ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠤᠰᠤᠨ᠎ᠤ ᠣᠷᠴᠢᠨ ᠲᠣᠭᠤᠷᠢᠨ᠎ᠤ ᠬᠠᠮᠢᠶᠠᠷᠤᠯᠲᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠬᠦᠷᠢᠶᠡᠨ᠎ᠳᠠᠬᠢ ᠬᠦᠯᠡᠮᠵᠢ ᠵᠢᠨ ᠬᠡᠢ ᠪᠡᠶᠡᠲᠦ ᠵᠢᠨ ᠨᠠᠷᠢᠨ ᠳᠠᠩᠰᠠ ᠵᠢ ᠨᠠᠢ᠌ᠷᠠᠭᠤᠯᠤᠨ ᠪᠢᠴᠢᠬᠦ ᠲᠤᠬᠠᠢ ᠬᠠᠮᠢᠶ᠎ᠠ ᠪᠦᠬᠦᠢ ᠪᠠᠢ᠌ᠴᠠᠭ᠋ᠠᠨ ᠰᠤᠳᠤᠯᠤᠯᠲᠠ ᠬᠢᠪᠡ
ᠨᠡᠶ᠋ᠢᠲᠡᠯᠡᠭᠰᠡᠨ ᠴᠠᠭ᠄ 2024-10-16

      ᠥᠪᠡᠷᠲᠡᠭᠡᠨ ᠵᠠᠰᠠᠬᠤ ᠣᠷᠣᠨ᠎ᠤ ᠬᠦᠯᠡᠮᠵᠢ ᠵᠢᠨ ᠬᠡᠢ ᠪᠡᠶᠡᠲᠦ ᠵᠢᠨ ᠨᠠᠷᠢᠨ ᠳᠠᠩᠰᠠ ᠵᠢ  ᠨᠠᠢ᠌ᠷᠠᠭᠤᠯᠤᠨ ᠪᠢᠴᠢᠬᠦ ᠠᠵᠢᠯ᠎ᠢ ᠨᠡᠩ ᠰᠠᠶ᠋ᠢᠨ ᠪᠡᠶᠡᠯᠡᠭᠦᠯᠬᠦ ᠵᠢᠨ ᠲᠥᠯᠥᠭᠡ᠂ ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠬᠦᠯᠡᠮᠵᠢ ᠵᠢᠨ ᠬᠡᠢ ᠪᠡᠶᠡᠲᠦ ᠵᠢᠨ ᠨᠠᠷᠢᠨ ᠲᠠᠩᠰᠠ ᠵᠢ ᠨᠠᠢ᠌ᠷᠠᠭᠤᠯᠤᠨ ᠵᠣᠬᠢᠶᠠᠬᠤ ᠲᠥᠷᠥᠯ ᠵᠦᠢ᠍ᠯ᠎ᠤᠨ ᠳᠤᠭᠤᠢ᠌ᠯᠠᠩ ᠬᠥᠬᠡᠬᠣᠲᠠ᠂ ᠪᠠᠶᠠᠨᠨᠠᠭᠤᠷ ᠬᠣᠲᠠ᠂ ᠬᠥᠯᠥᠨ ᠪᠣᠢ᠌ᠷ ᠬᠣᠲᠠ ᠵᠡᠷᠭᠡ ᠭᠠᠵᠠᠷ᠎ᠲᠤ ᠬᠦᠷᠴᠦ᠂ 《ᠨᠠᠷᠢᠨ ᠲᠠᠩᠰᠠ》 ᠵᠢ ᠨᠠᠢ᠌ᠷᠠᠭᠤᠯᠤᠨ ᠪᠢᠴᠢᠬᠦ ᠬᠡᠷᠡᠭᠴᠡᠭᠡ ᠵᠢᠨ ᠲᠣᠭᠣᠷᠢᠨ᠎ᠳᠤ᠂ ᠤᠷᠢᠳ ᠬᠣᠵᠢᠳ ᠡᠯ᠎ᠡ ᠭᠠᠵᠠᠷ᠎ᠤᠨ ᠨᠡᠢ᠌ᠲᠡᠯᠢᠭ ᠬᠣᠭ ᠨᠣᠪᠰᠢ ᠪᠤᠯᠠᠬᠤ ᠲᠠᠯᠠᠪᠠᠶ᠂ ᠬᠣᠭᠣᠯᠠᠨ ᠭᠡᠷ᠎ᠤᠨ ᠬᠣᠭ ᠨᠣᠪᠰᠢ ᠰᠢᠢ᠍ᠳᠪᠦᠷᠢᠯᠡᠬᠦ ᠦᠢ᠍ᠯᠡᠳᠪᠦᠷᠢ᠂ ᠬᠣᠭ ᠨᠣᠪᠰᠢ ᠰᠢᠲᠠᠭ᠋ᠠᠵᠤ ᠴᠠᠬᠢᠯᠭ᠋ᠠᠨ ᠭᠠᠷᠭ᠋ᠠᠬᠤ ᠦᠢ᠍ᠯᠡᠳᠪᠦᠷᠢ ᠵᠡᠷᠭᠡ ᠬᠠᠶᠠᠭᠳᠠᠮᠠᠯ ᠪᠣᠳᠠᠰ ᠰᠢᠢ᠍ᠳᠪᠦᠷᠢᠯᠡᠬᠦ ᠠᠵᠤ ᠠᠬᠤᠢ᠌ᠯᠠᠯ᠎ᠳᠤ ᠪᠠᠢ᠌ᠴᠠᠭ᠋ᠠᠨ ᠰᠤᠳᠤᠯᠤᠯᠲᠠ ᠬᠢᠪᠡ᠃
      ᠬᠥᠬᠡᠬᠣᠲᠠ ᠵᠢᠨ ᠢᠤᠢ᠌ᠴᠢᠤᠸᠠᠨ ᠲᠣᠭᠣᠷᠢᠭ᠎ᠤᠨ ᠬᠣᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ᠂ ᠤᠷᠠᠳ᠎ᠤᠨ ᠬᠣᠢ᠌ᠲᠤ ᠬᠣᠰᠢᠭᠤᠨ᠎ᠤ ᠠᠮᠢᠳᠤᠷᠠᠯ᠎ᠤᠨ ᠬᠣᠭ ᠨᠣᠪᠰᠢ ᠰᠢᠢ᠍ᠳᠪᠦᠷᠢᠯᠡᠬᠦ ᠦᠢ᠍ᠯᠡᠳᠪᠦᠷᠢ᠂ ᠬᠠᠶ᠋ᠢᠯᠠᠷ ᠲᠣᠭᠣᠷᠢᠭ᠎ᠤᠨ ᠪᠦᠦ ᠵᠢᠶᠧ ᠬᠣᠭ ᠨᠣᠪᠰᠢ ᠰᠢᠢ᠍ᠳᠪᠦᠷᠢᠯᠡᠬᠦ ᠦᠢ᠍ᠯᠡᠳᠪᠦᠷᠢ᠂ ᠪᠠᠶᠠᠨᠨᠠᠭᠤᠷ᠎ᠤᠨ ᠰᠧᠴᠤᠸᠠᠨ ᠨᠧᠩ ᠲᠤᠩ ᠬᠣᠭ ᠨᠣᠪᠰᠢ ᠰᠢᠲᠠᠭ᠋ᠠᠵᠤ ᠴᠠᠬᠢᠯᠭ᠋ᠠᠨ ᠭᠠᠷᠭ᠋ᠠᠬᠤ ᠦᠢ᠍ᠯᠡᠳᠪᠦᠷᠢ᠂ ᠮᠠᠨᠵᠤᠤᠷ᠎ᠤᠨ ᠬᠠᠢ ᠴᠤᠸᠠᠩ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠺᠣᠮᠫᠠᠨᠢ᠂ ᠬᠥᠬᠡᠬᠣᠲᠠ ᠵᠢᠨ ᠴᠧᠩ ᠬᠤᠸᠠᠨ ᠯᠠᠨ ᠳ᠋ᠧ ᠳᠠᠬᠢᠯᠲᠠ ᠡᠬᠢ ᠪᠠᠶᠠᠯᠢᠭ᠎ᠤᠨ ᠬᠣᠭᠣᠯᠠᠨ ᠭᠡᠷ᠎ᠤᠨ ᠬᠣᠭ ᠨᠣᠪᠰᠢ ᠰᠢᠢ᠍ᠳᠪᠦᠷᠢᠯᠡᠬᠦ ᠲᠥᠪ᠂ ᠬᠥᠯᠥᠨ ᠪᠣᠢ᠌ᠷ᠎ᠤᠨ ᠬᠤᠸᠠᠨ ᠴᠢᠦ ᠯᠢᠶᠣᠤ ᠸᠠᠩ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠺᠣᠮᠫᠠᠨᠢ᠂ ᠬᠥᠯᠥᠨ ᠪᠣᠢ᠌ᠷ ᠬᠣᠲᠠ ᠵᠢᠨ ᠬᠠᠢ ᠮᠧᠩ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠵᠢᠨ ᠺᠣᠮᠫᠠᠨᠢ᠎ᠳᠤ ᠲᠣᠰ ᠲᠣᠰ ᠠᠮᠢᠳᠤᠷᠠᠯ᠎ᠤᠨ ᠬᠣᠭ ᠨᠣᠪᠰᠢ ᠵᠢ ᠪᠤᠯᠠᠬᠤ᠂ ᠬᠣᠭ ᠨᠣᠪᠰᠢ ᠵᠢ ᠰᠢᠲᠠᠭ᠋ᠠᠵᠤ ᠴᠠᠬᠢᠯᠭ᠋ᠠᠨ ᠭᠠᠷᠭ᠋ᠠᠬᠤ᠂ ᠬᠣᠭᠣᠯᠠᠨ ᠭᠡᠷ᠎ᠤᠨ ᠬᠣᠭ ᠨᠣᠪᠰᠢ ᠵᠢ ᠠᠮᠢᠳᠤ ᠪᠣᠳᠠᠰ᠎ᠤᠨ ᠠᠷᠭ᠎ᠠ᠎ᠪᠠᠷ ᠰᠢᠢ᠍ᠳᠪᠦᠷᠢᠯᠡᠬᠦ ᠲᠤᠬᠠᠢ ᠰᠠᠨᠠᠯ ᠵᠶ᠋ᠠᠨ ᠰᠣᠯᠢᠯᠴᠠᠵᠤ᠂ ᠬᠡᠰᠡᠭ ᠰᠠᠭᠤᠷᠢ ᠮᠠᠲ᠋ᠧᠷᠢᠶᠠᠯ᠎ᠤᠨ ᠮᠡᠳᠡᠭᠡ ᠵᠠᠩᠭᠢ ᠵᠢ ᠲᠤᠬᠠᠢ ᠵᠢᠨ ᠭᠠᠵᠠᠷ᠎ᠲᠤᠨᠢ ᠴᠤᠭᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠮᠧᠲ᠋ᠠᠨ ᠭᠠᠳᠠᠭᠰᠢᠯᠠᠭᠤᠯᠤᠯᠲᠠ ᠵᠢᠨ ᠲᠣᠭ᠋ᠠᠴᠠᠭ᠎ᠠ ᠬᠢᠬᠦ᠎ᠳᠤ ᠦᠨᠳᠦᠰᠦᠯᠡᠯ ᠬᠠᠩᠭ᠋ᠠᠭᠰᠠᠨ ᠪᠠᠢ᠌ᠨ᠎ᠠ᠃ ᠲᠠᠷᠠᠭ᠋ᠠᠴᠢ ᠵᠢᠨ ᠠᠯᠬᠤᠮ᠎ᠳᠤ᠂ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠪᠠᠢ᠌ᠴᠠᠭ᠋ᠠᠨ ᠰᠤᠳᠤᠯᠤᠯᠲᠠ ᠵᠢᠨ ᠲᠣᠭ᠎ᠠ ᠪᠠᠷᠢᠮᠲᠠ ᠵᠢ ᠡᠮᠬᠢᠯᠡᠵᠦ᠂ 《ᠨᠠᠷᠢᠨ ᠲᠠᠩᠰᠠ》 ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠶᠡᠬᠡᠪᠡᠷ ᠠᠬᠢᠭᠤᠯᠬᠤ ᠪᠣᠯᠣᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠴᠥᠮ᠎ᠡ ᠪᠣᠯᠣᠨ ᠰᠠᠴᠤᠷᠠᠭ᠎ᠢ ᠬᠢᠨᠠᠨ ᠬᠡᠮᠵᠢᠬᠦ ᠲᠥᠪ ᠲᠤᠷᠰᠢᠯᠲᠠ ᠵᠢᠨ ᠲᠠᠰᠤᠭ᠎ᠤᠨ ᠠᠶᠤᠯᠲᠠᠢ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠠᠵᠢᠯ᠎ᠢ ᠪᠡᠶᠡᠯᠡᠭᠦᠯᠪᠡ
