ ᠬᠤᠷᠠᠯ ᠬᠤᠷᠠᠯᠳᠤᠭᠤᠯᠪᠠ
ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ᠎ᠤᠨ ᠤᠰᠤᠨ᠎ᠤ ᠠᠮᠢ ᠠᠬᠤᠶ ᠣᠷᠴᠢᠨ ᠲᠤᠭᠤᠷᠢᠨ᠎ᠤ ᠭᠠᠵᠠᠷ ᠪᠣᠯᠤᠨ ᠦᠪᠡᠷᠳᠡᠭᠡᠨ ᠵᠠᠰᠠᠬᠤ ᠤᠷᠤᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠬᠤᠳᠠ ᠵᠢᠨ ᠪᠦᠳᠦᠭᠡᠨ ᠪᠠᠢ᠌ᠭᠤᠯᠤᠯᠳᠠ ᠵᠢᠨ ᠭᠠᠵᠠᠷ᠎ᠯᠤᠭ᠎ᠠ ᠬᠠᠮᠳᠤᠷᠠᠨ ᠲᠦᠩᠯᠢᠶᠣᠤ ᠬᠣᠲᠠ᠂ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠎ᠲᠤ ᠬᠦᠷᠴᠦ ᠬᠣᠲᠠ ᠪᠠᠯᠭ᠋ᠠᠰᠤᠨ᠎ᠤ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠎ᠳᠤ ᠲᠦᠰᠢᠭᠯᠡᠨ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠰᠢᠢ᠍ᠳᠪᠦᠷᠢᠯᠡᠬᠦ ᠪᠣᠯᠤᠮᠵᠢᠲᠤ ᠴᠢᠨᠠᠷ᠎ᠤᠨ ᠦᠨᠡᠯᠡᠨ ᠵᠢᠱ᠌ᠢᠯᠲᠡ ᠵᠢᠨ ᠠᠬᠤᠢ ᠲᠠᠯᠠᠪᠠᠢ ᠵᠢᠨ ᠬᠢᠨᠠᠨ ᠪᠠᠶ᠋ᠢᠴᠠᠭ᠋ᠠᠯᠲᠠ ᠵᠢ ᠥᠷᠨᠢᠭᠦᠯᠪᠡ
ᠲᠦᠩᠯᠢᠶᠣᠤ ᠬᠣᠲᠠ ᠵᠢᠨ ᠬᠦᠷᠢᠶ᠎ᠡ ᠬᠤᠰᠢᠭᠤ᠎ᠨᠢ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠲᠠᠯ᠎ᠠ᠎ᠪᠠᠷ ᠦᠷ᠎ᠡ ᠪᠦᠲᠦᠮᠵᠢ ᠤᠯᠪᠠ
ᠠᠯᠠᠱ᠌ᠠ ᠠᠶ᠋ᠢᠮᠠᠭ᠎ᠤᠨ 2023 ᠣᠨ᠎ᠤ 2 ᠳ᠋ᠤᠭ᠋ᠠᠷ ᠰᠠᠷ᠎ᠠ ᠵᠢᠨ ᠤᠰᠤᠨ᠎ᠤ ᠣᠷᠴᠢᠨ ᠲᠣᠭᠣᠷᠢᠨ᠎ᠤ ᠴᠢᠨᠠᠷᠵᠢᠯ᠎ᠤᠨ ᠪᠠᠢ᠌ᠳᠠᠯ
 
             蒙ICP备05000248号