ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠤᠰᠤᠨ᠎ᠤ ᠣᠷᠴᠢᠨ ᠲᠣᠭᠤᠷᠢᠨ᠎ᠤ ᠬᠠᠮᠢᠶᠠᠷᠤᠯᠲᠠ
ᠯᠢ ᠪᠢᠩ ᠷᠥᠩ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠭᠣᠣᠯ ᠰᠡᠳᠦᠪᠲᠦ ᠬᠥᠮᠦᠵᠢᠯ᠎ᠤᠨ ᠠᠵᠢᠯ᠎ᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠣᠭᠣᠳᠪᠠ
ᠨᠡᠶ᠋ᠢᠲᠡᠯᠡᠭᠰᠡᠨ ᠴᠠᠭ᠄ 2023-09-19

      ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠳᠡᠳ᠋ ᠡᠷᠬᠢᠯᠡᠭᠴᠢ ᠯᠢ ᠪᠢᠩ ᠷᠥᠩ ᠬᠥᠬᠡᠬᠣᠲᠠ ᠵᠢᠨ᠎ᠪᠠᠨ ᠳ᠋ᠢᠩ ᠶᠢᠩ᠎ᠤᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠭᠤᠷᠪᠠᠳᠤᠭ᠋ᠠᠷ ᠬᠤᠭᠤᠴᠠᠭ᠎ᠠ ᠵᠡᠷᠭᠡ ᠭᠠᠵᠠᠷ᠎ᠲᠤ ᠪᠠᠢ᠌ᠴᠠᠭ᠋ᠠᠨ ᠰᠤᠳᠤᠯᠤᠯᠲᠠ ᠬᠢᠵᠦ᠂ ᠡᠭᠦᠨ᠎ᠤ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠭᠤᠯᠬᠤ ᠭᠣᠣᠯ ᠰᠡᠳᠦᠪᠲᠦ ᠬᠥᠮᠦᠵᠢᠯ᠎ᠤᠨ ᠠᠬᠢᠴᠠ ᠵᠢᠨ ᠪᠥᠬᠥ ᠣᠷᠣᠨ᠎ᠤ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ ᠪᠣᠯᠣᠨ ᠬᠥᠬᠡᠬᠣᠲᠠ ᠵᠢᠨ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠪᠠᠶ᠋ᠢᠳᠠᠯ᠎ᠢ ᠨᠠᠷᠢᠨ ᠣᠢ᠌ᠯᠠᠭ᠋ᠠᠵᠤ᠂ ᠭᠣᠣᠯ ᠰᠡᠳᠦᠪᠲᠦ ᠬᠥᠮᠦᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠵᠤ᠂ ᠰᠤᠷᠤᠯᠴᠠᠬᠤ᠎ᠪᠠᠷ ᠠᠵᠢᠯᠯᠠᠬᠤ ᠵᠢ ᠠᠬᠢᠭᠤᠯᠤᠨ ᠪᠥᠬᠥ ᠣᠷᠣᠨ᠎ᠤ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠪᠡᠬᠢᠵᠢᠭᠦᠯᠦᠨ ᠳᠡᠭᠡᠭᠰᠢᠯᠡᠭᠦᠯᠬᠦ ᠲᠠᠯ᠎ᠠ᠎ᠪᠠᠷ ᠤᠯᠠᠨ᠎ᠲᠠᠢ ᠪᠤᠳᠤᠯ ᠰᠠᠨᠠᠯ ᠵᠶ᠋ᠠᠨ ᠰᠣᠯᠢᠯᠴᠠᠪᠠ᠃

