ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠤᠰᠤᠨ᠎ᠤ ᠣᠷᠴᠢᠨ ᠲᠣᠭᠤᠷᠢᠨ᠎ᠤ ᠬᠠᠮᠢᠶᠠᠷᠤᠯᠲᠠ
ᠠᠯᠠᠱ᠌ᠠ ᠠᠶ᠋ᠢᠮᠠᠭ᠎ᠤᠨ 2023 ᠣᠨ᠎ᠤ 2 ᠳ᠋ᠤᠭ᠋ᠠᠷ ᠰᠠᠷ᠎ᠠ ᠵᠢᠨ ᠤᠰᠤᠨ᠎ᠤ ᠣᠷᠴᠢᠨ ᠲᠣᠭᠣᠷᠢᠨ᠎ᠤ ᠴᠢᠨᠠᠷᠵᠢᠯ᠎ᠤᠨ ᠪᠠᠢ᠌ᠳᠠᠯ
ᠨᠡᠶ᠋ᠢᠲᠡᠯᠡᠭᠰᠡᠨ ᠴᠠᠭ᠄ 2023-03-06

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠶ ᠦᠷᠳᠡᠭᠡᠨ᠎ᠤ ᠠᠯᠠᠱ᠌ᠠ᠎ᠳᠠᠬᠢ ᠬᠤᠪᠢᠶᠠᠷᠢ ᠥᠷᠲᠡᠭᠡ᠎ᠨᠢ 2 ᠳ᠋ᠤᠭ᠋ᠠᠷ ᠰᠠᠷ᠎ᠠ᠎ᠳᠤ ᠪᠥᠬᠥ ᠠᠶ᠋ᠢᠮᠠᠭ᠎ᠲᠠᠬᠢ ᠣᠷᠣᠨ᠎ᠤ ᠡᠵᠡᠮᠳᠡᠯ ᠪᠦᠬᠦᠢ ᠭᠣᠤᠯ ᠮᠥᠷᠡᠨ / ᠨᠠᠭᠤᠷ ᠴᠥᠭᠥᠷᠥᠮ᠎ᠤᠨ ᠭᠠᠵᠠᠷ ᠳᠡᠭᠡᠷᠡᠬᠢ ᠤᠰᠤ᠂ ᠲᠤᠰᠬᠠᠶ ᠣᠷᠣᠨ᠎ᠤ ᠬᠣᠲᠠ ᠵᠢᠨ ᠲᠠᠰ᠎ᠤᠨ ᠬᠣᠲᠠ ᠵᠢᠨ ᠲᠥᠪᠯᠡᠷᠡᠩᠭᠦᠶ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ ᠵᠡᠷᠭᠡ ᠤᠰᠤᠨ᠎ᠤ ᠣᠷᠴᠢᠨ ᠲᠣᠭᠣᠷᠢᠨ᠎ᠤ ᠴᠢᠨᠠᠷᠵᠢᠯ᠎ᠢ ᠬᠢᠨᠠᠨ ᠬᠡᠮᠵᠢᠬᠦ ᠠᠵᠢᠯ᠎ᠢ ᠪᠡᠶᠡᠯᠡᠭᠦᠯᠪᠡ᠃

      ᠨᠢᠭᠡ᠂ ᠣᠷᠣᠨ᠎ᠤ ᠡᠵᠡᠮᠳᠡᠯ ᠪᠦᠬᠦᠢ ᠭᠣᠤᠯ ᠮᠥᠷᠡᠨ / ᠨᠠᠭᠤᠷ ᠴᠥᠭᠥᠷᠥᠮ᠎ᠤᠨ ᠭᠠᠵᠠᠷ ᠳᠡᠭᠡᠷᠡᠬᠢ ᠤᠰᠤᠨ᠎ᠤ ᠣᠷᠴᠢᠨ ᠲᠣᠭᠣᠷᠢᠨ᠎ᠤ ᠴᠢᠨᠠᠷᠵᠢᠯ᠄ ᠪᠥᠬᠥ ᠠᠶ᠋ᠢᠮᠠᠭ᠎ᠲᠤ ᠬᠠᠲᠤᠨ ᠭᠣᠤᠯ᠎ᠤᠨ ᠤᠰᠤᠲᠠᠶ᠂ ᠡᠵᠡᠨ᠎ᠡ ᠭᠣᠤᠯ᠎ᠤᠨ ᠲᠠᠪᠤᠨ ᠰᠠᠷ᠎ᠠ ᠵᠢᠨ ᠨᠢᠭᠡᠨ᠎ᠤ ᠶᠡᠬᠡ ᠬᠥᠭᠥᠷᠭᠡ᠂ ᠵᠢᠤᠢ ᠶᠠᠨ ᠬᠠᠶ (ᠵᠡᠭᠦᠨᠳᠡᠬᠢ)᠂ ᠪᠠᠶ ᡁᠢ ᠵᠢᠶ᠂ ᠮᠠ ᠬᠤᠸᠠᠨ ᠭ᠋ᠸᠦ᠂ ᠨᠠᠨ ᠰᠧ ᠭ᠋ᠸᠦ᠂ ᠱᠦᠶ ᠮᠦᠸᠸ ᠭ᠋ᠸᠦ᠂ ᠲᠠ ᠡᠯ ᠯᠢᠩ ᠭ᠋ᠸᠦ᠂ ᠬᠠᠯᠠᠦ᠋ ᠭ᠋ᠸᠦ᠂ ᠤᠰᠤᠲᠤ ᠭ᠋ᠸᠦ ᠵᠡᠷᠭᠡ ᠬᠦᠮᠦᠨ᠎ᠤ ᠬᠦᠴᠦ᠎ᠪᠠᠷ ᠬᠢᠨᠠᠨ ᠬᠡᠮᠵᠢᠬᠦ ᠨᠡᠶ᠋ᠢᠲᠡ 10 ᠣᠭᠲᠣᠯᠤᠭ᠋ᠠᠰᠤ ᠵᠢ ᠪᠠᠶ᠋ᠢᠭᠤᠯᠤᠨ᠎ᠠ᠃ ᠬᠠᠲᠤᠨ ᠭᠣᠣᠯ᠎ᠤᠨ ᠤᠰᠤᠳᠠᠢ᠂ ᠡᠵᠡᠨ᠎ᠡ ᠭᠣᠣᠯ᠎ᠤᠨ ᠲᠠᠪᠤᠨ ᠰᠠᠷ᠎ᠠ ᠵᠢᠨ ᠨᠢᠭᠡᠨ᠎ᠤ ᠶᠡᠬᠡ ᠬᠥᠭᠥᠷᠭᠡ᠂ ᠵᠢᠤᠢ ᠶᠠᠨ ᠬᠠᠶ (ᠵᠡᠭᠦᠨᠳᠡᠬᠢ)᠂ ᠮᠠ ᠬᠤᠸᠠᠨ ᠭ᠋ᠸᠦ᠂ ᠨᠠᠨ ᠰᠧ ᠭ᠋ᠸᠦ᠂ ᠱᠦᠢ ᠮᠦᠧᠧ ᠭ᠋ᠸᠦ᠂ ᠲᠠ ᠡᠯ ᠯᠢᠩ ᠭ᠋ᠸᠦ᠂ ᠬᠠᠯᠠᠦ᠋ ᠭ᠋ᠸᠦ ᠵᠡᠷᠭᠡ 8 ᠣᠭᠲᠣᠯᠤᠭ᠋ᠠᠰᠤ᠎ᠳᠤ ᠲᠤᠰ ᠰᠠᠷ᠎ᠠ᠎ᠳᠤ ᠪᠦᠬᠦ ᠵᠢᠭ᠋ᠠᠯᠳᠠ ᠲᠣᠭ᠎ᠠ ᠵᠢᠨ ᠬᠢᠨᠠᠨ ᠬᠡᠮᠵᠢᠯᠲᠡ ᠬᠢᠪᠡ᠃ ᠳᠠᠷᠤᠶ ᠡᠯ᠎ᠡ ᠣᠭᠲᠣᠯᠤᠭ᠋ᠠᠰᠤ᠎ᠨᠢ ᠴᠥᠮ ᠤᠰᠤᠨ᠎ᠤ ᠳᠤᠯᠠᠭ᠋ᠠᠨ᠎ᠤ ᠬᠡᠮᠵᠢᠶ᠎ᠡ᠂ pH ᠬᠡᠮᠵᠢᠭᠳᠡᠯ᠂ ᠠᠭᠤᠰᠤᠮᠠᠬᠠᠢ ᠬᠦᠴᠢᠯᠲᠥ᠋ᠷᠥᠭᠴᠢ᠂ ᠴᠠᠬᠢᠯᠭ᠋ᠠᠨ ᠳᠠᠮᠵᠢᠭᠤᠯᠬᠤ ᠨᠤᠷᠮ᠎ᠠ᠂ ᠪᠤᠯᠠᠩᠭᠢᠷᠲᠤᠴᠠ᠂ ᠳᠡᠭᠡᠳᠦ ᠮᠠᠩᠭ᠋ᠠᠨ ᠬᠦᠴᠢᠯ᠎ᠤᠨ ᠳᠠᠪᠤᠰᠤᠨ᠎ᠤ ᠢᠯᠡᠳᠬᠡᠭᠴᠢ ᠲᠣᠭ᠎ᠠ᠂ ᠬᠢᠮᠢ᠎ᠳᠤ ᠬᠡᠷᠡᠭᠰᠡᠬᠦ ᠬᠦᠴᠢᠯᠲᠥ᠋ᠷᠥᠭᠴᠢ ᠵᠢᠨ ᠬᠡᠮᠵᠢᠶ᠎ᠡ᠂ ᠲᠠᠪᠤᠨ ᠡᠳᠦᠷ᠎ᠤᠨ ᠠᠮᠢᠳᠤ ᠪᠣᠳᠠᠰ᠎ᠤᠨ ᠬᠢᠮᠢ᠎ᠳᠤ ᠬᠡᠷᠡᠭᠰᠡᠬᠦ ᠬᠦᠴᠢᠯᠲᠥ᠋ᠷᠥᠭᠴᠢ ᠵᠢᠨ ᠬᠡᠮᠵᠢᠶ᠎ᠡ᠂ ᠰᠢᠪᠲᠦᠷᠲᠦ ᠠᠽᠣᠲ᠂ ᠶᠡᠷᠦᠩᠬᠡᠶ ᠹᠣᠰᠹᠣᠷ᠂ ᠶᠡᠷᠦᠩᠬᠡᠶ ᠠᠽᠣᠲ᠂ ᠵᠡᠰ᠂ ᠴᠠᠶ᠋ᠢᠷ᠂ ᠹᠯᠣᠷᠲᠤ ᠨᠢᠭᠡᠳᠪᠦᠷᠢ᠂ ᠰᠧᠯᠧᠨ᠂ ᠠᠷᠰᠧᠨ᠂ ᠮᠥᠩᠭᠥᠨ ᠤᠰᠤ᠂ ᠺᠠᠳ᠋ᠮᠢ᠂ ᠾᠷᠣᠮ (ᠵᠢᠷᠭᠤᠭ᠋ᠠᠨ ᠸᠠᠯᠤᠨ᠋ᠲ)᠂ ᠬᠠᠷ᠎ᠠ ᠲᠤᠭᠤᠯᠭ᠎ᠠ᠂ ᠼᠢᠶᠠᠨᠲᠤ ᠨᠢᠭᠡᠳᠪᠦᠷᠢ᠂ ᠳᠡᠭᠳᠡᠮᠡᠬᠡᠶ ᠹᠤᠨᠤᠯ᠂ ᠴᠢᠯᠠᠭᠤᠨ ᠲᠤᠰᠤᠨ᠎ᠤ ᠲᠦᠷᠦᠯ᠂ ᠪᠢᠯᠢᠭ ᠢᠶᠣᠨ᠎ᠤ ᠭᠠᠳᠠᠷᠭᠤ ᠵᠢᠨ ᠢᠳᠡᠪᠬᠢᠵᠢᠭᠦᠯᠦᠭᠴᠢ ᠪᠠ ᠬᠦᠬᠦᠷᠲᠦ ᠨᠢᠭᠡᠳᠪᠦᠷᠢ ᠵᠢ ᠬᠢᠨᠠᠨ ᠬᠡᠮᠵᠢᠨ᠎ᠡ᠂ ᠨᠡᠢ᠍ᠢ᠍ᠳᠡ 25 ᠵᠦᠢ᠍ᠯ ᠪᠤᠢ᠂ ᠵᠢᠤᠢ ᠶᠠᠨ ᠬᠠᠶ (ᠵᠡᠭᠦᠨᠳᠡᠬᠢ) ᠵᠢᠨ ᠣᠭᠲᠣᠯᠤᠭ᠋ᠠᠰᠤ ᠵᠢᠨ ᠲᠤᠩᠭ᠋ᠠᠯᠠᠭ᠎ᠤᠨ ᠬᠡᠮᠵᠢᠶ᠎ᠡ ᠪᠠ ᠨᠠᠪᠴᠢᠨ᠎ᠤ ᠨᠣᠭᠣᠭ᠋ᠠᠨ ᠡᠳ᠋ a ᠵᠢ ᠨᠡᠮᠡᠵᠦ ᠬᠡᠮᠵᠢᠨ᠎ᠡ᠃ ᠤᠰᠤᠲᠤ ᠭᠤᠤ ᠵᠢᠨ ᠣᠭᠲᠣᠯᠤᠭ᠋ᠠᠰᠤ᠎ᠨᠢ ᠬᠠᠲᠠᠵᠤ᠂ ᠠᠬᠤᠢ ᠲᠠᠯᠠᠪᠠᠢ ᠵᠢᠨ ᠬᠠᠶ᠋ᠢᠨ ᠪᠠᠶ᠋ᠢᠴᠠᠭ᠋ᠠᠯᠲᠠ᠎ᠳᠤ ᠤᠰᠤ ᠦᠭᠡᠢ ᠪᠠᠶ᠋ᠢᠵᠤ᠂ ᠬᠢᠨᠠᠨ ᠬᠡᠮᠵᠢᠯᠲᠡ ᠬᠢᠭᠰᠡᠨ ᠦᠭᠡᠢ᠃ ᠴᠠᠷᠳᠠ ᠵᠢᠨ ᠣᠭᠲᠣᠯᠤᠭ᠋ᠠᠰᠤ᠎ᠨᠢ ᠲᠣᠰ ᠰᠠᠷ᠎ᠠ᠎ᠳᠤ ᠬᠠᠳᠠᠭ᠋ᠠᠳ ᠤᠰᠤ ᠥᠬᠡᠶ ᠪᠣᠯᠵᠣ᠂ ᠥᠯᠢᠭᠡᠷ ᠠᠪᠴᠤ ᠬᠢᠨᠠᠨ ᠬᠡᠮᠵᠢᠵᠦ ᠳᠡᠶ᠋ᠢᠯᠦᠭᠰᠡᠨ ᠥᠬᠡᠶ᠃ ᠬᠢᠨᠠᠨ ᠬᠡᠮᠵᠢᠭᠰᠡᠨ ᠦᠷ᠎ᠡ ᠳ᠋ᠦᠩ᠎ᠳᠤ ᠢᠯᠡᠷᠡᠭᠦᠯᠦᠭᠰᠡᠨ ᠵᠶ᠋ᠠᠷ᠂ ᠬᠠᠲᠤᠨ ᠭᠣᠤᠯ᠎ᠤᠨ ᠤᠰᠤᠨ᠎ᠤ ᠣᠭᠲᠣᠯᠤᠭ᠋ᠠᠰᠤ ᠵᠢᠨ ᠲᠣᠰ ᠰᠠᠷ᠎ᠠ ᠵᠢᠨ ᠰᠢᠯᠭ᠋ᠠᠷᠠᠭᠤᠯᠤᠯᠲᠠ᠎ᠳᠤ ᠣᠷᠣᠯᠴᠠᠭᠰᠠᠨ ᠤᠰᠤᠨ᠎ᠤ ᠴᠢᠨᠠᠷ᠎ᠤᠨ ᠵᠢᠭ᠋ᠠᠯᠳᠠ ᠲᠣᠭ᠎ᠠ᠎ᠨᠢ ᠴᠥᠮ Ⅱ ᠲᠥᠷᠥᠯ᠎ᠤᠨ ᠪᠠᠷᠢᠮᠵᠢᠶ᠎ᠠ ᠵᠢᠨ ᠬᠢᠵᠠᠭ᠋ᠠᠷ ᠬᠡᠮᠵᠢᠭᠳᠡᠯ᠎ᠳᠤ ᠬᠦᠷᠴᠦ᠂ ᠪᠠᠷᠢᠮᠵᠢᠶ᠎ᠠ᠎ᠠᠴᠠ ᠬᠡᠲᠦᠷᠡᠭᠰᠡᠨ ᠲᠥᠷᠥᠯ ᠵᠦᠢ᠍ᠯ ᠪᠠᠶ᠋ᠢᠬᠤ ᠥᠬᠡᠶ᠃ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠲᠠᠢ ᠬᠠᠷᠢᠴᠠᠭᠤᠯᠪᠠᠯ᠂ ᠲᠣᠰ ᠣᠭᠲᠣᠯᠤᠭ᠋ᠠᠰᠤ ᠵᠢᠨ ᠤᠰᠤᠨ᠎ᠤ ᠴᠢᠨᠠᠷ᠎ᠲᠤ ᠢᠯᠡᠷᠬᠡᠶ ᠬᠤᠪᠢᠷᠠᠯᠲᠠ ᠭᠠᠷᠤᠭᠰᠠᠨ ᠥᠬᠡᠶ᠃ ᠡᠵᠡᠨ᠎ᠡ ᠭᠣᠤᠯ᠎ᠤᠨ ᠲᠠᠪᠤᠨ ᠰᠠᠷ᠎ᠠ ᠵᠢᠨ ᠨᠢᠭᠡᠨ᠎ᠤ ᠶᠡᠬᠡ ᠬᠥᠭᠥᠷᠭᠡ ᠵᠢᠨ ᠣᠭᠲᠣᠯᠤᠭ᠋ᠠᠰᠤ ᠵᠢᠨ ᠲᠣᠰ ᠰᠠᠷ᠎ᠠ ᠵᠢᠨ ᠰᠢᠯᠭ᠋ᠠᠷᠠᠭᠤᠯᠤᠯᠲᠠ᠎ᠳᠤ ᠣᠷᠣᠯᠴᠠᠭᠰᠠᠨ ᠤᠰᠤᠨ᠎ᠤ ᠴᠢᠨᠠᠷ᠎ᠤᠨ ᠭᠦᠢ᠍ᠴᠡᠳᠭᠡᠯ ᠲᠣᠭ᠎ᠠ᠎ᠨᠢ ᠴᠥᠮ Ⅱ ᠲᠥᠷᠥᠯ᠎ᠤᠨ ᠪᠠᠷᠢᠮᠵᠢᠶ᠎ᠠ ᠵᠢᠨ ᠬᠢᠵᠠᠭ᠋ᠠᠷ ᠬᠡᠮᠵᠢᠭᠳᠡᠯ᠎ᠳᠤ ᠬᠦᠷᠴᠦ᠂ ᠪᠠᠷᠢᠮᠵᠢᠶ᠎ᠠ᠎ᠠᠴᠠ ᠬᠡᠲᠦᠷᠡᠭᠰᠡᠨ ᠲᠥᠷᠥᠯ ᠵᠦᠢ᠍ᠯ ᠪᠠᠶ᠋ᠢᠬᠤ ᠥᠬᠡᠶ᠃ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠲᠠᠢ ᠬᠠᠷᠢᠴᠠᠭᠤᠯᠪᠠᠯ᠂ ᠲᠣᠰ ᠣᠭᠲᠣᠯᠤᠭ᠋ᠠᠰᠤ ᠵᠢᠨ ᠤᠰᠤᠨ᠎ᠤ ᠴᠢᠨᠠᠷ᠎ᠲᠤ ᠢᠯᠡᠷᠬᠡᠶ ᠬᠤᠪᠢᠷᠠᠯᠲᠠ ᠭᠠᠷᠤᠭᠰᠠᠨ ᠥᠬᠡᠶ᠃ ᠵᠢᠤᠢ ᠶᠠᠨ ᠬᠠᠶ (ᠵᠡᠭᠦᠨᠳᠡᠬᠢ) ᠵᠢᠨ ᠣᠭᠲᠣᠯᠤᠭ᠋ᠠᠰᠤ ᠵᠢᠨ ᠤᠰᠤᠨ᠎ᠤ ᠴᠢᠨᠠᠷ ᠮᠠᠭᠤ V ᠲᠥᠷᠥᠯ ᠪᠠᠶ᠋ᠢᠵᠤ᠂ ᠰᠢᠯᠭ᠋ᠠᠷᠠᠭᠤᠯᠤᠯᠲᠠ᠎ᠳᠤ ᠣᠷᠣᠯᠴᠠᠬᠤ ᠵᠢᠭ᠋ᠠᠯᠳᠠ ᠲᠣᠭ᠎ᠠ ᠵᠢᠨ ᠳᠣᠲᠣᠷ᠎ᠠ ᠬᠢᠮᠢ ᠵᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ (ᠮᠠᠭᠤ V ᠲᠥᠷᠥᠯ᠂ ᠪᠠᠷᠢᠮᠵᠢᠶ᠎ᠠ᠎ᠠᠴᠠ 1.30 ᠳᠠᠬᠢᠨ ᠬᠡᠲᠦᠷᠡᠭᠰᠡᠨ)᠂ ᠳᠡᠭᠡᠳᠦ ᠮᠠᠩᠭ᠋ᠠᠨ ᠬᠦᠴᠢᠯ᠎ᠤᠨ ᠳᠠᠪᠤᠰᠤᠨ᠎ᠤ ᠢᠯᠡᠳᠬᠡᠭᠴᠢ ᠲᠣᠭ᠎ᠠ (Ⅳ ᠲᠥᠷᠥᠯ᠂ ᠪᠠᠷᠢᠮᠵᠢᠶ᠎ᠠ᠎ᠠᠴᠠ 0.43 ᠳᠠᠬᠢᠨ ᠬᠡᠲᠦᠷᠡᠭᠰᠡᠨ)᠂ ᠲᠠᠪᠤᠨ ᠡᠳᠦᠷ᠎ᠤᠨ ᠠᠮᠢᠳᠤ ᠪᠣᠳᠠᠰ᠎ᠤᠨ ᠬᠢᠮᠢ ᠵᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ (V ᠲᠥᠷᠥᠯ᠂ ᠪᠠᠷᠢᠮᠵᠢᠶ᠎ᠠ᠎ᠠᠴᠠ 1.20 ᠳᠠᠬᠢᠨ ᠬᠡᠲᠦᠷᠡᠭᠰᠡᠨ) ᠪᠠᠷᠢᠮᠵᠢᠶ᠎ᠠ᠎ᠠᠴᠠ ᠬᠡᠲᠦᠷᠡᠭᠰᠡᠨ ᠪᠠᠶ᠋ᠢᠳᠠᠯ ᠢᠯᠡᠷᠡᠵᠡᠶ᠃ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠲᠠᠢ ᠬᠠᠷᠢᠴᠠᠭᠤᠯᠪᠠᠯ᠂ ᠤᠰᠤᠨ᠎ᠤ ᠴᠢᠨᠠᠷ ᠬᠤᠪᠢᠷᠠᠯᠲᠠ᠎ᠲᠠᠢ ᠪᠠᠶ᠋ᠢᠵᠤ᠂ V ᠲᠥᠷᠥᠯ᠎ᠠᠴᠠ ᠮᠠᠭᠤ V ᠲᠥᠷᠥᠯ᠎ᠳᠤ ᠬᠦᠷᠲᠡᠯ᠎ᠡ ᠪᠠᠭᠤᠷᠠᠵᠤ᠂ ᠤᠰᠤᠨ᠎ᠤ ᠴᠢᠨᠠᠷ᠎ᠤᠨ ᠲᠣᠭᠲᠠᠭᠰᠠᠨ ᠲᠥᠷᠥᠯ᠎ᠢ ᠪᠠᠭᠤᠷᠠᠭᠤᠯᠬᠤ ᠭᠦᠢ᠍ᠴᠡᠳᠭᠡᠯ ᠲᠣᠭ᠎ᠠ ᠪᠣᠯ ᠬᠢᠮᠢ ᠵᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ ᠪᠣᠯᠤᠨ᠎ᠠ᠃

      ᠬᠣᠶᠠᠷ᠂ ᠭᠠᠵᠠᠷ ᠳᠡᠭᠡᠷᠡᠬᠢ ᠤᠰᠤᠨ᠎ᠤ ᠠᠦ᠋ᠲ᠋ᠣ᠋ ᠥᠷᠲᠡᠭᠡ᠄ ᠪᠥᠬᠥ ᠠᠶ᠋ᠢᠮᠠᠭ᠎ᠲᠤ ᠤᠷᠤᠨ᠎ᠤ ᠡᠵᠡᠮᠳᠡᠯ ᠪᠦᠬᠦᠢ ᠤᠰᠤᠨ᠎ᠤ ᠴᠢᠨᠠᠷ᠎ᠤᠨ 1 ᠠᠦ᠋ᠲ᠋ᠣ᠋ ᠥᠷᠲᠡᠭᠡ᠎ᠨᠢ ᠵᠢᠤᠢ ᠶᠠᠨ ᠬᠠᠶ (ᠵᠡᠭᠦᠨᠳᠡᠬᠢ) ᠵᠢᠨ ᠤᠰᠤᠨ᠎ᠤ ᠴᠢᠨᠠᠷ᠎ᠤᠨ ᠠᠦ᠋ᠲ᠋ᠣ᠋ ᠬᠢᠨᠠᠨ ᠬᠡᠮᠵᠢᠬᠦ ᠥᠷᠲᠡᠭᠡ ᠪᠠᠶ᠋ᠢᠵᠤ᠂ ᠴᠠᠭ ᠲᠤᠬᠠᠶ᠎ᠳᠤᠨᠢ ᠠᠦ᠋ᠲ᠋ᠣ᠋ ᠬᠢᠨᠠᠨ ᠬᠡᠮᠵᠢᠨ᠎ᠡ᠃ ᠬᠢᠨᠠᠨ ᠬᠡᠮᠵᠢᠬᠦ ᠲᠦᠷᠦᠯ ᠵᠦᠢ᠍ᠯ᠎ᠳᠤ ᠤᠰᠤᠨ᠎ᠤ ᠳᠤᠯᠠᠭ᠋ᠠᠨ᠂ pH ᠬᠡᠮᠵᠢᠭᠳᠡᠯ᠂ ᠠᠭᠤᠰᠤᠮᠠᠬᠠᠢ ᠬᠦᠴᠢᠯᠲᠥ᠋ᠷᠥᠭᠴᠢ᠂ ᠴᠠᠬᠢᠯᠭ᠋ᠠᠨ ᠳᠠᠮᠵᠢᠭᠤᠯᠤᠮᠵᠢ᠂ ᠪᠤᠯᠠᠩᠭᠢᠷᠲᠤᠴᠠ᠂ ᠳᠡᠭᠡᠳᠦ ᠮᠠᠩᠭ᠋ᠠᠨ ᠬᠦᠴᠢᠯ᠎ᠤᠨ ᠳᠠᠪᠤᠰᠤᠨ᠎ᠤ ᠢᠯᠡᠳᠬᠡᠭᠴᠢ ᠲᠣᠭ᠎ᠠ᠂ ᠰᠢᠪᠲᠦᠷᠲᠦ ᠠᠽᠣᠲ᠂ ᠶᠡᠷᠦᠩᠬᠡᠢ ᠹᠣᠰᠹᠣᠷ᠂ ᠶᠡᠷᠦᠩᠬᠡᠢ ᠠᠽᠣᠲ ᠵᠡᠷᠭᠡ 9 ᠵᠦᠢ᠍ᠯ ᠪᠤᠢ᠃ ᠵᠢᠤᠢ ᠶᠠᠨ ᠬᠠᠶ (ᠵᠡᠭᠦᠨᠳᠡᠬᠢ) ᠵᠢᠨ ᠣᠭᠲᠣᠯᠤᠭ᠋ᠠᠰᠤ ᠵᠢᠨ ᠤᠰᠤᠨ᠎ᠤ ᠴᠢᠨᠠᠷ᠎ᠢ ᠠᠦ᠋ᠲ᠋ᠣ᠋ ᠬᠢᠨᠠᠨ ᠬᠡᠮᠵᠢᠬᠦ ᠥᠷᠲᠡᠭᠡ ᠴᠡᠭ᠎ᠤᠨ ᠲᠣᠰ ᠰᠠᠷ᠎ᠠ ᠵᠢᠨ ᠤᠰᠤᠨ᠎ᠤ ᠴᠢᠨᠠᠷ᠎ᠤᠨ ᠦᠨᠡᠯᠡᠯᠲᠡ ᠵᠢᠨ ᠵᠢᠭ᠋ᠠᠯᠳᠠ ᠲᠣᠭ᠎ᠠ᠎ᠨᠢ ᠳᠡᠭᠡᠳᠦ ᠮᠠᠩᠭ᠋ᠠᠨ ᠬᠦᠴᠢᠯ᠎ᠤᠨ ᠳᠠᠪᠤᠰᠤᠨ᠎ᠤ ᠢᠯᠡᠳᠬᠡᠭᠴᠢ ᠲᠣᠭ᠎ᠠ᠂ ᠰᠢᠪᠲᠦᠷᠲᠦ ᠠᠽᠣᠲ᠂ ᠶᠡᠷᠦᠩᠬᠡᠶ ᠹᠣᠰᠹᠣᠷ ᠪᠣᠯᠤᠨ᠎ᠠ᠂ ᠪᠦᠲᠦᠮᠵᠢᠲᠡᠶ ᠬᠢᠨᠠᠨ ᠬᠡᠮᠵᠢᠭᠰᠡᠨ ᠦᠷ᠎ᠡ ᠳ᠋ᠦᠩ᠎ᠳᠤ ᠤᠰᠤᠨ᠎ᠤ ᠴᠢᠨᠠᠷ᠎ᠢ V ᠲᠥᠷᠥᠯ ᠵᠶ᠋ᠠᠷ ᠦᠨᠡᠯᠡᠵᠦ᠂ ᠭᠣᠤᠯ ᠪᠣᠬᠢᠷᠲᠤᠯ ᠪᠣᠳᠠᠰ᠎ᠨᠢ ᠳᠡᠭᠡᠳᠦ ᠮᠠᠩᠭ᠋ᠠᠨ ᠬᠦᠴᠢᠯ᠎ᠤᠨ ᠳᠠᠪᠤᠰᠤᠨ᠎ᠤ ᠢᠯᠡᠳᠬᠡᠭᠴᠢ ᠲᠣᠭ᠎ᠠ ᠪᠣᠯᠤᠨ᠎ᠠ᠃

      ᠭᠤᠷᠪᠠ᠂ ᠤᠯᠤᠰ᠎ᠤᠨ ᠰᠢᠯᠭ᠋ᠠᠨ ᠠᠪᠬᠤ ᠡᠵᠡᠮᠳᠡᠯ ᠪᠦᠬᠦᠢ ᠣᠭᠲᠣᠯᠤᠭ᠋ᠠᠰᠤ ᠵᠢᠨ ᠭᠣᠤᠯ ᠮᠥᠷᠡᠨ᠎ᠤ ᠭᠠᠵᠠᠷ᠎ᠤᠨ ᠭᠠᠳᠠᠷᠭᠤ ᠵᠢᠨ ᠤᠰᠤ ᠵᠢ ᠨᠢᠭᠤᠴᠠᠯᠠᠬᠤ ᠬᠢᠨᠠᠨ ᠬᠡᠮᠵᠢᠯᠲᠡ᠄ ᠲᠣᠰ ᠰᠠᠷ᠎ᠠ᠎ᠳᠤ ᠵᠥᠪᠬᠡᠨ ᠬᠠᠲᠤᠨ ᠭᠣᠤᠯ᠎ᠤᠨ ᠰᠠᠨ ᠱᠧᠩ ᠬᠥᠩ᠎ᠤᠨ ᠣᠭᠲᠣᠯᠤᠭ᠋ᠠᠰᠤ ᠵᠢᠨ ᠭᠠᠳᠠᠷᠭᠤ᠎ᠳᠤ ᠨᠢᠭᠤᠴᠠᠯᠠᠬᠤ ᠬᠢᠨᠠᠨ ᠬᠡᠮᠵᠢᠯᠲᠡ ᠬᠢᠵᠦ᠂ ᠡᠵᠡᠨ᠎ᠡ ᠭᠣᠤᠯ᠎ᠤᠨ ᠡᠵᠡᠨ᠎ᠡ ᠬᠥᠭᠥᠷᠭᠡ ᠵᠢᠨ ᠣᠭᠲᠣᠯᠤᠭ᠋ᠠᠰᠤ ᠵᠢᠨ ᠲᠣᠰ ᠰᠠᠷ᠎ᠠ᠎ᠳᠤ ᠤᠰᠤ ᠥᠬᠡᠶ ᠬᠠᠳᠠᠵᠤ᠂ ᠥᠯᠢᠭᠡᠷ ᠠᠪᠴᠤ ᠬᠢᠨᠠᠨ ᠬᠡᠮᠵᠢᠵᠦ ᠳᠡᠶ᠋ᠢᠯᠦᠭᠰᠡᠨ ᠥᠬᠡᠶ᠃ ᠲᠤᠰ ᠰᠠᠷ᠎ᠠ᠎ᠳᠤ ᠬᠠᠲᠤᠨ ᠭᠣᠣᠯ᠎ᠤᠨ ᠰᠠᠨ ᠱᠧᠩ ᠭᠦᠩ᠎ᠤᠨ ᠣᠭᠲᠣᠯᠤᠭ᠋ᠠᠰᠤ ᠵᠢ 《9+X》 ᠵᠶ᠋ᠠᠷ ᠬᠢᠨᠠᠨ ᠬᠡᠮᠵᠢᠵᠦ᠂ ᠤᠰᠤᠨ᠎ᠤ ᠳᠤᠯᠠᠭ᠋ᠠᠨ᠂ pH ᠬᠡᠮᠵᠢᠭᠳᠡᠯ᠂ ᠠᠭᠤᠰᠤᠭᠰᠠᠨ ᠬᠦᠴᠢᠯᠲᠥ᠋ᠷᠥᠭᠴᠢ᠂ ᠪᠤᠯᠠᠩᠭᠢᠷᠲᠤᠴᠠ᠂ ᠴᠠᠬᠢᠯᠭ᠋ᠠᠨ ᠳᠠᠮᠵᠢᠭᠤᠯᠤᠮᠵᠢ᠂ ᠳᠡᠭᠡᠳᠦ ᠮᠠᠩᠭ᠋ᠠᠨ ᠬᠦᠴᠢᠯ᠎ᠤᠨ ᠳᠠᠪᠤᠰᠤᠨ᠎ᠤ ᠢᠯᠡᠳᠬᠡᠭᠴᠢ ᠲᠣᠭ᠎ᠠ᠂ ᠰᠢᠪᠲᠦᠷᠲᠦ ᠠᠽᠣᠲ᠂ ᠶᠡᠷᠦᠩᠬᠡᠶ ᠹᠣᠰᠹᠣᠷ᠂ ᠶᠡᠷᠦᠩᠬᠡᠶ ᠠᠽᠣᠲ ᠵᠡᠷᠭᠡ 9 ᠵᠦᠢ᠍ᠯ᠎ᠢ ᠬᠢᠨᠠᠨ ᠬᠡᠮᠵᠢᠪᠡ᠃ ᠬᠢᠨᠠᠨ ᠬᠡᠮᠵᠢᠭᠰᠡᠨ ᠳ᠋ᠦᠩ᠎ᠠᠴᠠ ᠦᠵᠡᠪᠡᠯ᠂ ᠬᠠᠲᠤᠨ ᠭᠣᠤᠯ᠎ᠤᠨ ᠰᠠᠨ ᠱᠧᠩ ᠬᠥᠩ᠎ᠤᠨ ᠣᠭᠲᠣᠯᠤᠭ᠋ᠠᠰᠤ ᠵᠢᠨ ᠲᠣᠰ ᠰᠠᠷ᠎ᠠ ᠵᠢᠨ ᠤᠰᠤᠨ᠎ᠤ ᠴᠢᠨᠠᠷ᠎ᠤᠨ ᠦᠨᠡᠯᠡᠯᠲᠡ᠎ᠳᠤ ᠣᠷᠣᠯᠴᠠᠬᠤ ᠭᠦᠢ᠍ᠴᠡᠳᠭᠡᠯ ᠲᠣᠭ᠎ᠠ᠎ᠨᠢ ᠴᠥᠮ Ⅱ ᠲᠥᠷᠥᠯ ᠪᠠᠶ᠋ᠢᠵᠤ᠂ ᠤᠰᠤᠨ᠎ᠤ ᠴᠢᠨᠠᠷ ᠵᠶ᠋ᠠᠷ ᠰᠠᠶ᠋ᠢᠨ ᠪᠠᠶ᠋ᠢᠨ᠎ᠠ᠃ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ ᠲᠣᠭ᠎ᠠ ᠪᠠᠷᠢᠮᠲᠠ ᠦᠭᠡᠶ ᠪᠣᠯᠬᠣᠷ ᠡᠨᠳᠡ ᠠᠳᠠᠯᠢᠳᠬᠠᠬᠤ ᠦᠭᠡᠶ᠃   

      ᠳᠥᠷᠪᠡ᠂ ᠲᠤᠰᠬᠠᠶ ᠣᠷᠣᠨ᠎ᠤ ᠬᠣᠲᠠ ᠵᠢᠨ ᠱᠠᠲᠤᠨ᠎ᠤ ᠬᠣᠲᠠ ᠪᠠᠯᠭ᠋ᠠᠰᠤ ᠵᠢᠨ ᠲᠦᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠄ ᠬᠡᠷᠡᠭᠯᠡᠵᠦ ᠪᠠᠶ᠋ᠢᠭ᠎ᠠ ᠤᠰᠤᠨ᠎ᠤ ᠡᠬᠢ ᠰᠤᠷᠪᠤᠯᠵᠢ ᠵᠢᠨ ᠭᠠᠵᠠᠷ ᠨᠡᠶ᠋ᠢᠲᠡ 3 ᠪᠠᠶ᠋ᠢᠵᠤ᠂ ᠲᠣᠰ ᠲᠣᠰ ᠬᠠᠯᠠᠦ᠋ ᠵᠢᠨ ᠤᠰᠤᠨ᠎ᠤ ᠡᠬᠢ ᠰᠤᠷᠪᠤᠯᠵᠢ ᠵᠢᠨ ᠭᠠᠵᠠᠷ ᠪᠠ ᠱᠦᠶ ᠮᠦᠸᠸ ᠵᠢᠨ ᠭᠣᠤ ᠵᠢᠨ ᠤᠰᠤᠨ᠎ᠤ ᠡᠬᠢ ᠰᠤᠷᠪᠤᠯᠵᠢ ᠵᠢᠨ ᠭᠠᠵᠠᠷ᠎ᠢ ᠬᠡᠷᠡᠭᠯᠡᠵᠦ ᠪᠠᠶ᠋ᠢᠭ᠎ᠠ ᠨᠠᠭᠤᠷ ᠴᠥᠭᠥᠷᠥᠮ᠎ᠤᠨ ᠬᠡᠯᠪᠡᠷᠢ ᠵᠢᠨ ᠭᠠᠵᠠᠷ ᠳᠡᠭᠡᠷᠡᠬᠢ ᠤᠰᠤᠨ᠎ᠤ ᠡᠬᠢ ᠰᠤᠷᠪᠤᠯᠵᠢ ᠵᠢᠨ 2 ᠭᠠᠵᠠᠷ ᠵᠢᠴᠢ ᠪᠠᠶᠠᠨᠬᠣᠲᠠ ᠵᠢᠴᠢ ᠵᠠᠮ ᠳᠠᠭ᠋ᠠᠤ ᠵᠢᠨ ᠰᠤᠮᠤ ᠪᠠᠯᠭ᠋ᠠᠰᠤ ᠵᠢᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠎ᠢ ᠬᠡᠷᠡᠭᠯᠡᠵᠦ ᠪᠠᠶ᠋ᠢᠭ᠎ᠠ ᠭᠠᠵᠠᠷ ᠳᠣᠤᠷᠠᠬᠢ ᠤᠰᠤᠨ᠎ᠤ ᠬᠡᠯᠪᠡᠷᠢ ᠵᠢᠨ ᠤᠰᠤᠨ᠎ᠤ ᠡᠬᠢ ᠰᠤᠷᠪᠤᠯᠵᠢ ᠵᠢᠨ 1 ᠭᠠᠵᠠᠷ ᠪᠣᠯᠤᠨ᠎ᠠ᠃ ᠲᠣᠰ ᠰᠠᠷ᠎ᠠ᠎ᠳᠤ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠡᠩ᠎ᠤᠨ ᠬᠢᠨᠠᠨ ᠬᠡᠮᠵᠢᠯᠲᠡ ᠵᠢ ᠥᠷᠨᠢᠭᠦᠯᠵᠦ᠂ ᠡᠭᠦᠨ᠎ᠳᠤ ᠭᠠᠵᠠᠷ ᠳᠡᠭᠡᠷᠡᠬᠢ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠬᠢᠨᠠᠨ ᠬᠡᠮᠵᠢᠯᠲᠡ ᠵᠢᠨ 62 ᠵᠦᠢ᠍ᠯ᠎ᠤᠨ ᠭᠦᠢ᠍ᠴᠡᠳᠭᠡᠯ ᠲᠣᠭ᠎ᠠ (ᠢᠯᠡ ᠲᠣᠳᠣ ᠵᠢᠨ ᠬᠡᠮᠵᠢᠶ᠎ᠡ ᠪᠠ ᠨᠠᠪᠴᠢᠨ᠎ᠤ ᠨᠣᠭᠣᠭ᠋ᠠᠨ ᠡᠳ᠋ a