ᠤᠰᠤᠨ᠎ᠤ ᠪᠤᠬᠢᠷᠳᠤᠯ᠎ᠢ ᠡᠬᠢ ᠰᠤᠷᠪᠤᠯᠵᠢ᠎ᠠᠴᠠ᠎ᠨᠢ ᠵᠠᠰᠠᠬᠤ᠂ ᠰᠢᠰᠲᠸᠮᠵᠢᠭᠦᠯᠦᠨ ᠵᠠᠰᠠᠬᠤ ᠵᠢ ᠪᠠᠷᠢᠮᠲᠠᠯᠠᠬᠤ᠎ᠪᠠᠷ ᠳᠡᠮᠵᠢᠨ᠂ ᠬᠦᠷᠢᠶ᠎ᠡ ᠬᠣᠰᠢᠭᠤᠨ᠎ᠤ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠶ᠋ᠢᠵᠢᠷᠠᠭᠤᠯᠬᠤ ᠵᠢ ᠪᠡᠶᠡᠯᠡᠭᠦᠯᠪᠡ᠃ ᠨᠢᠭᠡ᠎ᠳᠤ᠂ ᠬᠦᠷᠢᠶ᠎ᠡ ᠪᠠᠯᠭ᠋ᠠᠰᠤ ᠵᠢᠨ 《ᠲᠦᠮᠡᠨ ᠬᠥᠮᠦᠨ ᠮᠢᠩᠭ᠋ᠠᠨ ᠲᠣᠨ》᠎ᠤ ᠲᠥᠪᠯᠡᠷᠡᠩᠭᠦᠶ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ ᠪᠠ ᠬᠥᠳᠡᠭᠡ ᠲᠣᠰᠬᠣᠨ᠎ᠤ ᠲᠥᠪᠯᠡᠷᠡᠩᠭᠦᠶ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ 5 ᠭᠠᠵᠠᠷ᠎ᠤᠨ ᠵᠢᠷᠤᠮᠵᠢᠭᠰᠠᠨ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠤᠰᠤᠨ᠎ᠤ ᠴᠢᠨᠠᠷ᠎ᠤᠨ ᠠᠮᠤᠷ ᠲᠦᠪᠰᠢᠨ᠎ᠢ ᠪᠠᠲᠤᠯᠠᠪᠠ᠃ ᠬᠣᠶᠠᠷ᠎ᠲᠤ᠂ 1600 ᠲᠦᠮᠡᠨ ᠲᠥᠭᠥᠷᠢᠭ᠎ᠤᠨ ᠲᠤᠰᠬᠠᠶ ᠪᠠᠯᠠ ᠮᠥᠩᠭᠥ ᠵᠢ ᠲᠡᠮᠡᠴᠡᠨ ᠣᠯᠵᠤ᠂ ᠳᠤᠮᠳᠠᠬᠢ ᠤᠰᠤ ᠵᠢ ᠡᠭᠡᠭᠦᠯᠦᠨ ᠬᠡᠷᠡᠭᠯᠡᠬᠦ ᠢᠨᠵᠧᠨᠧᠷᠢᠩ᠎ᠢ ᠪᠠᠶ᠋ᠢᠭᠤᠯᠵᠤ᠂ ᠪᠣᠬᠢᠷ ᠤᠰᠤᠨ᠎ᠤ ᠦᠢ᠍ᠯᠡᠳᠪᠦᠷᠢ ᠵᠢᠨ ᠦᠯᠡᠳᠡᠭᠳᠡᠯ ᠤᠰᠤᠨ᠎ᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠭᠤᠷᠪᠠ᠎ᠳᠤ᠂ ᠲᠤᠰᠬᠠᠶ ᠪᠠᠯᠠ ᠮᠥᠩᠭᠥ 400 ᠲᠦᠮᠡᠨ ᠲᠥᠭᠥᠷᠢᠭ᠎ᠢ ᠲᠡᠮᠡᠴᠡᠨ ᠣᠯᠵᠤ᠂ ᠲᠣᠰᠬᠣᠨ᠎ᠤ ᠱᠠᠲᠤᠨ᠎ᠤ ᠪᠣᠬᠢᠷ ᠤᠰᠤ ᠵᠢ ᠰᠢᠢ᠍ᠳᠪᠦᠷᠢᠯᠡᠬᠦ ᠥᠷᠲᠡᠭᠡ ᠬᠣᠶᠠᠷ᠎ᠢ ᠪᠠᠶ᠋ᠢᠭᠤᠯᠵᠤ᠂ ᠲᠤᠬᠠᠶ ᠵᠢᠨ ᠭᠠᠵᠠᠷ᠎ᠤᠨ ᠠᠮᠢᠳᠤᠷᠠᠯ᠎ᠤᠨ ᠣᠷᠴᠢᠨ ᠲᠣᠭᠣᠷᠢᠨ᠎ᠢ ᠰᠠᠶ᠋ᠢᠵᠢᠷᠠᠭᠤᠯᠪᠠ᠃ ᠳᠥᠷᠪᠡ᠎ᠳᠤ᠂ 6353 ᠲᠦᠮᠡᠨ ᠲᠥᠭᠥᠷᠢᠭ᠎ᠤᠨ ᠲᠤᠰᠬᠠᠶ ᠪᠠᠯᠠ ᠮᠥᠩᠭᠥ ᠵᠢ ᠲᠡᠮᠡᠴᠡᠨ ᠣᠯᠵᠤ᠂ ᠱ᠌ᠢ ᠬᠥᠩ ᠾᠧ ᠭᠣᠤᠯ᠂ ᠰᠢᠨ ᠺᠠᠶ ᠾᠧ ᠭᠣᠤᠯ᠂ ᠮᠠᠯ ᠲᠡᠵᠢᠭᠡᠪᠦᠷᠢ ᠵᠢᠨ ᠭᠣᠤᠯ ᠨᠤᠭᠤ ᠭᠠᠵᠠᠷ᠎ᠤᠨ ᠤᠰᠤᠨ᠎ᠤ ᠴᠢᠨᠠᠷ᠎ᠢ ᠪᠠᠲᠤᠯᠠᠬᠤ ᠢᠨᠵᠧᠨᠧᠷᠢᠩ᠎ᠢ ᠬᠡᠷᠡᠭᠵᠢᠭᠦᠯᠵᠦ᠂ ᠠᠮᠢᠳᠤ ᠪᠣᠳᠠᠰ᠎ᠢ ᠴᠡᠪᠡᠷᠰᠢᠭᠦᠯᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠭᠣᠤᠯ ᠮᠥᠷᠡᠨ᠎ᠤ ᠤᠰᠤᠨ᠎ᠤ ᠣᠷᠴᠢᠨ ᠲᠣᠭᠣᠷᠢᠨ᠎ᠢ ᠰᠠᠶ᠋ᠢᠵᠢᠷᠠᠭᠤᠯᠪᠠ᠃ 2022 ᠣᠨ᠎ᠳᠤ᠂ ᠬᠢᠯᠢ ᠵᠢᠨ ᠬᠠᠷᠢᠶᠠᠨ᠎ᠳᠠᠬᠢ ᠤᠯᠤᠰ᠎ᠤᠨ ᠡᠵᠡᠮᠳᠡᠯ ᠪᠦᠬᠦᠢ ᠰᠢᠯᠭ᠋ᠠᠨ ᠠᠪᠬᠤ 2 ᠣᠭᠲᠣᠯᠤᠭ᠋ᠠᠰᠤ ᠵᠢᠨ ᠤᠰᠤᠨ᠎ᠤ ᠴᠢᠨᠠᠷ᠎ᠨᠢ ᠬᠢᠨᠠᠨ ᠰᠢᠯᠭ᠋ᠠᠬᠤ ᠱᠠᠭ᠋ᠠᠷᠳᠠᠯᠭ᠎ᠠ᠎ᠳᠤ ᠬᠦᠷᠴᠦ᠂ ᠡᠭᠦᠨ᠎ᠳᠤ ᠰᠠᠨ ᠵᠢᠶᠠ ᠽᠢ ᠵᠢᠨ ᠣᠭᠲᠣᠯᠤᠭ᠋ᠠᠰᠤ᠎ᠨᠢ III ᠲᠥᠷᠥᠯ᠎ᠤᠨ ᠤᠰᠤᠨ᠎ᠤ ᠴᠢᠨᠠᠷ (ᠬᠠᠷᠠᠯᠳᠠᠳᠤ ᠬᠡᠮᠵᠢᠭᠳᠡᠯ᠎ᠨᠢ III ᠲᠥᠷᠥᠯ)᠂ ᠱ᠌ᠢ ᠮᠧᠨ ᠽᠢ ᠵᠢᠨ ᠣᠭᠲᠣᠯᠤᠭ᠋ᠠᠰᠤ᠎ᠨᠢ II ᠲᠥᠷᠥᠯ᠎ᠤᠨ ᠤᠰᠤᠨ᠎ᠤ ᠴᠢᠨᠠᠷ (ᠬᠠᠷᠠᠯᠳᠠᠳᠤ ᠬᠡᠮᠵᠢᠭᠳᠡᠯ᠎ᠨᠢ III ᠲᠥᠷᠥᠯ᠎ᠤᠨ ᠤᠰᠤᠨ᠎ᠤ ᠴᠢᠨᠠᠷ)᠎ᠲᠤ ᠬᠦᠷᠦᠭᠰᠡᠨ ᠪᠠᠢ᠌ᠨ᠎ᠠ᠃