      ᠯᠢ ᠪᠢᠩ ᠷᠥᠩ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ᠎ᠬᠢᠨ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠠᠬᠢᠭᠤᠯᠵᠤ᠂ ᠪᠣᠳᠠᠲᠠᠢ ᠠᠷᠭ᠎ᠠ ᠬᠡᠮᠵᠢᠶ᠎ᠡ ᠠᠪᠬᠤ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ ᠵᠢ ᠪᠠᠷᠢᠮᠲᠠᠯᠠᠵᠤ᠂ ᠭᠣᠣᠯ ᠰᠡᠳᠦᠪᠲᠦ ᠬᠥᠮᠦᠵᠢᠯ᠎ᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠯᠤᠭ᠎ᠠ ᠨᠢᠭᠲᠠ ᠤᠶᠠᠯᠳᠤᠭᠤᠯᠤᠨ᠂ ᠭᠣᠣᠯᠳᠠᠯᠭ᠎ᠠ᠎ᠲᠠᠢ ᠰᠠᠪᠠ ᠭᠠᠵᠠᠷ᠎ᠤᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠂ 《ᠬᠥᠯᠥᠨ ᠨᠠᠭᠤᠷ᠂ ᠲᠠᠭ᠎ᠠ ᠵᠢᠨ ᠨᠠᠭᠤᠷ᠂ ᠤᠯᠠᠭ᠋ᠠᠨᠰᠤᠬᠠᠢ》 ᠵᠢ ᠶᠡᠷᠦᠩᠬᠡᠢ᠌ᠯᠡᠨ ᠵᠠᠰᠠᠬᠤ᠂ ᠬᠣᠲᠠ ᠪᠠᠯᠭ᠋ᠠᠰᠤ ᠪᠠ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢ ᠪᠠᠷᠢᠮᠵᠢᠶ᠎ᠠ᠎ᠳᠤ ᠬᠦᠷᠦᠭᠦᠯᠦᠨ ᠬᠢᠨᠠᠨ ᠬᠠᠮᠢᠶᠠᠷᠬᠤ ᠵᠡᠷᠭᠡ ᠭᠣᠣᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠬᠤ ᠵᠢ ᠦᠷᠭᠦᠯᠵᠢᠯᠡᠨ ᠠᠬᠢᠭᠤᠯᠵᠤ᠂ ᠪᠥᠬᠥ ᠣᠷᠣᠨ᠎ᠤ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠤᠭᠰᠠᠨ ᠦᠷ᠎ᠡ ᠪᠦᠲᠦᠮᠵᠢ ᠢᠯᠡᠳᠲᠡ ᠪᠣᠯᠪᠠ᠃ 《ᠦᠵᠡᠯ ᠰᠠᠨᠠᠭ᠎ᠠ ᠵᠢ ᠰᠤᠷᠤᠯᠴᠠᠨ᠂ ᠨᠠᠮᠴᠢ ᠴᠢᠨᠠᠷ᠎ᠢ ᠴᠢᠩᠭ᠋ᠠᠳᠬᠠᠵᠤ᠂ ᠦᠢ᠍ᠯᠡᠳᠦᠯᠭᠡ ᠵᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠢ᠌ᠭᠤᠯᠬᠤ》 ᠶᠡᠷᠦᠩᠬᠡᠢ ᠱᠠᠭ᠋ᠠᠷᠳᠠᠯᠭ᠎ᠠ ᠵᠢ ᠪᠠᠲᠤ ᠡᠵᠡᠮᠳᠡᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠭᠦᠷᠭᠡᠲᠦ ᠪᠤᠳᠤᠯ ᠪᠣᠯᠣᠨ ᠬᠠᠷᠢᠭᠤᠴᠠᠯᠭ᠋ᠠᠲᠤ ᠰᠡᠳᠬᠢᠯᠭᠡ᠎ᠪᠠᠨ ᠴᠢᠩᠭ᠋ᠠᠳᠬᠠᠵᠤ᠂ ᠰᠤᠷᠤᠯᠴᠠᠬᠤ᠎ᠪᠠᠷ ᠠᠵᠢᠯᠯᠠᠬᠤ ᠵᠢ ᠠᠬᠢᠭᠤᠯᠬᠤ ᠲᠠᠯ᠎ᠠ᠎ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ᠃ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ᠎ᠳᠠᠬᠢ ᠪᠠᠶ᠋ᠢᠷᠢ ᠲᠣᠭᠲᠠᠭ᠋ᠠᠯᠲᠠ ᠪᠣᠯᠣᠨ ᠬᠠᠷᠠᠯᠲᠠ ᠵᠢ ᠣᠨᠣᠪᠴᠢᠲᠠᠢ ᠡᠷᠢᠨ ᠣᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ ᠲᠠᠯ᠎ᠠ᠎ᠪᠠᠷ ᠲᠦᠷᠦᠭᠦᠯᠡᠵᠦ᠂ ᠥᠯᠢᠭᠡᠷ ᠳᠠᠭᠤᠷᠢᠶᠠᠯ ᠪᠣᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ ᠸᠠᠩ ᠢ ᠯᠢᠩ ᠶᠠᠷᠢᠯᠴᠠᠬᠤ ᠬᠤᠷᠠᠯ᠎ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠣᠷᠴᠢᠨ ᠲᠣᠭᠣᠷᠢᠨ ᠡᠬᠢ ᠪᠠᠶᠠᠯᠢᠭ᠎ᠤᠨ ᠬᠠᠮᠠᠭ᠋ᠠᠯᠠᠯᠲᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠵᠥᠪᠯᠡᠯ᠎ᠤᠨ ᠡᠷᠬᠢᠯᠡᠭᠴᠢ ᠯᠢᠦ ᠸᠠᠨ ᠢᠦᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠭᠣᠣᠯ ᠰᠡᠳᠦᠪᠲᠦ ᠬᠥᠮᠦᠵᠢᠯ᠎ᠤᠨ ᠲᠠᠪᠤᠳᠤᠭ᠋ᠠᠷ ᠲᠣᠭᠣᠷᠢᠨ ᠵᠢᠯᠤᠭᠣᠳᠬᠤ ᠳᠤᠭᠤᠢ᠌ᠯᠠᠩ᠎ᠤᠨ ᠬᠠᠮᠢᠶ᠎ᠠ ᠪᠦᠬᠦᠢ ᠨᠥᠬᠥᠳ ᠪᠠᠷ᠎ᠠ ᠪᠣᠯᠵᠤ ᠪᠠᠢ᠌ᠴᠠᠭ᠋ᠠᠨ ᠰᠤᠳᠤᠯᠤᠯᠲᠠ ᠬᠢᠪᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠡᠷᠲᠡ᠎ᠠᠴᠠ ᠲᠣᠬᠢᠷᠠᠭᠤᠯᠤᠨ ᠪᠠᠢ᠌ᠷᠢᠯᠠᠭᠤᠯᠵᠤ ᠭᠣᠣᠯᠳᠠᠯᠭ᠎ᠠ᠎ᠲᠠᠢ ᠰᠠᠪᠠ ᠭᠠᠵᠠᠷ᠎ᠤᠨ ᠭᠣᠣᠯᠳᠠᠯᠭ᠎ᠠ᠎ᠲᠠᠢ ᠴᠠᠭ᠎ᠤᠨ ᠤᠰᠤᠨ᠎ᠤ ᠶᠠᠰᠤ ᠴᠢᠨᠠᠷ᠎ᠤᠨ ᠬᠢᠨᠠᠨ ᠬᠠᠮᠢᠶᠠᠷᠤᠯᠲᠠ ᠵᠢ ᠪᠦᠬᠦ ᠬᠦᠴᠦᠨ ᠵᠶ᠋ᠠᠷ ᠰᠠᠢ᠌ᠲᠤᠷ ᠠᠳᠬᠤᠨ᠎ᠠ
 
             蒙ICP备05000248号