ᠬᠣᠶᠠᠷ ᠵᠦᠢ᠍ᠯ᠎ᠤᠨ ᠭᠦᠢ᠍ᠴᠡᠳᠭᠡᠯ ᠲᠣᠭ᠎ᠠ ᠵᠢ ᠬᠠᠮᠲᠤ᠎ᠳᠤᠨᠢ ᠨᠡᠮᠡᠵᠦ ᠬᠡᠮᠵᠢᠨ᠎ᠡ)᠂ ᠭᠠᠵᠠᠷ ᠳᠣᠤᠷᠠᠬᠢ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠬᠢᠨᠠᠨ ᠬᠡᠮᠵᠢᠯᠲᠡ ᠵᠢᠨ ᠬᠢᠨᠠᠨ ᠬᠡᠮᠵᠢᠯᠲᠡ᠎ᠳᠤ ᠬᠡᠷᠡᠭᠯᠡᠬᠦ ᠭᠠᠵᠠᠷ᠎ᠤᠨ ᠬᠣᠲᠠ ᠵᠢᠨ ᠱᠠᠲᠤᠨ᠎ᠤ ᠲᠥᠪᠯᠡᠷᠡᠩᠭᠦᠶ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ 39 ᠭᠠᠵᠠᠷ᠂ ᠬᠠᠯᠠᠦ᠋ ᠤᠰᠤᠨ᠎ᠤ ᠡᠬᠢ ᠰᠤᠷᠪᠤᠯᠵᠢ ᠵᠢᠨ ᠭᠠᠵᠠᠷ᠂ ᠱᠦᠶ ᠮᠦᠸᠸ ᠵᠢᠨ ᠭᠤᠤ ᠵᠢᠨ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠦᠨᠡᠯᠡᠯᠲᠡ᠎ᠳᠤ ᠣᠷᠣᠯᠴᠠᠭᠰᠠᠨ 3 ᠦᠨᠳᠦᠰᠦᠨ ᠲᠥᠷᠥᠯ ᠵᠦᠢ᠍ᠯ (ᠶᠡᠷᠦᠩᠬᠡᠶ ᠠᠽᠣᠲ᠎ᠠᠴᠠ ᠭᠠᠳᠠᠨ᠎ᠠ᠂ ᠨᠠᠭᠤᠷ ᠴᠥᠭᠥᠷᠥᠮ᠎ᠤᠨ ᠭᠠᠵᠠᠷ᠎ᠤᠨ ᠭᠠᠳᠠᠷᠭᠤ ᠵᠢᠨ ᠤᠰᠤᠨ᠎ᠤ ᠦᠨᠡᠯᠡᠯᠲᠡ᠎ᠳᠤ ᠲᠤᠰᠠᠭ᠋ᠠᠷ ᠣᠷᠣᠯᠴᠠᠬᠤ ᠥᠬᠡᠶ)᠂ ᠨᠥᠬᠥᠪᠥᠷᠢ ᠲᠥᠷᠥᠯ ᠵᠦᠢ᠍ᠯ᠂ ᠣᠨᠴᠠ ᠲᠣᠭᠲᠠᠭ᠋ᠠᠭᠰᠠᠨ ᠲᠥᠷᠥᠯ ᠵᠦᠢ᠍ᠯ᠎ᠤᠨ ᠬᠢᠨᠠᠨ ᠬᠡᠮᠵᠢᠯᠲᠡ ᠵᠢᠨ ᠬᠡᠮᠵᠢᠭᠳᠡᠯ᠎ᠨᠢ ᠴᠥᠮ Ⅲ ᠲᠥᠷᠥᠯ᠎ᠤᠨ ᠪᠠᠷᠢᠮᠵᠢᠶ᠎ᠠ᠎ᠳᠤ ᠬᠥᠷᠪᠡ᠃ ᠯᠠᠪᠯᠠᠯᠲᠠ ᠵᠢᠨ ᠵᠢᠭ᠋ᠠᠯᠳᠠ ᠲᠣᠭ᠎ᠠ ᠵᠢᠨ ᠬᠤᠪᠢ᠎ᠪᠠᠷ ᠲᠤᠰᠠᠭ᠋ᠠᠷ ᠦᠨᠡᠯᠡᠬᠦ ᠦᠶ᠎ᠡ᠎ᠳᠤ᠂ ᠬᠠᠯᠠᠦ᠋ ᠵᠢᠨ ᠤᠰᠤᠨ ᠰᠤᠷᠪᠤᠯᠵᠢ ᠵᠢᠨ ᠭᠠᠵᠠᠷ᠎ᠤᠨ ᠬᠢᠨᠠᠨ ᠬᠡᠮᠵᠢᠬᠦ ᠵᠢᠭ᠋ᠠᠯᠳᠠ ᠲᠣᠭ᠎ᠠ ᠵᠢᠨ ᠳᠣᠲᠣᠷᠠᠬᠢ ᠶᠡᠷᠦᠩᠬᠡᠶ ᠠᠽᠣᠲ᠎ᠨᠢ Ⅲ ᠲᠥᠷᠥᠯ᠎ᠤᠨ ᠪᠠᠷᠢᠮᠵᠢᠶ᠎ᠠ ᠵᠢᠨ ᠬᠢᠵᠠᠭ᠋ᠠᠷ ᠬᠡᠮᠵᠢᠭᠳᠡᠯ᠎ᠠᠴᠠ 0.74 ᠳᠠᠬᠢᠨ ᠳᠠᠪᠠᠵᠤ᠂ ᠤᠰᠤᠨ ᠲᠡᠭᠡᠷᠮ᠎ᠡ ᠵᠢᠨ ᠭᠤᠤ ᠵᠢᠨ ᠤᠰᠤᠨ ᠰᠤᠷᠪᠤᠯᠵᠢ ᠵᠢᠨ ᠭᠠᠵᠠᠷ᠎ᠤᠨ ᠬᠢᠨᠠᠨ ᠬᠡᠮᠵᠢᠬᠦ ᠵᠢᠭ᠋ᠠᠯᠳᠠ ᠲᠣᠭ᠎ᠠ ᠵᠢᠨ ᠳᠣᠲᠣᠷᠠᠬᠢ ᠶᠡᠷᠦᠩᠬᠡᠶ ᠠᠽᠣᠲ᠎ᠨᠢ Ⅲ ᠲᠥᠷᠥᠯ᠎ᠤᠨ ᠪᠠᠷᠢᠮᠵᠢᠶ᠎ᠠ ᠵᠢᠨ ᠬᠢᠵᠠᠭ᠋ᠠᠷ ᠬᠡᠮᠵᠢᠭᠳᠡᠯ᠎ᠠᠴᠠ 0.87 ᠳᠠᠬᠢᠨ ᠳᠠᠪᠠᠭᠰᠠᠨ ᠪᠠᠶ᠋ᠢᠨ᠎ᠠ᠃ ᠪᠠᠶᠠᠨᠬᠣᠲᠠ ᠵᠢᠴᠢ ᠵᠠᠮ ᠳᠠᠭ᠋ᠠᠤ ᠵᠢᠨ ᠰᠤᠮᠤ ᠪᠠᠯᠭ᠋ᠠᠰᠤ ᠵᠢᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠣᠷᠣᠨ᠎ᠤ ᠤᠰᠤᠨ᠎ᠤ ᠴᠢᠨᠠᠷ᠎ᠤᠨ 39 ᠵᠦᠢ᠍ᠯ᠎ᠤᠨ ᠭᠦᠢ᠍ᠴᠡᠳᠭᠡᠯ ᠲᠣᠭ᠎ᠠ ᠵᠢᠨ ᠬᠢᠨᠠᠨ ᠬᠡᠮᠵᠢᠭᠰᠡᠨ ᠬᠡᠮᠵᠢᠭᠳᠡᠯ᠎ᠨᠢ ᠴᠥᠮ Ⅲ ᠲᠥᠷᠥᠯ᠎ᠤᠨ ᠪᠠᠷᠢᠮᠵᠢᠶ᠎ᠠ᠎ᠳᠤ ᠬᠥᠷᠪᠡ᠃ ᠶᠡᠷᠦᠩᠬᠡᠶ᠎ᠳᠤ᠎ᠪᠠᠨ ᠡᠯ᠎ᠡ ᠤᠰᠤᠨ ᠰᠤᠷᠪᠤᠯᠵᠢ ᠵᠢᠨ ᠭᠠᠵᠠᠷ᠎ᠤᠨ ᠤᠰᠤᠨ᠎ᠤ ᠴᠢᠨᠠᠷ ᠲᠣᠭᠲᠠᠭᠤᠨ ᠪᠠᠶ᠋ᠢᠨ᠎ᠠ ᠬᠢᠵᠠᠭ᠋ᠠᠷᠯᠠᠬᠤ ᠴᠢᠨᠠᠷᠲᠠᠶ ᠰᠢᠯᠭ᠋ᠠᠨ ᠬᠢᠨᠠᠬᠤ ᠵᠢᠭ᠋ᠠᠯᠳᠠ ᠲᠣᠭ᠎ᠠ ᠵᠢ ᠪᠠᠷᠢᠮᠵᠢᠶᠠᠯᠠᠵᠤ᠂ ᠬᠠᠯᠠᠦ᠋ ᠵᠢᠨ ᠤᠰᠤᠨ᠎ᠤ ᠡᠬᠢ ᠰᠤᠷᠪᠤᠯᠵᠢ ᠵᠢᠨ ᠭᠠᠵᠠᠷ᠂ ᠱᠦᠶ ᠮᠦᠸᠸ ᠵᠢᠨ ᠭᠤᠤ ᠵᠢᠨ ᠤᠰᠤᠨ᠎ᠤ ᠡᠬᠢ ᠰᠤᠷᠪᠤᠯᠵᠢ ᠵᠢᠨ ᠭᠠᠵᠠᠷ᠂ ᠪᠠᠶᠠᠨᠬᠣᠲᠠ ᠵᠢᠴᠢ ᠵᠠᠮ ᠳᠠᠭ᠋ᠠᠤ ᠵᠢᠨ ᠰᠤᠮᠤ ᠪᠠᠯᠭ᠋ᠠᠰᠤ ᠵᠢᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠎ᠨᠢ ᠴᠥᠮ 《ᠤᠰᠤᠨ᠎ᠤ ᠴᠢᠨᠠᠷ᠎ᠢ Ⅲ ᠲᠥᠷᠥᠯ᠎ᠤᠨ ᠪᠠᠷᠢᠮᠵᠢᠶ᠎ᠠ᠎ᠳᠤ ᠬᠦᠷᠦᠭᠦᠯᠬᠦ》 ᠰᠢᠯᠭ᠋ᠠᠨ ᠬᠢᠨᠠᠬᠤ ᠬᠠᠷᠠᠯᠲᠠ᠎ᠳᠤ ᠬᠦᠷᠭᠡᠪᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠯᠢ ᠪᠢᠩ ᠷᠥᠩ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠭᠣᠣᠯ ᠰᠡᠳᠦᠪᠲᠦ ᠬᠥᠮᠦᠵᠢᠯ᠎ᠤᠨ ᠠᠵᠢᠯ᠎ᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠣᠭᠣᠳᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠡᠷᠲᠡ᠎ᠠᠴᠠ ᠲᠣᠬᠢᠷᠠᠭᠤᠯᠤᠨ ᠪᠠᠢ᠌ᠷᠢᠯᠠᠭᠤᠯᠵᠤ ᠭᠣᠣᠯᠳᠠᠯᠭ᠎ᠠ᠎ᠲᠠᠢ ᠰᠠᠪᠠ ᠭᠠᠵᠠᠷ᠎ᠤᠨ ᠭᠣᠣᠯᠳᠠᠯᠭ᠎ᠠ᠎ᠲᠠᠢ ᠴᠠᠭ᠎ᠤᠨ ᠤᠰᠤᠨ᠎ᠤ ᠶᠠᠰᠤ ᠴᠢᠨᠠᠷ᠎ᠤᠨ ᠬᠢᠨᠠᠨ ᠬᠠᠮᠢᠶᠠᠷᠤᠯᠲᠠ ᠵᠢ ᠪᠦᠬᠦ ᠬᠦᠴᠦᠨ ᠵᠶ᠋ᠠᠷ ᠰᠠᠢ᠌ᠲᠤᠷ ᠠᠳᠬᠤᠨ᠎ᠠ
 
             蒙ICP备05000248号