ᠮᠠᠨ᠎ᠤ ᠣᠷᠣᠨ᠎ᠤ ᠭᠣᠤᠯᠳᠠᠯᠭ᠎ᠠ᠎ᠲᠠᠢ ᠰᠠᠪᠠ ᠭᠠᠵᠠᠷ᠎ᠤᠨ ᠤᠰᠤᠨ᠎ᠤ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠰᠠᠶ᠋ᠢᠲᠤᠷ ᠬᠢᠬᠦ ᠵᠢᠨ ᠲᠤᠰᠠᠳᠠ᠂ 6 ᠳ᠋ᠤᠭ᠋ᠠᠷ ᠰᠠᠷ᠎ᠠ ᠵᠢᠨ 2᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠲᠦᠯᠦᠪᠵᠢᠭᠦᠯᠭᠡ ᠵᠢᠨ ᠲᠤᠰᠬᠠᠢ ᠮᠡᠷᠭᠡᠵᠢᠯᠳᠡᠳ᠎ᠤᠨ ᠨᠤᠳᠠᠯᠠᠯᠳᠠ ᠵᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠶᠡᠷᠦᠩᠬᠡᠢ ᠢᠨᠵᠧᠨᠧᠷ ᠵᠤᠤ ᠱ᠌ᠢ ᠳ᠋ᠸ ᠲᠤᠰ ᠬᠤᠷᠠᠯ᠎ᠳᠤ ᠣᠷᠣᠯᠴᠠᠵᠤ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠵᠡᠷᠭᠡ ᠨᠢᠭᠡᠴᠢ ᠵᠢᠨ 5 ᠲᠤᠰᠬᠠᠢ ᠮᠡᠷᠭᠡᠵᠢᠯᠲᠡᠨ ᠵᠢᠴᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠤᠰᠤᠨ ᠠᠰᠢᠭᠯᠠᠯᠲᠠ ᠵᠢᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠳᠠ ᠵᠢᠨ ᠲᠢᠩᠬᠢᠮ᠂ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ ᠵᠡᠷᠭᠡ 7 ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠲᠤᠰ ᠬᠤᠷᠠᠯ᠎ᠳᠤ ᠣᠷᠣᠯᠴᠠᠪᠠ᠃
ᠬᠤᠷᠠᠯ᠎ᠠᠴᠠ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠭᠰᠠᠨ ᠨᠢᠭᠡᠴᠢ ᠵᠢᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠬᠤᠷᠠᠯ᠎ᠳᠤ ᠣᠷᠣᠯᠴᠠᠭᠰᠠᠨ ᠲᠤᠰᠬᠠᠢ ᠮᠡᠷᠭᠡᠵᠢᠯᠲᠡᠳ 《ᠲᠥᠯᠥᠪᠵᠢᠭᠦᠯᠭᠡ (ᠶᠠᠷᠢᠯᠴᠠᠬᠤ ᠨᠤᠤᠷᠠᠭ)》 ᠵᠢ ᠭᠦᠨᠵᠡᠭᠡᠢ ᠰᠤᠳᠤᠯᠤᠨ ᠨᠤᠲᠠᠯᠠᠵᠤ᠂ ᠬᠤᠷᠠᠯ᠎ᠳᠤ ᠣᠷᠣᠯᠴᠠᠭᠰᠠᠨ ᠡᠯ᠎ᠡ ᠰᠠᠯᠠᠭ᠎ᠠ ᠮᠥᠴᠢᠷ᠎ᠤᠨ᠎ᠬᠢᠨ ᠲᠤᠰ ᠲᠤᠰ᠎ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠵᠤ᠂ 《ᠲᠥᠯᠥᠪᠵᠢᠭᠦᠯᠭᠡ (ᠶᠠᠷᠢᠯᠴᠠᠬᠤ ᠨᠤᠤᠷᠠᠭ)》 ᠵᠢ ᠭᠦᠢ᠍ᠴᠡᠳ ᠶᠠᠷᠢᠯᠴᠠᠭᠰᠠᠨ ᠪᠥᠭᠡᠳ ᠬᠠᠨᠳᠤᠯᠭ᠋ᠠᠲᠤ ᠴᠢᠨᠠᠷᠲᠠᠢ ᠵᠠᠰᠠᠪᠤᠷᠢ ᠣᠷᠣᠭᠤᠯᠬᠤ ᠰᠠᠨᠠᠯ ᠰᠠᠨᠠᠭᠤᠯᠭ᠎ᠠ ᠵᠢ ᠳᠤᠷᠠᠳᠴᠠᠢ᠃ ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠠᠴᠠ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠨᠢᠭᠡᠴᠢ ᠵᠢ ᠵᠣᠬᠢᠶᠠᠨ ᠪᠠᠶ᠋ᠢᠭᠤᠯᠤᠨ 《ᠲᠥᠯᠥᠪᠵᠢᠭᠦᠯᠭᠡ》 ᠵᠢᠨ ᠠᠭᠤᠯᠭ᠎ᠠ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠨᠥᠬᠥᠪᠥᠷᠢᠯᠡᠨ ᠪᠦᠷᠢᠨᠰᠢᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠭᠣᠤᠯᠳᠠᠯᠭ᠎ᠠ᠎ᠲᠠᠢ ᠰᠠᠪᠠ ᠭᠠᠵᠠᠷ᠎ᠤᠨ ᠤᠰᠤᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠰᠠᠶ᠋ᠢᠲᠤᠷ ᠬᠢᠬᠦ᠎ᠳᠤ ᠪᠠᠲᠤ ᠪᠠᠬᠢ ᠰᠠᠭᠤᠷᠢ ᠵᠢ ᠲᠠᠯᠪᠢᠭᠰᠠᠨ ᠪᠠᠢ᠌ᠨ᠎ᠠ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠬᠠᠷᠢᠭᠤᠴᠠᠯᠭ᠋ᠠᠲᠠᠨ ᠵᠢᠴᠢ ᠬᠠᠮᠢᠶ᠎ᠠ ᠪᠦᠬᠦᠢ ᠬᠥᠮᠦᠰ ᠲᠤᠰ ᠬᠤᠷᠠᠯ᠎ᠳᠤ ᠣᠷᠣᠯᠴᠠᠪᠠ᠃