ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠤᠰᠤᠨ᠎ᠤ ᠣᠷᠴᠢᠨ ᠲᠣᠭᠤᠷᠢᠨ᠎ᠤ ᠬᠠᠮᠢᠶᠠᠷᠤᠯᠲᠠ
ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠲᠤᠷᠰᠢᠯᠲᠠ ᠵᠢᠨ ᠴᠡᠭ᠎ᠤᠨ ᠠᠵᠢᠯ᠎ᠢ ᠬᠡᠷᠬᠢᠨ ᠥᠷᠨᠢᠭᠦᠯᠬᠦ ᠪᠣᠶ? ᠣᠷᠳᠣᠰ ᠢᠩᠭᠢᠵᠦ ᠬᠢᠬᠦ᠎ᠪᠠᠷ ᠪᠡᠯᠡᠳᠬᠡᠵᠦ ᠪᠠᠶ᠋ᠢᠨ᠎ᠠ
ᠨᠡᠶ᠋ᠢᠲᠡᠯᠡᠭᠰᠡᠨ ᠴᠠᠭ᠄ 2023-03-07

        ᠨᠢᠭᠡ᠂ ᠲᠤᠷᠰᠢᠯᠲᠠ ᠵᠢᠨ ᠴᠡᠭ ᠪᠤᠯᠬᠤ᠎ᠪᠠᠷ ᠳᠤᠷᠠᠳᠪᠠ᠃ 2021 ᠣᠨ᠎ᠤ 12 ᠳ᠋ᠤᠭ᠋ᠠᠷ ᠰᠠᠷ᠎ᠠ᠎ᠳᠤ᠂ ᠠᠮᠢ ᠠᠬᠤᠶ ᠣᠷᠴᠢᠨ ᠲᠤᠭᠤᠷᠢᠨ᠎ᠤ ᠶᠠᠮᠤᠨ ᠵᠡᠷᠭᠡ ᠳᠥᠷᠪᠡᠨ ᠶᠠᠮᠤᠨ ᠬᠣᠷᠢᠶ᠎ᠠ ᠬᠠᠮᠲᠤᠷᠠᠨ 《〈ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠲᠤᠷᠰᠢᠯᠲᠠ ᠵᠢᠨ ᠴᠡᠭ᠎ᠢ ᠬᠡᠷᠡᠭᠵᠢᠭᠦᠯᠬᠦ ᠲᠥᠰᠦᠯ〉᠎ᠢ ᠥᠷᠨᠢᠭᠦᠯᠬᠦ ᠲᠤᠬᠠᠶ ᠮᠡᠳᠡᠭᠳᠡᠯ》 (ᠣᠷᠴᠢᠨ ᠠᠯᠪᠠᠨ ᠤᠰᠤᠨ ᠴᠣᠭᠴᠠ [2021] 28 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠪᠥᠬᠥ ᠤᠯᠤᠰ᠎ᠲᠤ ᠨᠢᠭᠡ ᠪᠦᠯᠦᠭ ᠳᠠᠬᠢᠯᠲᠠ ᠤᠰᠤᠨ᠎ᠤ ᠬᠡᠷᠡᠭᠴᠡᠭᠡ ᠱᠠᠭ᠋ᠠᠷᠳᠠᠯᠭ᠎ᠠ᠎ᠪᠠᠷ ᠶᠡᠬᠡ᠂ ᠵᠣᠬᠢᠬᠤ ᠰᠠᠭᠤᠷᠢ᠎ᠲᠠᠢ ᠪᠥᠭᠡᠳ ᠠᠵᠢᠯ᠎ᠤᠨ ᠢᠳᠡᠪᠬᠢᠵᠢᠯ ᠵᠶ᠋ᠠᠷ ᠥᠨᠳᠥᠷ ᠲᠤᠰᠬᠠᠶ ᠣᠷᠣᠨ᠎ᠤ ᠲᠠᠰ᠎ᠤᠨ ᠤᠰᠤ ᠳᠤᠲᠠᠭᠳᠠᠵᠤ ᠪᠠᠶ᠋ᠢᠭ᠎ᠠ ᠬᠣᠲᠠ ᠵᠢ ᠰᠣᠩᠭᠣᠵᠤ ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠲᠤᠷᠰᠢᠯᠲᠠ ᠵᠢᠨ ᠴᠡᠭ᠎ᠢ ᠥᠷᠨᠢᠭᠦᠯᠦᠨ᠎ᠡ ᠭᠡᠵᠦ ᠳᠤᠷᠠᠳᠤᠨ ᠭᠠᠷᠭ᠋ᠠᠪᠠ᠃ ᠠᠮᠢ ᠠᠬᠤᠶ ᠣᠷᠴᠢᠨ ᠲᠤᠭᠤᠷᠢᠨ᠎ᠤ ᠶᠠᠮᠤᠨ ᠵᠡᠷᠭᠡ ᠳᠥᠷᠪᠡᠨ ᠶᠠᠮᠤᠨ ᠬᠣᠷᠢᠶ᠎ᠠ᠎ᠠᠴᠠ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ᠂ ᠲᠤᠷᠰᠢᠯᠲᠠ ᠵᠢᠨ ᠴᠡᠭ᠎ᠢ ᠬᠡᠷᠡᠭᠵᠢᠭᠦᠯᠬᠦ ᠲᠥᠰᠦᠯ᠎ᠤᠨ ᠰᠢᠨᠵᠢᠯᠡᠬᠦ ᠤᠬᠠᠭ᠋ᠠᠨᠴᠢ ᠴᠢᠨᠠᠷ᠂ ᠵᠦᠶ ᠵᠣᠬᠢᠰᠲᠠᠶ ᠴᠢᠨᠠᠷ ᠪᠠ ᠣᠷᠣᠨ ᠪᠦᠰᠡ ᠵᠢᠨ ᠵᠢᠱ᠌ᠢᠶ᠎ᠡ ᠦᠵᠡᠭᠦᠯᠬᠦ ᠦᠨ᠎ᠡ ᠥᠷᠲᠡᠭ᠎ᠢ ᠶᠡᠷᠦᠩᠬᠡᠶ᠋ᠢᠯᠡᠨ ᠪᠣᠳᠣᠯᠬᠢᠯᠠᠵᠤ᠂ ᠮᠠᠨ᠎ᠤ ᠬᠣᠲᠠ᠎ᠨᠢ ᠠᠮᠢ ᠠᠬᠤᠶ ᠣᠷᠴᠢᠨ ᠲᠤᠭᠤᠷᠢᠨ᠎ᠤ ᠶᠠᠮᠤᠨ᠎ᠤ ᠵᠠᠷᠯᠠᠨ ᠨᠡᠶ᠋ᠢᠲᠡᠯᠡᠭᠰᠡᠨ 2022 ᠣᠨ᠎ᠤ ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠲᠤᠷᠰᠢᠯᠲᠠ ᠵᠢᠨ ᠴᠡᠭ᠎ᠤᠨ ᠪᠥᠬᠥ ᠤᠯᠤᠰ᠎ᠲᠠᠬᠢ 19 ᠬᠣᠲᠠ ᠵᠢᠨ ᠨᠢᠭᠡ᠎ᠨᠢ ᠪᠤᠯᠤᠭᠰᠠᠨ ᠪᠠᠢ᠌ᠨ᠎ᠠ᠃

        ᠬᠣᠶᠠᠷ᠂ ᠲᠤᠷᠰᠢᠯᠲᠠ ᠵᠢᠨ ᠴᠡᠭ᠎ᠤᠨ ᠪᠥᠲᠥᠭᠡᠨ ᠪᠠᠶ᠋ᠢᠭᠤᠯᠤᠯᠲᠠ ᠵᠢᠨ ᠠᠭᠤᠯᠤᠭᠳᠠᠬᠤᠨ᠃ ᠣᠷᠣᠨ ᠪᠦᠰᠡ ᠵᠢᠨ ᠳᠠᠬᠢᠯᠲᠠ ᠤᠰᠤ ᠵᠢ ᠤᠷᠴᠢᠯᠳᠤᠭᠤᠯᠤᠨ ᠠᠰᠢᠭᠯᠠᠬᠤ ᠪᠣᠯ ᠪᠣᠬᠢᠷᠲᠤᠯ ᠪᠤᠳᠠᠰ ᠭᠠᠳᠠᠭᠰᠢᠯᠠᠭᠤᠯᠬᠤ ᠭᠣᠤᠯᠳᠠᠯᠭ᠎ᠠ᠎ᠲᠠᠢ ᠭᠠᠵᠠᠷ᠎ᠤᠨ ᠳᠣᠤᠷᠠᠳᠤ ᠤᠷᠤᠰᠬᠠᠯ᠂ ᠭᠣᠤᠯ ᠮᠥᠷᠡᠨ᠎ᠤ ᠨᠠᠭᠤᠷ (ᠲᠡᠯᠡᠶ)᠎ᠳᠤ ᠴᠢᠳᠬᠤᠬᠤ ᠭᠠᠵᠠᠷ᠂ ᠰᠠᠯᠪᠤᠷᠢ ᠤᠷᠤᠰᠬᠠᠯ᠎ᠤᠨ ᠭᠣᠤᠯ ᠤᠷᠤᠰᠬᠠᠯ ᠤᠷᠤᠭᠤ ᠴᠢᠳᠬᠤᠬᠤ ᠭᠠᠵᠠᠷ ᠵᠡᠷᠭᠡ ᠵᠠᠩᠭᠢᠯᠠᠭ᠎ᠠ ᠵᠢᠨ ᠭᠤᠭᠴᠤᠭ᠋ᠠᠨ᠎ᠤ ᠴᠡᠭ᠎ᠲᠤ ᠭᠠᠵᠠᠷ ᠣᠷᠣᠨ᠎ᠤ ᠪᠠᠶ᠋ᠢᠳᠠᠯ᠎ᠳᠤᠨᠢ ᠳᠣᠭᠢᠷᠠᠭᠤᠯᠤᠨ ᠵᠣᠬᠢᠶᠠᠮᠠᠯ ᠨᠤᠭᠤ ᠭᠠᠵᠠᠷ᠎ᠤᠨ ᠤᠰᠤᠨ᠎ᠤ ᠴᠢᠨᠠᠷ᠎ᠢ ᠴᠡᠪᠡᠷᠰᠢᠭᠦᠯᠬᠦ ᠵᠡᠷᠭᠡ ᠢᠨᠵᠧᠨᠧᠷᠢᠩ᠎ᠤᠨ ᠪᠡᠯᠡᠳᠬᠡᠮᠵᠢ ᠵᠢ ᠪᠥᠲᠥᠭᠡᠨ ᠪᠠᠶ᠋ᠢᠭᠤᠯᠬᠤ ᠶᠠᠪᠤᠳᠠᠯ ᠪᠣᠯᠤᠨ᠎ᠠ᠃ ᠰᠢᠢ᠍ᠳᠪᠦᠷᠢᠯᠡᠭᠰᠡᠨ᠎ᠨᠢ ᠪᠠᠷᠢᠮᠵᠢᠶ᠎ᠠ᠎ᠳᠤ ᠬᠦᠷᠦᠭᠰᠡᠨ᠎ᠤ ᠳᠠᠷᠠᠭ᠋ᠠᠬᠢ ᠤᠰᠤ ᠲᠠᠲᠠᠷᠠᠭᠤᠯᠬᠤ ᠵᠢ ᠤᠯᠠᠮ ᠨᠢᠭᠡ ᠠᠯᠬᠤᠮ ᠴᠡᠪᠡᠷᠰᠢᠭᠦᠯᠦᠨ ᠰᠠᠶ᠋ᠢᠵᠢᠷᠠᠭᠤᠯᠵᠤ᠂ ᠤᠳᠤ ᠪᠠᠶ᠋ᠢᠭ᠎ᠠ ᠨᠦᠭᠡ ᠪᠠ ᠬᠣᠲᠣᠭᠣᠷ ᠭᠠᠵᠠᠷ᠎ᠤᠨ ᠪᠦᠰᠡ ᠵᠢ ᠠᠰᠢᠭᠯᠠᠨ ᠳᠠᠬᠢᠯᠲᠠ ᠤᠰᠤ ᠵᠢ ᠲᠣᠬᠢᠷᠠᠭᠤᠯᠤᠨ ᠬᠠᠳᠠᠭ᠋ᠠᠯᠠᠬᠤ ᠴᠥᠭᠥᠷᠥᠮ ᠪᠣᠯᠭ᠋ᠠᠨ ᠥᠭᠡᠷᠡᠴᠢᠯᠡᠵᠦ᠂ ᠵᠣᠬᠢᠬᠤ ᠣᠷᠣᠨ ᠪᠦᠰᠡ᠎ᠳᠤ ᠦᠢ᠍ᠯᠡᠳᠪᠦᠷᠢᠯᠡᠯ᠂ ᠠᠮᠢ ᠠᠬᠤᠶ᠂ ᠠᠮᠢᠳᠤᠷᠠᠯ᠎ᠳᠤ ᠨᠢᠭᠡᠳᠦᠯᠲᠡᠶ ᠬᠡᠷᠡᠭᠯᠡᠬᠦ ᠪᠣᠬᠢᠷ ᠤᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ ᠵᠠᠭᠪᠤᠷ᠎ᠢ ᠨᠢᠭᠡᠳᠦᠯᠲᠡᠶ ᠲᠥᠯᠥᠪᠯᠡᠨ᠎ᠡ᠃ ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠲᠤᠷᠰᠢᠯᠲᠠ ᠵᠢᠨ ᠴᠡᠭ᠎ᠤᠨ ᠠᠵᠢᠯ ᠪᠣᠯ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ ᠎ᠤ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠮᠢᠳᠤᠯᠢᠭ ᠦᠢ᠍ᠯᠡᠳᠦᠯᠭᠡ ᠪᠣᠯᠤᠨ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠵᠢ ᠬᠠᠮᠵᠢᠯᠴᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠪᠡᠶᠡᠯᠡᠭᠦᠯᠬᠦ ᠵᠢᠨ ᠴᠢᠬᠤᠯᠠ ᠠᠷᠭ᠎ᠠ ᠵᠠᠮ ᠪᠣᠯᠬᠤ ᠪᠥᠭᠡᠳ ᠤᠰᠤ ᠶᠡᠬᠡ ᠬᠣᠷᠣᠭᠳᠠᠭᠤᠯᠬᠤ ᠬᠥᠭᠵᠢᠯᠲᠡ ᠵᠢᠨ ᠠᠷᠭ᠎ᠠ ᠮᠠᠶᠢᠭ᠎ᠢ ᠬᠤᠪᠢᠷᠠᠭᠤᠯᠬᠤ᠂ ᠣᠷᠣᠨ ᠪᠦᠰᠡ ᠵᠢᠨ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ᠎ᠢ ᠨᠠᠮᠳᠠᠭᠤᠯᠬᠤ᠂ ᠤᠰᠤᠨ᠎ᠤ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠶ᠋ᠢᠵᠢᠷᠠᠭᠤᠯᠬᠤ᠎ᠳᠤ ᠠᠰᠢᠭᠲᠠᠶ ᠶᠤᠮ᠃

        ᠭᠤᠷᠪᠠ᠂ ᠲᠤᠷᠰᠢᠯᠲᠠ ᠬᠢᠵᠦ ᠪᠥᠲᠥᠭᠡᠨ ᠪᠠᠶ᠋ᠢᠭᠤᠯᠬᠤ ᠵᠢᠨ ᠴᠢᠬᠤᠯᠠ ᠴᠢᠨᠠᠷ᠃ ᠣᠷᠳᠣᠰ ᠬᠣᠲᠠ ᠵᠢᠨ ᠤᠰᠤᠨ᠎ᠤ ᠡᠬᠢ ᠪᠠᠶᠠᠯᠢᠭ ᠳᠤᠲᠠᠮᠠᠭ᠂ ᠮᠠᠨ᠎ᠤ ᠤᠯᠤᠰ᠎ᠤᠨ ᠨᠡᠶ᠋ᠢᠲᠡᠯᠢᠭ ᠴᠢᠨᠠᠷ ᠪᠦᠬᠦᠢ ᠡᠬᠢ ᠪᠠᠶᠠᠯᠢᠭ᠎ᠤᠨ ᠴᠢᠨᠠᠷᠲᠠᠶ᠂ ᠢᠨᠵᠧᠨᠧᠷᠢᠩ᠎ᠤᠨ ᠴᠢᠨᠠᠷᠲᠠᠶ ᠪᠠ ᠵᠢᠭ᠋ᠠᠯᠲᠠ ᠴᠢᠨᠠᠷᠲᠠᠶ ᠤᠰᠤ ᠳᠤᠲᠠᠭᠳᠠᠵᠤ ᠪᠠᠶ᠋ᠢᠭ᠎ᠠ ᠭᠠᠵᠠᠷ ᠣᠷᠣᠨ ᠪᠣᠯᠤᠨ᠎ᠠ᠂ ᠣᠯᠠᠨ ᠵᠢᠯ᠎ᠤᠨ ᠳᠤᠮᠳᠠᠴᠢ ᠬᠤᠷ᠎ᠠ ᠲᠤᠨᠳᠠᠰᠤᠨ᠎ᠤ ᠬᠡᠮᠵᠢᠶ᠎ᠡ᠎ᠨᠢ ᠵᠥᠪᠬᠡᠨ 265.2 ᠮᠢᠯᠢᠮᠧᠲᠷ ᠪᠠᠶ᠋ᠢᠵᠤ᠂ ᠠᠭᠤᠷᠰᠢᠯᠲᠠ ᠵᠢᠨ ᠬᠡᠮᠵᠢᠶ᠎ᠡ᠎ᠨᠢ ᠬᠠᠷᠢᠨ 2000 ~ 3000 ᠮᠢᠯᠢᠮᠧᠲᠷ᠎ᠲᠤ ᠬᠦᠷᠴᠦ᠂ ᠪᠥᠬᠥ ᠬᠣᠲᠠ ᠵᠢᠨ ᠭᠠᠵᠠᠷ ᠳᠡᠭᠡᠷᠡᠬᠢ ᠤᠰᠤᠨ᠎ᠤ ᠡᠬᠢ ᠪᠠᠶᠠᠯᠢᠭ ᠬᠠᠲᠤᠨ ᠭᠣᠤᠯ᠎ᠤᠨ ᠤᠰᠤᠨ ᠰᠢᠰᠲ᠋ᠧᠮ ᠵᠶ᠋ᠠᠷ ᠥᠩᠭᠡᠷᠡᠬᠦ᠎ᠠᠴᠠ ᠭᠠᠳᠠᠨ᠎ᠠ᠂ ᠬᠢᠯᠢ ᠵᠢᠨ ᠳᠣᠲᠣᠷᠠᠬᠢ ᠭᠠᠳᠠᠭᠰᠢ ᠤᠷᠤᠰᠬᠤ ᠤᠰᠤᠨ᠎ᠤ ᠰᠢᠰᠲ᠋ᠧᠮ ᠪᠠ ᠳᠣᠲᠣᠭ᠋ᠠᠳᠤ ᠤᠷᠤᠰᠬᠤ ᠤᠰᠤᠨ᠎ᠤ ᠰᠢᠰᠲ᠋ᠧᠮ᠎ᠨᠢ ᠴᠥᠮ ᠤᠯᠠᠷᠢᠯ᠎ᠤᠨ ᠴᠢᠨᠠᠷᠲᠠᠶ ᠭᠣᠤᠯ ᠮᠥᠷᠡᠨ᠎ᠳᠤ ᠬᠠᠷᠢᠶᠠᠯᠠᠭᠳᠠᠵᠤ᠂ ᠤᠰᠤᠨ᠎ᠤ ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ᠎ᠨᠢ 28.58 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠬᠥᠮᠦᠨ ᠳᠤᠮᠳᠠᠴᠢ ᠵᠢᠨ ᠭᠠᠵᠠᠷ ᠳᠡᠭᠡᠷᠡᠬᠢ ᠤᠰᠤᠨ᠎ᠤ ᠡᠬᠢ ᠪᠠᠶᠠᠯᠢᠭ᠎ᠤᠨ ᠬᠡᠮᠵᠢᠶ᠎ᠡ᠎ᠨᠢ ᠵᠥᠪᠬᠡᠨ 427.5 ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠪᠥᠬᠥ ᠤᠯᠤᠰ᠎ᠤᠨ ᠪᠠ ᠪᠥᠬᠥ ᠣᠷᠣᠨ᠎ᠤ ᠳᠤᠮᠳᠠᠴᠢ ᠬᠢᠷᠢ ᠲᠦᠪᠰᠢᠨ᠎ᠠᠴᠠ ᠴᠦᠮ ᠳᠣᠤᠷ᠎ᠠ ᠪᠠᠶ᠋ᠢᠵᠤ᠂ ᠲᠤᠶ᠋ᠢᠯ᠎ᠤᠨ ᠤᠰᠤ ᠳᠤᠲᠠᠭᠳᠠᠵᠤ ᠪᠠᠶ᠋ᠢᠭ᠎ᠠ ᠭᠠᠵᠠᠷ ᠣᠷᠣᠨ᠎ᠳᠤ ᠬᠠᠷᠢᠶᠠᠯᠠᠭᠳᠠᠨ᠎ᠠ᠃ ᠨᠦᠭᠦᠭᠡ ᠲᠠᠯ᠎ᠠ᠎ᠪᠠᠷ᠂ ᠮᠠᠨ᠎ᠤ ᠤᠯᠤᠰ᠎ᠲᠤ ᠪᠠᠰᠠ ᠶᠡᠬᠡ ᠬᠡᠮᠵᠢᠶᠡᠨ᠎ᠤ ᠨᠡᠭᠦᠷᠡᠰᠦᠨ ᠠᠭᠤᠷᠬᠠᠶ ᠵᠢᠨ ᠠᠭᠤᠷᠬᠠᠶ ᠵᠢᠨ ᠬᠤᠳᠳᠤᠭ᠎ᠤᠨ ᠤᠰᠤ ᠪᠠᠶ᠋ᠢᠨ᠎ᠠ᠂ ᠲᠠᠷᠢᠶᠠᠯᠠᠩ᠎ᠤᠨ ᠤᠰᠤ ᠵᠠᠯᠠᠬᠤ᠂ ᠬᠤᠳᠠ ᠵᠢᠨ ᠳᠤᠮᠳᠠᠬᠢ ᠤᠰᠤ ᠵᠢᠴᠢ ᠪᠣᠷᠣᠭ᠋ᠠᠨ᠎ᠤ ᠤᠰᠤ ᠵᠡᠷᠭᠡ ᠡᠩ᠎ᠤᠨ ᠪᠤᠰᠤ ᠤᠰᠤᠨ᠎ᠤ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠵᠢ ᠪᠡᠶᠡᠯᠡᠭᠦᠯᠬᠦ ᠵᠢᠨ ᠠᠷᠭ᠎ᠠ ᠦᠭᠡᠢ ᠮᠥᠷᠲᠡᠭᠡᠨ ᠭᠣᠣᠯ ᠮᠥᠷᠡᠨ ᠨᠠᠭᠤᠷ ᠴᠥᠭᠥᠷᠥᠮ᠎ᠤᠨ ᠣᠷᠴᠢᠨ ᠲᠣᠭᠣᠷᠢᠨ᠎ᠳᠤ ᠡᠮᠬᠢ ᠵᠢᠷᠤᠮ ᠦᠭᠡᠢ᠎ᠪᠠᠷ ᠭᠠᠳᠠᠭᠰᠢᠯᠠᠭᠤᠯᠵᠤ᠂ ᠣᠷᠴᠢᠨ ᠲᠣᠭᠣᠷᠢᠨ᠎ᠤ ᠠᠰᠠᠭᠤᠳᠠᠯ᠎ᠢ ᠪᠤᠢ ᠪᠣᠯᠭ᠋ᠠᠭᠰᠠᠨ ᠪᠠᠶ᠋ᠢᠨ᠎ᠠ᠃ ᠠᠵᠤ ᠠᠬᠤᠶ ᠨᠡᠶ᠋ᠢᠭᠡᠮ᠎ᠤᠨ ᠲᠦᠷᠭᠡᠨ ᠬᠥᠭᠵᠢᠯᠲᠡ ᠪᠠ ᠤᠯᠤᠰ᠎ᠤᠨ ᠴᠢᠬᠤᠯᠠ ᠶᠡᠬᠡ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠤᠨ ᠵᠠᠯᠭ᠋ᠠᠭ᠎ᠠ᠎ᠪᠠᠷ ᠨᠠᠶ᠋ᠢᠳᠠᠪᠤᠷᠢᠵᠢᠬᠤ ᠵᠢ ᠳᠠᠭ᠋ᠠᠯᠳᠤᠨ᠂ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ᠂ ᠤᠰᠤᠨ᠎ᠤ ᠣᠷᠴᠢᠨ ᠲᠣᠭᠣᠷᠢᠨ᠎ᠤ ᠪᠠᠷᠢᠮᠵᠢᠶ᠎ᠠ᠎ᠳᠤ ᠬᠥᠷᠬᠥ ᠵᠥᠷᠢᠴᠡᠯ ᠡᠳᠦᠷ ᠢᠷᠡᠬᠦᠶ᠎ᠡ ᠲᠣᠪᠣᠶ᠋ᠢᠮ᠎ᠠ ᠪᠣᠯᠵᠣ᠂ ᠤᠯᠤᠰ᠎ᠤᠨ ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠲᠤᠷᠰᠢᠯᠲᠠ ᠵᠢᠨ ᠴᠡᠭ ᠪᠣᠯᠬᠤ ᠬᠣᠲᠠ ᠵᠢ ᠡᠭᠦᠳᠦᠨ ᠪᠠᠶ᠋ᠢᠭᠤᠯᠬᠤ᠎ᠨᠢ ᠨᠢᠭᠡᠨᠲᠡ ᠣᠷᠳᠣᠰ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠲᠤᠯᠭ᠋ᠠᠮ᠎ᠠ ᠬᠡᠷᠡᠭᠴᠡᠭᠡ ᠪᠣᠯᠤᠭᠰᠠᠨ ᠪᠠᠶ᠋ᠢᠨ᠎ᠠ᠃

        ᠲᠦᠷᠪᠡ᠂ ᠪᠣᠳᠠᠲᠠᠶ ᠬᠢᠬᠦ ᠠᠷᠭ᠎ᠠ᠃ ᠨᠢᠭᠡ᠎ᠳᠤ᠂ ᠵᠣᠬᠢᠶᠠᠮᠠᠯ ᠨᠤᠭᠤ ᠭᠠᠵᠠᠷ᠎ᠤᠨ ᠲᠥᠷᠥᠯ ᠵᠦᠢ᠍ᠯ᠎ᠢ ᠢᠵᠢ ᠪᠦᠷᠢᠳᠦᠭᠦᠯᠦᠨ ᠪᠥᠲᠥᠭᠡᠨ ᠪᠠᠶ᠋ᠢᠭᠤᠯᠤᠨ᠎ᠠ᠃ ᠵᠣᠬᠢᠶᠠᠮᠠᠯ ᠨᠤᠭᠤ ᠭᠠᠵᠠᠷ᠎ᠤᠨ ᠤᠰᠤᠨ᠎ᠤ ᠴᠢᠨᠠᠷ᠎ᠢ ᠴᠡᠪᠡᠷᠰᠢᠭᠦᠯᠬᠦ ᠢᠨᠵᠧᠨᠧᠷᠢᠩ᠎ᠢ ᠪᠦᠬᠦ ᠲᠠᠯ᠎ᠠ᠎ᠪᠠᠷ ᠠᠬᠢᠭᠤᠯᠵᠤ᠂ ᠨᠥᠬᠥᠴᠡᠯ ᠪᠦᠷᠢᠳᠦᠭᠰᠡᠨ ᠬᠣᠲᠠ ᠪᠠᠯᠭ᠋ᠠᠰᠤ ᠵᠢᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢ ᠲᠥᠯᠥᠪᠵᠢᠭᠦᠯᠵᠦ ᠵᠢᠷᠤᠵᠤ ᠲᠥᠯᠥᠪᠯᠡᠬᠦ᠎ᠳᠤ᠎ᠪᠠᠨ ᠰᠡᠭᠦᠯ᠎ᠤᠨ ᠤᠰᠤᠨ᠎ᠤ ᠵᠣᠬᠢᠶᠠᠮᠠᠯ ᠨᠤᠭᠤ ᠭᠠᠵᠠᠷ᠎ᠲᠠᠢ 《ᠪᠤᠭᠤᠳᠠᠯᠯᠠᠵᠤ》᠂ 2023 ᠣᠨ᠎ᠳᠤ ᠬᠠᠩᠭᠢᠨ ᠬᠣᠰᠢᠭᠤ᠂ ᠤᠳᠤᠭ᠎ᠤᠨ ᠡᠮᠦᠨᠡᠲᠦ ᠬᠣᠰᠢᠭᠤᠨ᠎ᠤ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠵᠣᠬᠢᠶᠠᠮᠠᠯ ᠨᠤᠭᠤ ᠭᠠᠵᠠᠷ᠎ᠢ ᠢᠵᠢ ᠪᠦᠷᠢᠳᠦᠭᠦᠯᠦᠨ ᠪᠠᠶ᠋ᠢᠭᠤᠯᠬᠤ ᠬᠣᠶᠠᠷ ᠵᠦᠢ᠍ᠯ᠎ᠤᠨ ᠭᠣᠣᠯᠳᠠᠯᠭ᠎ᠠ᠎ᠲᠠᠢ ᠢᠨᠵᠧᠨᠧᠷᠢᠩ᠎ᠢ ᠲᠣᠭᠲᠠᠭ᠋ᠠᠬᠤ ᠵᠢᠨ ᠬᠠᠮᠲᠤ ᠲᠦᠷᠦᠯ ᠵᠦᠢ᠍ᠯ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠬᠡᠷᠡᠭᠵᠢᠭᠦᠯᠬᠦ ᠵᠢ ᠪᠠᠲᠤᠯᠠᠵᠠᠢ᠃ ᠬᠣᠶᠠᠷ᠎ᠲᠤ᠂ ᠤᠰᠤᠨ᠎ᠤ ᠡᠬᠢ ᠪᠠᠶᠠᠯᠢᠭ᠎ᠤᠨ ᠠᠰᠢᠭᠯᠠᠯᠲᠠ ᠵᠢᠨ ᠪᠦᠲᠦᠴᠡ ᠰᠢᠯᠢᠳᠡᠭᠵᠢᠪᠡ᠃ 2021 ᠣᠨ᠎ᠳᠤ ᠣᠷᠳᠣᠰ ᠬᠣᠲᠠ ᠵᠢᠨ ᠪᠣᠬᠢᠷ ᠤᠰᠤ ᠵᠢ ᠰᠢᠢ᠍ᠳᠪᠦᠷᠢᠯᠡᠭᠰᠡᠨ ᠶᠡᠷᠦᠩᠬᠡᠶ ᠬᠡᠮᠵᠢᠶ᠎ᠡ 1.06 ᠳ᠋ᠦᠩᠰᠢᠭᠤᠷ ᠲᠣᠨ᠂ ᠳᠤᠮᠳᠠ ᠵᠡᠷᠭᠡ ᠵᠢᠨ ᠤᠰᠤ ᠵᠢ ᠡᠭᠡᠭᠦᠯᠦᠨ ᠬᠡᠷᠡᠭᠯᠡᠭᠰᠡᠨ ᠬᠡᠮᠵᠢᠶ᠎ᠡ 0.78 ᠳ᠋ᠦᠩᠰᠢᠭᠤᠷ ᠲᠣᠨ ᠪᠠᠶ᠋ᠢᠵᠤ᠂ ᠳᠤᠮᠳᠠ ᠵᠡᠷᠭᠡ ᠵᠢᠨ ᠤᠰᠤᠨ᠎ᠤ ᠠᠰᠢᠭᠯᠠᠯᠲᠠ ᠵᠢᠨ ᠨᠣᠷᠮ᠎ᠠ 73.39% ᠪᠣᠯᠤᠨ᠎ᠠ᠂ ᠡᠭᠦᠨ᠎ᠳᠤ᠂ ᠠᠵᠤ ᠦᠢ᠍ᠯᠡᠳᠪᠦᠷᠢ ᠵᠢᠨ ᠲᠣᠬᠢᠷᠠᠭᠤᠯᠤᠯᠲᠠ 0.42 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠪᠠᠶ᠋ᠢᠵᠤ᠂ ᠣᠷᠣᠨ ᠪᠦᠰᠡ ᠵᠢᠨ ᠴᠡᠴᠡᠷᠯᠢᠭ᠎ᠤᠨ ᠨᠣᠭᠣᠭ᠋ᠠᠷᠠᠭᠤᠯᠤᠯᠲᠠ᠂ ᠦᠵᠡᠮᠵᠢ ᠵᠢᠨ ᠤᠰᠤ ᠨᠥᠬᠥᠪᠥᠷᠢᠯᠡᠬᠦ ᠲᠣᠬᠢᠷᠠᠭᠤᠯᠤᠯᠲᠠ 0.36 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠪᠣᠯᠤᠨ᠎ᠠ᠃ 2021 ᠣᠨ᠎ᠳᠤ᠂ ᠪᠥᠬᠥ ᠬᠣᠲᠠ ᠵᠢᠨ ᠨᠡᠭᠦᠷᠡᠰᠦᠨ ᠠᠭᠤᠷᠬᠠᠶ ᠵᠢᠨ ᠰᠡᠶ᠋ᠢᠷᠡᠭᠦᠯᠦᠨ ᠬᠠᠳᠠᠭ᠋ᠠᠬᠤ ᠤᠰᠤᠨ᠎ᠤ ᠭᠠᠷᠤᠯᠲᠠ ᠵᠢᠨ ᠬᠡᠮᠵᠢᠶ᠎ᠡ 1.59 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ (ᠨᠡᠭᠦᠷᠡᠰᠦᠨ ᠠᠭᠤᠷᠬᠠᠶ ᠵᠢᠨ ᠥᠪᠡᠷᠲᠡᠭᠡᠨ ᠬᠡᠷᠡᠭᠯᠡᠬᠦ ᠵᠢ ᠪᠠᠭᠲᠠᠭ᠋ᠠᠨ᠎ᠠ)᠎ᠤᠨ 0.98 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠡᠷᠡᠭᠯᠡᠵᠦ᠂ 63.6% ᠵᠢ ᠡᠵᠡᠯᠡᠪᠡ᠃ 2021 ᠣᠨ᠎ᠳᠤ ᠲᠠᠷᠢᠶᠠᠯᠠᠩ᠎ᠤᠨ ᠤᠰᠤ ᠲᠠᠲᠠᠷᠠᠭᠤᠯᠬᠤ ᠬᠡᠮᠵᠢᠶ᠎ᠡ 5300 ᠲᠦᠮᠡᠨ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠠᠵᠤ ᠦᠢ᠍ᠯᠡᠳᠪᠦᠷᠢ ᠵᠢᠨ ᠪᠤᠴᠠᠭ᠋ᠠᠨ ᠬᠡᠷᠡᠭᠯᠡᠬᠦ ᠬᠡᠮᠵᠢᠶ᠎ᠡ 1300 ᠲᠦᠮᠡᠨ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ 24.5%᠎ᠢ ᠡᠵᠡᠯᠡᠵᠦ᠂ ᠪᠦᠬᠦ ᠬᠤᠲᠠ ᠵᠢᠨ ᠶᠡᠬᠡ ᠬᠡᠮᠵᠢᠶᠡᠨ᠎ᠤ ᠡᠩ᠎ᠤᠨ ᠪᠤᠰᠤ ᠤᠰᠤᠨ᠎ᠤ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠵᠢ ᠢᠳᠡᠪᠬᠢᠲᠡᠢ ᠡᠷᠢᠯᠬᠢᠯᠡᠬᠦ ᠪᠣᠯ ᠵᠠᠶ᠋ᠢᠯᠠᠰᠢ ᠦᠭᠡᠢ ᠵᠠᠮ ᠪᠣᠯᠤᠨ᠎ᠠ᠃ ᠭᠤᠷᠪᠠ᠎ᠳᠤ᠂ ᠳᠠᠬᠢᠯᠲᠠ ᠤᠰᠤᠨ᠎ᠤ ᠢᠵᠢ ᠪᠦᠷᠢᠳᠦᠭᠦᠯᠬᠦ ᠪᠡᠯᠡᠳᠭᠡᠮᠵᠢ ᠵᠢ ᠪᠦᠷᠢᠨᠰᠢᠭᠦᠯᠦᠨ᠎ᠡ᠃ ᠣᠳᠣᠬᠠᠨ᠎ᠳᠤ ᠳᠠᠬᠢᠯᠲᠠ ᠤᠰᠤᠨ᠎ᠤ ᠬᠣᠭᠣᠯᠠᠶ ᠵᠢᠨ ᠲᠣᠤᠷ᠎ᠢ ᠭᠣᠤᠯᠳᠠᠭᠤ ᠠᠵᠤ ᠠᠬᠤᠶ᠋ᠢᠯᠠᠯ᠎ᠤᠨ ᠲᠤᠰᠬᠠᠶ ᠱᠤᠭᠤᠮ ᠪᠤᠶᠤ ᠬᠣᠲᠠ ᠵᠢᠨ ᠶᠠᠪᠤᠳᠠᠯ᠎ᠤᠨ ᠭᠣᠤᠯ ᠪᠣᠯᠬᠤ ᠬᠣᠭᠣᠯᠠᠶ ᠵᠢᠨ ᠲᠣᠤᠷ᠎ᠲᠤ ᠪᠠᠶ᠋ᠢᠷᠢᠯᠠᠭᠤᠯᠵᠤ᠂ ᠲᠠᠷᠠᠭ᠋ᠠᠴᠢ ᠵᠢᠨ ᠠᠯᠬᠤᠮ᠎ᠳᠤ ᠬᠣᠭᠣᠯᠠᠶ ᠵᠢᠨ ᠲᠣᠤᠷ᠎ᠢ ᠪᠠᠶ᠋ᠢᠭᠤᠯᠬᠤ ᠬᠢᠷᠢ ᠬᠡᠮᠵᠢᠶ᠎ᠡ ᠵᠢ ᠨᠡᠮᠡᠭᠳᠡᠭᠦᠯᠵᠦ᠂ ᠳᠠᠬᠢᠯᠲᠠ ᠤᠰᠤᠨ᠎ᠤ ᠲᠣᠬᠢᠷᠠᠭᠤᠯᠤᠯᠲᠠ ᠵᠢᠨ ᠬᠣᠭᠣᠯᠠᠶ ᠵᠢᠨ ᠲᠣᠤᠷ᠎ᠤᠨ ᠪᠥᠲᠥᠭᠡᠨ ᠪᠠᠶ᠋ᠢᠭᠤᠯᠤᠯᠲᠠ ᠵᠢᠨ ᠱᠠᠭ᠋ᠠᠷᠳᠠᠯᠭ᠎ᠠ ᠵᠢ ᠬᠠᠩᠭ᠋ᠠᠬᠤ ᠵᠢᠨ ᠬᠠᠮᠲᠤ᠂ ᠳᠠᠬᠢᠯᠲᠠ ᠤᠰᠤᠨ᠎ᠤ 《ᠵᠣᠨ ᠠᠷᠪᠢᠨ ᠡᠪᠦᠯ ᠪᠠᠭ᠎ᠠ》 ᠪᠠᠶ᠋ᠢᠬᠤ ᠤᠯᠠᠷᠢᠯ᠎ᠤᠨ ᠴᠢᠨᠠᠷᠲᠠᠶ ᠣᠨᠴᠠᠯᠢᠭ᠎ᠢ ᠦᠨᠳᠦᠰᠦᠯᠡᠨ᠂ ᠳᠠᠬᠢᠯᠲᠠ ᠤᠰᠤᠨ᠎ᠤ ᠲᠥᠷᠥᠯ ᠵᠦᠢ᠍ᠯ᠎ᠤᠨ ᠳᠣᠭᠢᠷᠠᠭᠤᠯᠤᠨ ᠬᠠᠳᠠᠭ᠋ᠠᠯᠠᠬᠤ ᠴᠢᠳᠠᠮᠵᠢ ᠵᠢ ᠪᠦᠷᠢᠨᠰᠢᠭᠦᠯᠦᠨ᠎ᠡ᠃ ᠳᠥᠷᠪᠡ᠎ᠳᠤ᠂ ᠳᠠᠬᠢᠯᠲᠠ ᠤᠰᠤᠨ ᠬᠣᠭᠣᠯᠠᠶ ᠵᠢᠨ ᠲᠣᠤᠷ ᠵᠶ᠋ᠠᠷ ᠳᠠᠮᠵᠢᠭᠤᠯᠵᠤ ᠲᠦᠭᠡᠭᠡᠬᠦ ᠠᠷᠭ᠎ᠠ ᠮᠠᠶᠢᠭ᠎ᠢ ᠲᠡᠭᠦᠯᠳᠡᠷᠵᠢᠭᠦᠯᠦᠨ᠎ᠡ᠃ ᠪᠥᠬᠥ ᠬᠣᠲᠠ ᠵᠢᠨ ᠳᠠᠬᠢᠯᠲᠠ ᠤᠰᠤᠨ᠎ᠤ ᠠᠰᠢᠭᠯᠠᠯᠲᠠ ᠵᠢᠨ ᠣᠯᠠᠩᠬᠢ᠎ᠨᠢ 《ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ — ᠳᠠᠬᠢᠯᠲᠠ ᠤᠰᠤᠨ᠎ᠤ ᠬᠡᠷᠡᠭᠯᠡᠭᠴᠢ》 ᠵᠢᠨ ᠲᠠᠩ ᠭᠠᠭᠴᠠ ᠳᠠᠮᠵᠢᠭᠤᠯᠬᠤ ᠵᠠᠭᠪᠤᠷ ᠪᠣᠯᠤᠨ᠎ᠠ᠂ ᠢᠷᠡᠭᠡᠳᠦᠶ᠎ᠳᠤ 《ᠴᠡᠭ ᠰᠤᠷᠪᠤᠯᠵᠢ — ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ — ᠨᠤᠭᠤ ᠭᠠᠵᠠᠷ — ᠳᠠᠬᠢᠯᠲᠠ ᠤᠰᠤᠨ᠎ᠤ ᠬᠡᠷᠡᠭᠯᠡᠭᠴᠢ》 ᠵᠢᠨ ᠰᠠᠪᠠ ᠭᠠᠵᠠᠷ᠎ᠤᠨ ᠪᠦᠬᠦᠯᠢ ᠴᠣᠭᠴᠠ ᠵᠢᠨ ᠠᠬᠢᠴᠠ᠎ᠲᠠᠢ ᠳᠠᠬᠢᠯᠲᠠ ᠤᠰᠤᠨ᠎ᠤ ᠡᠷᠭᠢᠯᠲᠡ ᠵᠢᠨ ᠠᠰᠢᠭᠯᠠᠯᠲᠠ ᠵᠢᠨ ᠵᠠᠭᠪᠤᠷ᠎ᠢ ᠪᠠᠶ᠋ᠢᠭᠤᠯᠬᠤ ᠪᠣᠯᠤᠨ᠎ᠠ᠃ ᠲᠠᠪᠤ᠎ᠳᠤ᠂ ᠠᠭᠤᠷᠬᠠᠶ ᠵᠢᠨ ᠬᠤᠳᠳᠤᠭ᠎ᠤᠨ ᠤᠰᠤ ᠵᠢ ᠶᠡᠷᠦᠩᠬᠡᠶ᠋ᠢᠯᠡᠨ ᠠᠰᠢᠭᠯᠠᠬᠤ ᠠᠷᠭ᠎ᠠ ᠵᠠᠮ᠎ᠢ ᠰᠠᠭ᠋ᠠᠳ ᠦᠭᠡᠢ ᠨᠡᠪᠳᠡᠷᠡᠭᠦᠯᠦᠨ᠎ᠡ᠃ ᠪᠦᠬᠦ ᠬᠣᠲᠠ ᠵᠢᠨ ᠨᠡᠭᠦᠷᠡᠰᠦᠨ ᠠᠭᠤᠷᠬᠠᠶ ᠵᠢᠨ ᠭᠠᠷᠭ᠋ᠠᠬᠤ ᠠᠭᠤᠷᠬᠠᠶ ᠵᠢᠨ ᠬᠤᠳᠳᠤᠭ᠎ᠤᠨ ᠤᠰᠤᠨ᠎ᠤ ᠬᠡᠮᠵᠢᠶ᠎ᠡ ᠵᠢ ᠵᠢᠯ ᠪᠦᠷᠢ 1.59 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠣᠲᠣ ᠵᠢᠨ ᠪᠠᠶ᠋ᠢᠭ᠎ᠠ ᠰᠢᠢ᠍ᠳᠪᠦᠷᠢᠯᠡᠬᠦ ᠤᠷᠠᠯᠠᠯ᠎ᠤᠨ ᠥᠪᠡᠷ᠎ᠤᠨ ᠥᠷᠲᠡᠭ᠎ᠨᠢ ᠠᠳᠠᠯᠢ ᠪᠤᠰᠤ ᠤᠰᠤ ᠬᠡᠷᠡᠭᠯᠡᠬᠦ ᠡᠷᠦᠬᠡ ᠵᠢ ᠦᠨᠳᠦᠰᠦᠯᠡᠨ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠳᠣᠭᠢᠷᠠᠭᠤᠯᠤᠨ ᠬᠠᠮᠢᠶ᠎ᠠ ᠪᠥᠬᠥᠶ ᠰᠢᠢ᠍ᠳᠪᠦᠷᠢᠯᠡᠬᠦ ᠤᠷᠠᠨ ᠳᠠᠷᠬ᠎ᠠ ᠵᠢ ᠰᠣᠩᠭᠣᠵᠤ᠂ ᠠᠭᠤᠷᠬᠠᠶ ᠵᠢᠨ ᠬᠤᠳᠳᠤᠭ᠎ᠤᠨ ᠤᠰᠤ ᠵᠢ ᠶᠡᠷᠦᠩᠬᠡᠶ᠋ᠢᠯᠡᠨ ᠠᠰᠢᠭᠯᠠᠬᠤ ᠵᠢ ᠲᠥᠷᠥᠯ ᠱᠠᠲᠤ ᠬᠤᠪᠢᠶᠠᠨ ᠥᠷᠨᠢᠭᠦᠯᠵᠦ᠂ ᠠᠭᠤᠷᠬᠠᠶ ᠵᠢᠨ ᠬᠤᠳᠳᠤᠭ᠎ᠤᠨ ᠤᠰᠤ ᠵᠢ ᠰᠢᠢ᠍ᠳᠪᠦᠷᠢᠯᠡᠬᠦ ᠥᠪᠡᠷ᠎ᠤᠨ ᠥᠷᠲᠡᠭ᠎ᠢ ᠪᠠᠭᠤᠷᠠᠭᠤᠯᠤᠨ᠂ ᠳᠠᠬᠢᠯᠲᠠ ᠤᠰᠤ ᠬᠡᠷᠡᠭᠯᠡᠬᠦ ᠡᠷᠦᠬᠡ ᠵᠢᠨ ᠬᠡᠪᠴᠢᠶ᠎ᠡ ᠵᠢ ᠥᠷᠭᠡᠳᠬᠡᠨ᠎ᠡ᠃ ᠵᠢᠷᠭᠤᠭ᠎ᠠ᠎ᠳᠤ᠂ ᠬᠣᠯᠪᠣᠭᠳᠠᠯ ᠪᠦᠬᠦᠢ ᠲᠤᠷᠰᠢᠯᠲᠠ ᠵᠢᠨ ᠴᠡᠭ᠎ᠢ ᠡᠭᠦᠳᠦᠨ ᠪᠠᠶ᠋ᠢᠭᠤᠯᠬᠤ ᠠᠵᠢᠯ᠎ᠤᠨ ᠲᠤᠷᠰᠢᠯᠭ᠎ᠠ᠎ᠪᠠᠷ ᠨᠡᠯᠢᠶᠡᠳ ᠪᠠᠶᠠᠯᠢᠭ ᠪᠠᠶ᠋ᠢᠨ᠎ᠠ᠃ 2008 ᠣᠨ᠎ᠳᠤ ᠤᠰᠤᠨ ᠠᠰᠢᠭᠯᠠᠯᠲᠠ ᠵᠢᠨ ᠶᠠᠮᠤᠨ᠎ᠠᠴᠠ ᠮᠠᠨ᠎ᠤ ᠬᠣᠲᠠ ᠵᠢ ᠪᠦᠬᠦ ᠤᠯᠤᠰ᠎ᠤᠨ ᠭᠤᠷᠪᠠᠳᠤᠭ᠋ᠠᠷ ᠪᠦᠯᠦᠭ᠎ᠤᠨ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠦᠲᠦᠭᠡᠨ ᠪᠠᠶ᠋ᠢᠭᠤᠯᠤᠯᠲᠠ ᠵᠢᠨ ᠲᠤᠷᠰᠢᠯᠲᠠ ᠵᠢᠨ ᠴᠡᠭ᠎ᠤᠨ ᠬᠣᠲᠠ ᠵᠢᠨ ᠨᠢᠭᠡ᠎ᠪᠠᠷ ᠲᠣᠭᠲᠠᠭ᠋ᠠᠵᠤ᠂ 2013 ᠣᠨ᠎ᠳᠤ 《ᠪᠦᠬᠦ ᠤᠯᠤᠰ᠎ᠤᠨ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠦᠲᠦᠭᠡᠨ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ》᠎ᠤ ᠢᠷᠠᠭᠤ ᠠᠯᠳᠠᠷ᠎ᠤᠨ ᠴᠣᠯᠠ ᠬᠦᠷᠲᠡᠪᠡ᠃ 2013 ᠣᠨ᠎ᠠᠴᠠ ᠡᠬᠢᠯᠡᠨ᠂ ᠮᠠᠨ᠎ᠤ ᠬᠣᠲᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶ᠋ᠢᠮᠠᠭ ᠬᠣᠲᠠ ᠠᠯᠤᠰᠯᠠᠨ ᠤᠰᠤᠨ᠎ᠤ ᠡᠷᠬᠡ ᠵᠢ ᠰᠢᠯᠵᠢᠭᠦᠯᠦᠨ ᠥᠭᠬᠦ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠪᠡ᠃ 2022 ᠣᠨ᠎ᠤ 11 ᠳ᠋ᠤᠭᠡᠷ ᠰᠠᠷ᠎ᠠ᠎ᠳᠤ᠂ ᠠᠮᠢ ᠠᠬᠤᠶ ᠣᠷᠴᠢᠨ ᠲᠤᠭᠤᠷᠢᠨ᠎ᠤ ᠶᠠᠮᠤᠨ 2022 ᠣᠨ᠎ᠤ ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠲᠤᠷᠰᠢᠯᠲᠠ ᠵᠢᠨ ᠴᠡᠭ᠎ᠤᠨ ᠰᠢᠯᠭ᠋ᠠᠷᠠᠭᠤᠯᠤᠯᠲᠠ ᠵᠢᠨ ᠦᠷ᠎ᠡ ᠳ᠋ᠦᠩ᠎ᠢ ᠵᠠᠷᠯᠠᠨ ᠨᠡᠶ᠋ᠢᠲᠡᠯᠡᠵᠦ᠂ ᠪᠥᠬᠥ ᠤᠯᠤᠰ᠎ᠤᠨ 19 ᠬᠣᠲᠠ ᠵᠢ ᠲᠤᠷᠰᠢᠯᠲᠠ ᠵᠢᠨ ᠴᠡᠭ᠎ᠤᠨ ᠬᠣᠲᠠ᠎ᠪᠠᠷ ᠲᠣᠭᠲᠠᠭ᠋ᠠᠵᠤ᠂ ᠮᠠᠨ᠎ᠤ ᠬᠣᠲᠠ ᠵᠢ ᠠᠮᠵᠢᠯᠲᠠ᠎ᠲᠠᠢ᠎ᠪᠠᠷ ᠡᠭᠦᠳᠦᠨ ᠪᠠᠶ᠋ᠢᠭᠤᠯᠬᠤ ᠶᠠᠪᠤᠳᠠᠯ᠎ᠢ ᠲᠤᠷᠰᠢᠯᠲᠠ ᠵᠢᠨ ᠴᠡᠭ᠎ᠤᠨ ᠬᠣᠲᠠ ᠵᠢᠨ ᠨᠢᠭᠡ ᠪᠣᠯᠭ᠋ᠠᠬᠤ᠎ᠪᠠᠷ ᠲᠥᠯᠥᠪᠯᠡᠵᠦ ᠪᠣᠶ᠃ ᠲᠤᠯᠤᠭ᠎ᠠ᠎ᠳᠤ᠂ ᠤᠯᠠᠨ ᠤᠳᠠᠭ᠎ᠠ ᠲᠡᠷᠢᠭᠦᠨ᠎ᠤ ᠭᠠᠵᠠᠷ ᠣᠷᠣᠨ᠎ᠳᠤ ᠬᠦᠷᠴᠦ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠶ᠋ᠢᠴᠠᠭ᠋ᠠᠵᠤ ᠰᠤᠷᠤᠯᠴᠠᠪᠠ᠃ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ᠎ᠨᠢ ᠣᠯᠠᠨ ᠤᠳᠠᠭ᠎ᠠ ᠬᠣᠰᠢᠭᠤ ᠲᠣᠭᠣᠷᠢᠭ᠂ ᠰᠠᠯᠠᠭ᠎ᠠ ᠮᠥᠴᠢᠷ᠎ᠲᠤ ᠭᠦᠨᠵᠡᠭᠡᠶ᠋ᠢᠷᠡᠨ ᠡᠯ᠎ᠡ ᠬᠣᠰᠢᠭᠤ ᠲᠣᠭᠣᠷᠢᠭ᠎ᠢ ᠵᠣᠬᠢᠴᠠᠭᠤᠯᠤᠨ ᠵᠣᠬᠢᠶᠠᠨ ᠪᠠᠶ᠋ᠢᠭᠤᠯᠵᠤ ᠪᠠᠶ᠋ᠢᠭ᠋ᠠᠳ ᠨᠢᠩᠰᠢᠶᠠ ᠵᠢᠨ ᠢᠷᠭ᠋ᠠᠶ᠂ ᠦ᠋ ᠵᠥᠩ᠂ ᠱᠠᠨᠳᠦ᠋ᠩ᠎ᠤᠨ ᠵᠢᠨᠠᠨ ᠵᠡᠷᠭᠡ ᠭᠠᠵᠠᠷ᠎ᠲᠤ ᠬᠦᠷᠴᠦ ᠣᠷᠣᠨ ᠪᠦᠰᠡ ᠵᠢᠨ ᠳᠠᠬᠢᠯᠲᠠ ᠤᠰᠤ ᠵᠢ ᠤᠷᠴᠢᠯᠳᠤᠭᠤᠯᠤᠨ ᠠᠰᠢᠭᠯᠠᠬᠤ᠂ ᠵᠣᠬᠢᠶᠠᠮᠠᠯ ᠨᠤᠭᠤ ᠭᠠᠵᠠᠷ᠎ᠢ ᠪᠥᠲᠥᠭᠡᠨ ᠪᠠᠶ᠋ᠢᠭᠤᠯᠵᠤ ᠪᠠᠶ᠋ᠢᠭ᠎ᠠ ᠪᠠᠶ᠋ᠢᠳᠠᠯ᠎ᠤᠨ ᠲᠤᠬᠠᠶ ᠠᠬᠤᠢ ᠲᠠᠯᠠᠪᠠᠢ᠎ᠳᠤᠨᠢ ᠰᠢᠨᠵᠢᠯᠡᠨ ᠪᠠᠶ᠋ᠢᠴᠠᠭ᠋ᠠᠵᠤ ᠰᠤᠷᠤᠯᠴᠠᠭᠤᠯᠤᠨ᠂ ᠲᠡᠷᠢᠭᠦᠨ᠎ᠤ ᠲᠤᠷᠰᠢᠯᠭ᠎ᠠ ᠵᠢ ᠰᠢᠩᠭᠡᠭᠡᠨ ᠠᠪᠴᠤ᠂ 《ᠣᠷᠳᠣᠰ ᠬᠣᠲᠠ ᠵᠢᠨ ᠣᠷᠣᠨ ᠪᠦᠰᠡ ᠵᠢᠨ ᠳᠠᠬᠢᠯᠲᠠ ᠤᠰᠤ ᠵᠢ ᠤᠷᠴᠢᠯᠳᠤᠭᠤᠯᠤᠨ ᠠᠰᠢᠭᠯᠠᠬᠤ ᠲᠤᠷᠰᠢᠯᠲᠠ ᠵᠢᠨ ᠴᠡᠭ᠎ᠤᠨ ᠬᠡᠷᠡᠭᠵᠢᠭᠦᠯᠬᠦ ᠲᠥᠰᠦᠯ》᠎ᠢ ᠨᠠᠶ᠋ᠢᠷᠠᠭᠤᠯᠤᠨ ᠵᠣᠬᠢᠶᠠᠵᠤ ᠳᠠᠭᠤᠰᠬᠠᠪᠠ᠃

        ᠲᠠᠪᠤ᠂ ᠣᠳᠣᠬᠠᠨ᠎ᠤ ᠭᠣᠣᠯ ᠪᠤᠯᠬᠤ ᠦᠷ᠎ᠡ ᠪᠦᠲᠦᠮᠵᠢ᠃ ᠨᠢᠭᠡ᠎ᠳᠤ᠂ ᠬᠤᠳᠠ ᠪᠠᠯᠭ᠋ᠠᠰᠤᠨ᠎ᠤ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠨᠡᠯᠢᠶᠡᠳ ᠥᠨᠳᠥᠷ ᠬᠢᠷᠢ ᠬᠡᠮᠵᠢᠶᠡᠨ᠎ᠤ ᠲᠤᠭᠳᠠᠯᠴᠠᠭ᠎ᠠ ᠵᠢ ᠪᠠᠶ᠋ᠢᠭᠤᠯᠤᠨ᠎ᠠ᠃ ᠪᠥᠬᠥ ᠬᠣᠲᠠ ᠵᠢᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠭᠠᠷᠭ᠋ᠠᠭᠰᠠᠨ ᠤᠰᠤᠨ᠎ᠤ ᠴᠢᠨᠠᠷ᠎ᠨᠢ ᠴᠥᠮ 《ᠬᠣᠲᠠ ᠪᠠᠯᠭ᠋ᠠᠰᠤᠨ᠎ᠤ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ》 (GB18918 — 2022) ᠵᠢᠨ ᠨᠢᠭᠡᠳᠦᠭᠡᠷ ᠳᠡᠰ᠎ᠤᠨ A ᠪᠠᠷᠢᠮᠵᠢᠶ᠎ᠠ᠎ᠳᠤ ᠭᠦᠷᠦᠭᠰᠡᠨ ᠪᠤᠶᠤ ᠲᠡᠭᠦᠨ᠎ᠠᠴᠠ ᠳᠠᠪᠠᠭᠤᠯᠢᠭ ᠪᠠᠶ᠋ᠢᠵᠤ᠂ ᠰᠦᠯᠵᠢᠶ᠎ᠡ ᠬᠢᠨᠠᠨ ᠬᠡᠮᠵᠢᠬᠦ ᠲᠥᠬᠥᠭᠡᠷᠦᠮᠵᠢ ᠤᠭᠰᠠᠷᠠᠵᠤ᠂ ᠬᠣᠲᠠ ᠵᠢᠨ ᠣᠷᠴᠢᠨ ᠲᠣᠭᠣᠷᠢᠨ᠎ᠤ ᠬᠢᠨᠠᠨ ᠬᠡᠮᠵᠢᠬᠦ ᠲᠠᠪᠴᠠᠩ᠎ᠲᠠᠢ ᠰᠦᠯᠵᠢᠶᠡᠨ᠎ᠳᠤ ᠬᠣᠯᠪᠣᠵᠠᠶ᠃ ᠳᠠᠬᠢᠯᠲᠠ ᠤᠰᠤᠨ᠎ᠤ ᠣᠯᠠᠩᠬᠢ ᠵᠢ᠎ᠨᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠵᠢᠴᠢ ᠬᠣᠲᠠ ᠵᠢᠨ ᠴᠡᠴᠡᠷᠯᠢᠭ᠎ᠤᠨ ᠨᠣᠭᠣᠭ᠋ᠠᠷᠠᠭᠤᠯᠤᠯᠲᠠ᠎ᠳᠤ ᠬᠡᠷᠡᠭᠯᠡᠵᠦ᠂ ᠨᠢᠭᠡᠨᠲᠡ 《ᠬᠣᠲᠠ ᠵᠢᠨ ᠤᠰᠤ ᠬᠡᠷᠡᠭᠯᠡᠬᠦ — ᠤᠰᠤ ᠵᠠᠯᠠᠬᠤ — ᠪᠣᠬᠢᠷ ᠤᠰᠤ ᠵᠢ ᠰᠢᠢ᠍ᠳᠪᠦᠷᠢᠯᠡᠬᠦ ᠦᠢ᠍ᠯᠡᠳᠪᠦᠷᠢ — ᠠᠵᠤ ᠦᠢ᠍ᠯᠡᠳᠪᠦᠷᠢ ᠵᠢᠨ ᠤᠰᠤ ᠬᠡᠷᠡᠭᠯᠡᠬᠦ — ᠬᠣᠲᠠ ᠵᠢᠨ ᠤᠰᠤ ᠬᠡᠷᠡᠭᠯᠡᠬᠦ — ᠠᠮᠢ ᠠᠬᠤᠶ ᠵᠢᠨ ᠤᠰᠤ ᠨᠥᠬᠥᠪᠥᠷᠢᠯᠡᠬᠦ》 ᠳᠠᠬᠢᠯᠲᠠ ᠤᠰᠤ ᠵᠢ ᠤᠷᠴᠢᠯᠳᠤᠭᠤᠯᠤᠨ ᠠᠰᠢᠭᠯᠠᠬᠤ ᠲᠤᠭᠳᠠᠯᠴᠠᠭ᠎ᠠ ᠵᠢ ᠠᠩᠬ᠎ᠠ ᠠᠯᠬᠤᠮ ᠪᠦᠷᠢᠯᠳᠦᠭᠦᠯᠪᠡ᠃ ᠬᠣᠶᠠᠷ᠎ᠲᠤ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠥᠨᠳᠥᠷ ᠳᠠᠪᠤᠰᠤᠲᠤ ᠤᠰᠤ᠂ ᠠᠭᠤᠷᠬᠠᠶ ᠵᠢᠨ ᠬᠤᠳᠳᠤᠭ᠎ᠤᠨ ᠤᠰᠤ ᠵᠢ ᠣᠷᠴᠢᠯᠳᠤᠭᠤᠯᠤᠨ ᠠᠰᠢᠭᠯᠠᠬᠤ ᠵᠠᠭᠪᠤᠷ᠎ᠢ ᠠᠩᠬ᠎ᠠ ᠠᠯᠬᠤᠮ ᠪᠦᠷᠢᠯᠳᠦᠭᠦᠯᠦᠨ᠎ᠡ᠃ 2014 ᠣᠨ᠎ᠠᠴᠠ ᠡᠬᠢᠯᠡᠨ᠂ ᠮᠠᠨ᠎ᠤ ᠬᠣᠲᠠ ᠤᠯᠤᠰ᠎ᠤᠨ ᠨᠡᠭᠦᠷᠡᠰᠦ ᠡᠳ᠋ᠰᠢᠭᠦᠯᠦᠨ ᠠᠰᠢᠭᠯᠠᠬᠤ ᠨᠡᠶ᠋ᠢᠭᠡᠮᠯᠢᠭ᠎ᠲᠠᠢ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠥᠨᠳᠥᠷ ᠳᠠᠪᠤᠰᠤᠲᠤ ᠤᠰᠤ ᠵᠢ ᠰᠢᠢ᠍ᠳᠪᠦᠷᠢᠯᠡᠬᠦ ᠮᠡᠷᠭᠡᠵᠢᠯ᠎ᠤᠨ ᠶᠠᠷᠢᠯᠴᠠᠭ᠋ᠠᠨ᠎ᠤ ᠲᠠᠪᠴᠠᠩ᠎ᠢ 7 ᠤᠳᠠᠭ᠎ᠠ ᠡᠷᠭᠢᠯᠡᠵᠦ᠂ ᠬᠣᠯᠪᠣᠭᠳᠠᠯ ᠪᠥᠬᠥᠶ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠤᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠥᠨᠳᠥᠷ ᠳᠠᠪᠤᠰᠤᠲᠤ ᠤᠰᠤ ᠵᠢ ᠳᠠᠪᠤᠰᠤ ᠬᠤᠪᠢᠶᠠᠬᠤ᠂ ᠲᠠᠯᠠᠰᠵᠢᠭᠤᠯᠬᠤ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯ᠎ᠢ ᠥᠷᠨᠢᠭᠦᠯᠵᠦ᠂ ᠬᠡᠲᠦ ᠱᠦᠭᠦᠯᠲᠡ᠂ ᠨᠡᠪᠴᠢᠯᠲᠡ ᠵᠢ ᠡᠰᠡᠷᠭᠦᠴᠡᠬᠦ᠂ ᠥᠨᠳᠥᠷ ᠦᠷ᠎ᠡ ᠠᠰᠢᠭ᠎ᠲᠠᠢ ᠠᠭᠤᠷᠰᠢᠭᠤᠯᠬᠤ ᠮᠡᠷᠭᠡᠵᠢᠯ᠎ᠤᠨ ᠵᠠᠭᠪᠤᠷ᠎ᠢ ᠪᠥᠬᠥ ᠲᠠᠯ᠎ᠠ᠎ᠪᠠᠷ ᠬᠡᠷᠡᠭᠵᠢᠭᠦᠯᠪᠡ᠃ ᠪᠥᠬᠥ ᠬᠣᠲᠠ ᠵᠢᠨ 32 ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠴᠥᠮ ᠭᠠᠳᠠᠭᠰᠢᠯᠠᠭᠤᠯᠬᠤ ᠥᠬᠡᠶ ᠪᠠᠶ᠋ᠢᠬᠤ ᠵᠢ ᠪᠡᠶᠡᠯᠡᠭᠦᠯᠪᠡ᠃ ᠡᠵᠡᠨ ᠬᠣᠷᠣᠭ᠎ᠠ ᠬᠣᠰᠢᠭᠤ᠂ ᠦᠦᠰᠢᠨ ᠬᠣᠰᠢᠭᠤᠨ᠎ᠤ ᠬᠠᠮᠢᠶ᠎ᠠ ᠪᠥᠬᠥᠶ ᠨᠡᠭᠦᠷᠡᠰᠦᠨ ᠠᠭᠤᠷᠬᠠᠶ᠎ᠨᠢ ᠨᠢᠭᠡᠨᠲᠡ ᠥᠨᠳᠥᠷ ᠳᠠᠪᠤᠰᠤᠲᠤ ᠤᠰᠤ ᠵᠢ ᠭᠦᠨ ᠰᠢᠢ᠍ᠳᠪᠦᠷᠢᠯᠡᠬᠦ ᠢᠨᠵᠧᠨᠧᠷᠢᠩ᠎ᠢ ᠬᠡᠷᠡᠭᠵᠢᠭᠦᠯᠵᠦ᠂ ᠭᠠᠵᠠᠷ ᠳᠡᠭᠡᠷᠡᠬᠢ ᠤᠰᠤᠨ᠎ᠤ Ⅲ ᠲᠥᠷᠥᠯ᠎ᠤᠨ ᠪᠠᠷᠢᠮᠵᠢᠶ᠎ᠠ ᠪᠤᠶᠤ ᠬᠠᠮᠢᠶ᠎ᠠ ᠪᠥᠬᠥᠶ ᠪᠤᠴᠠᠭ᠋ᠠᠨ ᠬᠡᠷᠡᠭᠯᠡᠬᠦ ᠪᠠᠷᠢᠮᠵᠢᠶ᠎ᠠ᠎ᠳᠤ ᠬᠦᠷᠦᠭᠰᠡᠨ᠎ᠤ ᠳᠠᠷᠠᠭ᠎ᠠ᠂ ᠠᠭᠤᠷᠬᠠᠶ ᠵᠢᠨ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠂ ᠠᠮᠢ ᠠᠬᠤᠶ ᠵᠢᠨ ᠤᠰᠤᠯᠠᠯᠲᠠ᠂ ᠬᠣᠲᠠ ᠵᠢᠨ ᠤᠰᠤᠨ ᠰᠢᠰᠲ᠋ᠧᠮ᠎ᠤᠨ ᠪᠥᠲᠥᠭᠡᠨ ᠪᠠᠶ᠋ᠢᠭᠤᠯᠤᠯᠲᠠ ᠪᠠ ᠨᠤᠭᠤ ᠭᠠᠵᠠᠷ᠎ᠤᠨ ᠠᠮᠢ ᠠᠬᠤᠶ ᠵᠢᠨ ᠤᠰᠤ ᠨᠥᠬᠥᠪᠥᠷᠢᠯᠡᠬᠦ ᠵᠡᠷᠭᠡ᠎ᠳᠤ ᠪᠤᠴᠠᠭ᠋ᠠᠨ ᠬᠡᠷᠡᠭᠯᠡᠵᠦ᠂ ᠤᠰᠤᠨ᠎ᠤ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠣᠭᠣᠷᠢᠨ᠎ᠢ ᠬᠠᠮᠠᠭ᠋ᠠᠯᠠᠬᠤ ᠦᠢ᠍ᠯᠡᠳᠪᠦᠷᠢᠯᠡᠯ᠎ᠤᠨ ᠠᠷᠭ᠎ᠠ ᠮᠠᠶᠢᠭ᠎ᠢ ᠠᠩᠬ᠎ᠠ ᠠᠯᠬᠤᠮ ᠪᠦᠷᠢᠯᠳᠦᠭᠦᠯᠪᠡ᠃ ᠭᠤᠷᠪᠠ᠎ᠳᠤ᠂ ᠪᠥᠬᠥ ᠤᠯᠤᠰ᠎ᠤᠨ 2022 ᠣᠨ᠎ᠤ ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠲᠤᠷᠰᠢᠯᠲᠠ ᠵᠢᠨ ᠴᠡᠭ᠎ᠤᠨ ᠬᠣᠲᠠ ᠵᠢ ᠭᠥᠷᠳᠡᠪᠡ᠃ 2022 ᠣᠨ᠎ᠤ 1 ᠳ᠋ᠤᠭᠡᠷ ᠰᠠᠷ᠎ᠠ᠎ᠳᠤ᠂ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠤᠪᠴᠢᠶ᠎ᠠ᠎ᠨᠢ ᠬᠤᠳᠠ ᠵᠢᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ ᠤᠯᠤᠰ᠎ᠤᠨ ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠲᠤᠷᠰᠢᠯᠲᠠ ᠵᠢᠨ ᠴᠡᠭ᠎ᠤᠨ ᠠᠵᠢᠯ᠎ᠢ ᠲᠥᠯᠥᠪᠯᠡᠵᠦ᠂ ᠲᠤᠷᠰᠢᠯᠲᠠ ᠵᠢᠨ ᠴᠡᠭ᠎ᠤᠨ ᠠᠵᠢᠯ᠎ᠤᠨ ᠰᠡᠳᠭᠢᠮᠵᠢ ᠪᠣᠯᠤᠨ ᠠᠵᠢᠯ᠎ᠤᠨ ᠲᠥᠰᠦᠯ᠎ᠢ ᠲᠤᠭᠤᠷᠪᠢᠵᠤ᠂ 《ᠤᠷᠳᠤᠰ ᠬᠤᠳᠠ ᠵᠢᠨ ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠲᠤᠷᠰᠢᠯᠲᠠ ᠵᠢᠨ ᠴᠡᠭ᠎ᠤᠨ ᠬᠡᠷᠡᠭᠵᠢᠭᠦᠯᠬᠦ ᠲᠥᠰᠦᠯ》᠎ᠢ ᠨᠠᠶ᠋ᠢᠷᠠᠭᠤᠯᠤᠨ ᠵᠣᠬᠢᠶᠠᠵᠤ᠂ ᠪᠦᠬᠦ ᠤᠯᠤᠰ᠎ᠤᠨ ᠭᠤᠴᠢ ᠭᠠᠷᠤᠢ ᠬᠤᠳᠠ᠎ᠳᠤ ᠤᠷᠳᠤᠰ ᠬᠤᠳᠠ᠎ᠨᠢ ᠰᠢᠯᠢᠳᠡᠭ ᠠᠮᠵᠢᠯᠲᠠ ᠣᠯᠵᠠᠢ᠃ 2022 ᠣᠨ᠎ᠤ 11 ᠳ᠋ᠤᠭᠡᠷ ᠰᠠᠷ᠎ᠠ᠎ᠳᠤ᠂ ᠠᠮᠢ ᠠᠬᠤᠶ ᠣᠷᠴᠢᠨ ᠲᠤᠭᠤᠷᠢᠨ᠎ᠤ ᠶᠠᠮᠤᠨ᠎ᠤ ᠵᠠᠷᠯᠠᠨ ᠨᠡᠶ᠋ᠢᠲᠡᠯᠡᠭᠰᠡᠨ ᠪᠥᠬᠥ ᠤᠯᠤᠰ᠎ᠤᠨ 2022 ᠣᠨ᠎ᠤ ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠲᠤᠷᠰᠢᠯᠲᠠ ᠵᠢᠨ ᠴᠡᠭ᠎ᠤᠨ 19 ᠬᠣᠲᠠ ᠵᠢᠨ ᠨᠢᠭᠡ᠎ᠨᠢ ᠪᠤᠯᠪᠠ᠃ ᠮᠠᠨ᠎ᠤ ᠬᠣᠲᠠ ᠵᠢᠨ ᠡᠩ᠎ᠤᠨ ᠪᠤᠰᠤ ᠤᠰᠤᠨ ᠳᠣᠲᠣᠷᠠᠬᠢ ᠨᠡᠭᠦᠷᠡᠰᠦᠨ ᠠᠭᠤᠷᠬᠠᠶ ᠵᠢᠨ ᠰᠡᠶ᠋ᠢᠷᠡᠭ ᠬᠠᠭᠤᠷᠠᠶ ᠤᠰᠤ ᠵᠢ ᠬᠥᠭᠵᠢᠭᠦᠯᠬᠦ᠎ᠳᠤ ᠠᠷᠭ᠎ᠠ ᠵᠠᠮ ᠬᠠᠩᠭ᠋ᠠᠵᠤ᠂ ᠰᠢᠨ᠎ᠡ ᠰᠣᠷᠭᠣᠭ ᠤᠰᠤ ᠵᠢ ᠬᠡᠷᠡᠭᠯᠡᠬᠦ ᠬᠡᠮᠵᠢᠶ᠎ᠡ ᠵᠢ ᠪᠠᠭ᠋ᠠᠰᠬᠠᠨ᠂ ᠪᠦᠬᠦᠯᠢ ᠴᠣᠭᠴᠠ ᠵᠢᠨ ᠤᠰᠤᠨ᠎ᠤ ᠠᠮᠢ ᠠᠬᠤᠶ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠳᠡᠭᠡᠭᠰᠢᠯᠡᠭᠦᠯᠵᠦ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠤᠷᠢᠳ ᠵᠶ᠋ᠠᠷ ᠬᠡᠷᠡᠭᠵᠢᠭᠦᠯᠬᠦ ᠣᠷᠣᠨ᠎ᠤ ᠪᠥᠲᠥᠭᠡᠨ ᠪᠠᠶ᠋ᠢᠭᠤᠯᠤᠯᠲᠠ᠎ᠳᠤ ᠲᠤᠯᠭ᠋ᠠᠭᠤᠷᠢᠯᠠᠯ ᠬᠠᠩᠭ᠋ᠠᠵᠤ᠂ ᠮᠠᠨ᠎ᠤ ᠤᠯᠤᠰ᠎ᠤᠨ ᠪᠠᠷᠠᠭᠤᠨ ᠬᠣᠶ᠋ᠢᠲᠤ ᠵᠢᠨ ᠲᠠᠯ᠎ᠠ ᠨᠤᠲᠤᠭ ᠪᠠ ᠡᠯᠡᠰᠦᠨ ᠴᠥᠯ᠎ᠤᠨ ᠣᠷᠣᠨ᠎ᠤ ᠳᠠᠬᠢᠯᠲᠠ ᠤᠰᠤ ᠵᠢ ᠤᠷᠴᠢᠯᠳᠤᠭᠤᠯᠤᠨ ᠠᠰᠢᠭᠯᠠᠬᠤ᠎ᠳᠤ ᠪᠠᠲᠤᠯᠠᠭ᠎ᠠ ᠬᠠᠩᠭ᠋ᠠᠭᠰᠠᠨ ᠪᠠᠶ᠋ᠢᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠲᠦᠩᠯᠢᠶᠣᠤ ᠬᠣᠲᠠ ᠵᠢᠨ ᠬᠦᠷᠢᠶ᠎ᠡ ᠬᠤᠰᠢᠭᠤ᠎ᠨᠢ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠲᠠᠯ᠎ᠠ᠎ᠪᠠᠷ ᠦᠷ᠎ᠡ ᠪᠦᠲᠦᠮᠵᠢ ᠤᠯᠪᠠ
ᠠᠯᠠᠱ᠌ᠠ ᠠᠶ᠋ᠢᠮᠠᠭ᠎ᠤᠨ 2023 ᠣᠨ᠎ᠤ 2 ᠳ᠋ᠤᠭ᠋ᠠᠷ ᠰᠠᠷ᠎ᠠ ᠵᠢᠨ ᠤᠰᠤᠨ᠎ᠤ ᠣᠷᠴᠢᠨ ᠲᠣᠭᠣᠷᠢᠨ᠎ᠤ ᠴᠢᠨᠠᠷᠵᠢᠯ᠎ᠤᠨ ᠪᠠᠢ᠌ᠳᠠᠯ
ᠯᠢ ᠪᠢᠩ ᠷᠥᠩ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠭᠣᠣᠯ ᠰᠡᠳᠦᠪᠲᠦ ᠬᠥᠮᠦᠵᠢᠯ᠎ᠤᠨ ᠠᠵᠢᠯ᠎ᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠣᠭᠣᠳᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠡᠷᠲᠡ᠎ᠠᠴᠠ ᠲᠣᠬᠢᠷᠠᠭᠤᠯᠤᠨ ᠪᠠᠢ᠌ᠷᠢᠯᠠᠭᠤᠯᠵᠤ ᠭᠣᠣᠯᠳᠠᠯᠭ᠎ᠠ᠎ᠲᠠᠢ ᠰᠠᠪᠠ ᠭᠠᠵᠠᠷ᠎ᠤᠨ ᠭᠣᠣᠯᠳᠠᠯᠭ᠎ᠠ᠎ᠲᠠᠢ ᠴᠠᠭ᠎ᠤᠨ ᠤᠰᠤᠨ᠎ᠤ ᠶᠠᠰᠤ ᠴᠢᠨᠠᠷ᠎ᠤᠨ ᠬᠢᠨᠠᠨ ᠬᠠᠮᠢᠶᠠᠷᠤᠯᠲᠠ ᠵᠢ ᠪᠦᠬᠦ ᠬᠦᠴᠦᠨ ᠵᠶ᠋ᠠᠷ ᠰᠠᠢ᠌ᠲᠤᠷ ᠠᠳᠬᠤᠨ᠎ᠠ
 
             蒙ICP备05000248号