2018 ᠣᠨ᠎ᠤ ᠳᠡᠭᠡᠷ᠎ᠡ ᠬᠠᠭ᠋ᠠᠰ ᠵᠢᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠵᠢᠨ ᠭᠠᠵᠠᠷ᠎ᠤᠨ ᠭᠠᠳᠠᠷᠭᠤ ᠵᠢᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠨᠡᠷᠡᠰ᠎ᠤᠨ ᠵᠢᠭᠰᠠᠭ᠋ᠠᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2018 ᠣᠨ᠎ᠤ ᠨᠢᠭᠡᠳᠦᠭᠡᠷ ᠤᠯᠠᠷᠢᠯ᠎ᠤᠨ ᠬᠤᠳᠠ ᠵᠢᠨ ᠭᠠᠵᠠᠷ ᠳᠡᠭᠡᠷᠡᠬᠢ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠨᠡᠷᠡᠰ᠎ᠤᠨ ᠵᠢᠭᠰᠠᠭ᠋ᠠᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2018 ᠣᠨ᠎ᠤ 1 — 9 ᠳ᠋ᠦ᠍ᠭᠡᠷ ᠰᠠᠷ᠎ᠠ ᠵᠢᠨ ᠬᠣᠲᠠ ᠵᠢᠨ ᠭᠠᠵᠠᠷ᠎ᠤᠨ ᠭᠠᠳᠠᠷᠭᠤ ᠵᠢᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠨᠡᠷᠡᠰ᠎ᠤᠨ ᠵᠢᠭᠰᠠᠭ᠋ᠠᠯᠲᠠ
ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠰᠤᠨ᠎ᠤ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠭᠠᠵᠠᠷ ᠬᠥᠯᠥᠨ ᠪᠤᠶ᠋ᠢᠷ᠎ᠲᠤ ᠣᠴᠢᠵᠤ ᠬᠥᠯᠥᠨ ᠨᠠᠭᠤᠷ᠎ᠢ ᠶᠡᠷᠦᠩᠬᠡᠶ᠋ᠢᠯᠡᠨ ᠵᠠᠰᠠᠬᠤ ᠪᠠ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ 《ᠡᠷᠭᠢᠵᠦ ᠬᠠᠷᠠᠬᠤ》 ᠠᠵᠢᠯ᠎ᠢ ᠪᠠᠶ᠋ᠢᠴᠠᠭ᠋ᠠᠨ ᠰᠤᠳᠤᠯᠪᠠ
 
             蒙ICP备05000248号