ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠤᠰᠤᠨ᠎ᠤ ᠣᠷᠴᠢᠨ ᠲᠣᠭᠤᠷᠢᠨ᠎ᠤ ᠬᠠᠮᠢᠶᠠᠷᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ 《ᠦᠵᠡᠰᠬᠦᠯᠡᠩᠲᠦ ᠰᠠᠶ᠋ᠢᠬᠠᠨ ᠨᠠᠭᠤᠷ ᠭᠣᠤᠯ》᠎ᠤᠨ ᠬᠡᠷᠡᠭ᠎ᠤᠨ ᠰᠢᠯᠢᠳᠡᠭ ᠵᠢᠱ᠌ᠢᠶ᠎ᠡ ᠵᠢ ᠭᠤᠶᠤᠴᠢᠯᠠᠨ ᠮᠡᠳᠡᠭᠦᠯᠬᠦ ᠠᠵᠢᠯ᠎ᠢ ᠦᠷᠨᠢᠭᠦᠯᠵᠦ ᠪᠠᠢ᠌ᠨ᠎ᠠ
ᠨᠡᠶ᠋ᠢᠲᠡᠯᠡᠭᠰᠡᠨ ᠴᠠᠭ᠄ 2021-06-09

      ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠭᠤᠷ ᠭᠣᠣᠯ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠢᠳᠡᠪᠬᠢᠲᠡᠶ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠠᠴᠠ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ 2021 ᠣᠨ᠎ᠤ 《ᠦᠵᠡᠰᠬᠦᠯᠡᠩᠲᠦ ᠰᠠᠶ᠋ᠢᠬᠠᠨ ᠨᠠᠭᠤᠷ ᠭᠤᠤᠯ》᠎ᠤᠨ ᠰᠢᠯᠢᠳᠡᠭ ᠬᠡᠷᠡᠭ᠎ᠤᠨ ᠵᠢᠱ᠌ᠢᠶ᠎ᠡ ᠵᠢ ᠴᠤᠭᠯᠠᠭᠤᠯᠬᠤ ᠬᠣᠯᠪᠣᠭᠳᠠᠯ ᠪᠥᠬᠥᠶ ᠱᠠᠭ᠋ᠠᠷᠳᠠᠯᠭ᠎ᠠ ᠶᠣᠰᠣᠭ᠋ᠠᠷ᠂ ᠬᠠᠲᠤᠨ ᠭᠣᠤᠯ᠂ ᠯᠤᠸᠠᠨ ᠾᠧ ᠭᠣᠤᠯ᠂ ᠰᠤᠩᠭ᠋ᠠᠷᠢ ᠮᠥᠷᠡᠨ᠎ᠤ ᠰᠠᠪᠠ ᠭᠠᠵᠠᠷ ᠵᠶ᠋ᠠᠷ ᠭᠣᠤᠯᠳᠠᠯᠭ᠎ᠠ ᠪᠤᠯᠭ᠋ᠠᠵᠤ᠂ ᠤᠰᠤᠨ᠎ᠤ ᠡᠬᠢ ᠪᠠᠶᠠᠯᠢᠭ᠂ ᠤᠰᠤᠨ᠎ᠤ ᠠᠮᠢ ᠠᠬᠤᠶ᠂ ᠤᠰᠤᠨ᠎ᠤ ᠣᠷᠴᠢᠨ ᠲᠣᠭᠣᠷᠢᠨ ᠵᠡᠷᠭᠡ ᠭᠤᠷᠪᠠᠨ ᠲᠠᠯ᠎ᠠ ᠵᠢᠨ ᠲᠣᠭᠣᠷᠢᠨ᠎ᠳᠤ᠂ ᠡᠯ᠎ᠡ ᠠᠶ᠋ᠢᠮᠠᠭ ᠬᠣᠲᠠ ᠵᠢ ᠵᠣᠬᠢᠶᠠᠨ ᠪᠠᠶ᠋ᠢᠭᠤᠯᠵᠤ ᠦᠵᠡᠰᠬᠦᠯᠡᠩᠲᠦ ᠰᠠᠶ᠋ᠢᠬᠠᠨ ᠨᠠᠭᠤᠷ ᠭᠣᠤᠯ᠎ᠤᠨ ᠰᠢᠯᠢᠳᠡᠭ ᠬᠡᠷᠡᠭ᠎ᠤᠨ ᠵᠢᠱ᠌ᠢᠶ᠎ᠡ ᠵᠢ ᠭᠤᠶᠤᠴᠢᠯᠠᠨ ᠮᠡᠳᠡᠭᠦᠯᠬᠦ ᠠᠵᠢᠯ᠎ᠢ ᠥᠷᠨᠢᠭᠦᠯᠵᠦ᠂ ᠤᠯᠠᠭ᠋ᠠᠨᠰᠤᠬᠠᠢ ᠵᠡᠷᠭᠡ 8 ᠬᠡᠷᠡᠭ᠎ᠤᠨ ᠵᠢᠱ᠌ᠢᠶ᠎ᠡ ᠵᠢ ᠴᠤᠭᠯᠠᠭᠤᠯᠪᠠ᠃ ᠠᠩᠬᠠᠨ᠎ᠤ ᠬᠢᠨᠠᠨ ᠬᠠᠷᠭᠤᠭᠤᠯᠤᠯᠲᠠ᠎ᠪᠠᠷ ᠳᠠᠮᠵᠢᠨ᠂ ᠤᠯᠠᠭ᠋ᠠᠨᠰᠤᠬᠠᠢ᠂ ᠬᠠᠯᠬ᠎ᠠ ᠭᠣᠣᠯ᠂ ᠲᠤᠭᠤᠤᠷ᠎ᠤᠨ ᠭᠣᠣᠯ᠂ ᠴᠤᠤᠯ ᠭᠣᠣᠯ᠂ ᠦ᠋ ᠳ᠋ᠢᠩ ᠾᠧ ᠭᠣᠣᠯ ᠵᠢᠴᠢ ᠯᠤᠸᠠᠨ ᠾᠧ ᠭᠣᠣᠯ᠎ᠤᠨ ᠲᠤᠯᠤᠨᠨᠠᠭᠤᠷ᠎ᠤᠨ ᠬᠡᠰᠡᠭ ᠵᠡᠷᠭᠡ ᠦᠵᠡᠰᠬᠦᠯᠡᠩᠲᠦ ᠰᠠᠶ᠋ᠢᠬᠠᠨ ᠨᠠᠭᠤᠷ ᠭᠣᠣᠯ᠎ᠤᠨ ᠬᠡᠷᠡᠭ᠎ᠤᠨ ᠵᠢᠱ᠌ᠢᠶ᠎ᠡ ᠵᠢ ᠪᠦᠯᠦᠭ ᠬᠤᠪᠢᠶᠠᠨ ᠮᠠᠨ᠎ᠤ ᠲᠢᠩᠬᠢᠮ᠎ᠤᠨ ᠵᠢᠷᠬᠢᠶ᠎ᠡ ᠵᠢᠨ ᠲᠠᠪᠴᠠᠩ᠎ᠤᠨ ᠤᠯᠠᠨ ᠨᠡᠶ᠋ᠢᠲᠡ ᠵᠢᠨ ᠳ᠋ᠤᠭ᠋ᠠᠷ᠎ᠲᠤ᠎ᠪᠠᠨ ᠲᠥᠪᠯᠡᠷᠡᠭᠦᠯᠦᠨ ᠳᠡᠯᠭᠡᠨ ᠦᠵᠡᠭᠦᠯᠬᠦ ᠵᠢᠨ ᠬᠠᠮᠲᠤ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠳᠤ ᠢᠳᠡᠪᠬᠢᠲᠡᠢ ᠮᠡᠳᠡᠭᠦᠯᠵᠦ᠂ ᠪᠦᠬᠦ ᠣᠷᠣᠨ᠎ᠤ ᠨᠠᠭᠤᠷ ᠭᠣᠣᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠰᠠᠶ᠋ᠢᠲᠤᠷ ᠬᠢᠬᠦ᠎ᠳᠤ ᠦᠯᠢᠭᠡᠷ ᠳᠠᠭᠤᠷᠢᠶᠠᠯ ᠦᠵᠡᠭᠦᠯᠪᠡ᠃

ᠢᠷᠡᠯᠲᠡ᠄ ᠥᠪᠥᠷ ᠮᠣᠩᠭᠣᠯ᠎ᠤᠨ ᠠᠮᠢ ᠠᠬᠤᠶ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠪᠥᠬᠥ ᠣᠷᠣᠨ᠎ᠤ ᠭᠣᠤᠯᠳᠠᠯᠭ᠎ᠠ᠎ᠲᠠᠢ ᠰᠠᠪᠠ ᠭᠠᠵᠠᠷ᠎ᠤᠨ ᠤᠰᠤᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠲᠤᠰᠬᠠᠢ ᠮᠡᠷᠭᠡᠵᠢᠯᠳᠡᠳ᠎ᠤᠨ ᠨᠤᠳᠠᠯᠠᠯᠳᠠ ᠵᠢᠨ ᠬᠤᠷᠠᠯ ᠬᠤᠷᠠᠯᠳᠤᠭᠤᠯᠪᠠ
ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ᠎ᠤᠨ ᠤᠰᠤᠨ᠎ᠤ ᠠᠮᠢ ᠠᠬᠤᠶ ᠣᠷᠴᠢᠨ ᠲᠤᠭᠤᠷᠢᠨ᠎ᠤ ᠭᠠᠵᠠᠷ ᠪᠣᠯᠤᠨ ᠦᠪᠡᠷᠳᠡᠭᠡᠨ ᠵᠠᠰᠠᠬᠤ ᠤᠷᠤᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠬᠤᠳᠠ ᠵᠢᠨ ᠪᠦᠳᠦᠭᠡᠨ ᠪᠠᠢ᠌ᠭᠤᠯᠤᠯᠳᠠ ᠵᠢᠨ ᠭᠠᠵᠠᠷ᠎ᠯᠤᠭ᠎ᠠ ᠬᠠᠮᠳᠤᠷᠠᠨ ᠲᠦᠩᠯᠢᠶᠣᠤ ᠬᠣᠲᠠ᠂ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠎ᠲᠤ ᠬᠦᠷᠴᠦ ᠬᠣᠲᠠ ᠪᠠᠯᠭ᠋ᠠᠰᠤᠨ᠎ᠤ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠎ᠳᠤ ᠲᠦᠰᠢᠭᠯᠡᠨ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠰᠢᠢ᠍ᠳᠪᠦᠷᠢᠯᠡᠬᠦ ᠪᠣᠯᠤᠮᠵᠢᠲᠤ ᠴᠢᠨᠠᠷ᠎ᠤᠨ ᠦᠨᠡᠯᠡᠨ ᠵᠢᠱ᠌ᠢᠯᠲᠡ ᠵᠢᠨ ᠠᠬᠤᠢ ᠲᠠᠯᠠᠪᠠᠢ ᠵᠢᠨ ᠬᠢᠨᠠᠨ ᠪᠠᠶ᠋ᠢᠴᠠᠭ᠋ᠠᠯᠲᠠ ᠵᠢ ᠥᠷᠨᠢᠭᠦᠯᠪᠡ
ᠲᠦᠩᠯᠢᠶᠣᠤ ᠬᠣᠲᠠ ᠵᠢᠨ ᠬᠦᠷᠢᠶ᠎ᠡ ᠬᠤᠰᠢᠭᠤ᠎ᠨᠢ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠲᠠᠯ᠎ᠠ᠎ᠪᠠᠷ ᠦᠷ᠎ᠡ ᠪᠦᠲᠦᠮᠵᠢ ᠤᠯᠪᠠ
ᠠᠯᠠᠱ᠌ᠠ ᠠᠶ᠋ᠢᠮᠠᠭ᠎ᠤᠨ 2023 ᠣᠨ᠎ᠤ 2 ᠳ᠋ᠤᠭ᠋ᠠᠷ ᠰᠠᠷ᠎ᠠ ᠵᠢᠨ ᠤᠰᠤᠨ᠎ᠤ ᠣᠷᠴᠢᠨ ᠲᠣᠭᠣᠷᠢᠨ᠎ᠤ ᠴᠢᠨᠠᠷᠵᠢᠯ᠎ᠤᠨ ᠪᠠᠢ᠌ᠳᠠᠯ
ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠲᠤᠷᠰᠢᠯᠲᠠ ᠵᠢᠨ ᠴᠡᠭ᠎ᠤᠨ ᠠᠵᠢᠯ᠎ᠢ ᠬᠡᠷᠬᠢᠨ ᠥᠷᠨᠢᠭᠦᠯᠬᠦ ᠪᠣᠶ? ᠣᠷᠳᠣᠰ ᠢᠩᠭᠢᠵᠦ ᠬᠢᠬᠦ᠎ᠪᠠᠷ ᠪᠡᠯᠡᠳᠬᠡᠵᠦ ᠪᠠᠶ᠋ᠢᠨ᠎ᠠ
 
             蒙ICP备05000248号