ᠰᠢ ᠵᠢᠨ ᠫᠢᠩ ᠶᠡᠷᠦᠩᠬᠡᠢ ᠱᠦᠵᠢ ᠵᠢᠨ ᠠᠶᠤᠯᠭᠦᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠠᠶᠤᠯᠭᠦᠢ ᠦᠢ᠍ᠯᠡᠳᠪᠦᠷᠢᠯᠡᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠲᠤᠷᠰᠢᠯᠲᠠ ᠵᠢᠨ ᠲᠠᠰᠤᠭ ᠵᠢᠴᠢ ᠣᠷᠴᠢᠨ ᠲᠣᠭᠣᠷᠢᠨ᠎ᠤ ᠠᠮᠤᠷ ᠲᠦᠪᠰᠢᠨ᠎ᠢ ᠪᠠᠲᠤᠯᠠᠬᠤ ᠵᠢᠨ ᠲᠥᠯᠥᠭᠡ᠂ ᠣᠢ᠌ᠷ᠎ᠠ ᠵᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠴᠥᠮ᠎ᠡ ᠪᠣᠯᠣᠨ ᠰᠠᠴᠤᠷᠠᠭ᠎ᠢ ᠬᠢᠨᠠᠨ ᠬᠡᠮᠵᠢᠬᠦ ᠲᠥᠪ᠎ᠠᠴᠠ ᠲᠤᠷᠰᠢᠯᠲᠠ ᠵᠢᠨ ᠲᠠᠰᠤᠭ᠎ᠤᠨ ᠬᠠᠶᠠᠭᠳᠠᠮᠠᠯ ᠰᠢᠩᠭᠡᠨ᠂ ᠬᠣᠭᠣᠰᠤᠨ ᠤᠷᠪᠠᠯᠵᠢ ᠵᠢᠨ ᠯᠣᠩᠬᠣ ᠪᠣᠯᠣᠨ ᠬᠤᠭᠤᠴᠠᠭ᠎ᠠ᠎ᠠᠴᠠ ᠬᠡᠲᠦᠷᠡᠭᠰᠡᠨ ᠬᠢᠮᠢ ᠵᠢᠨ ᠡᠮ ᠵᠡᠷᠭᠡ ᠠᠶᠤᠯᠲᠠᠢ ᠬᠠᠶᠠᠭᠳᠠᠮᠠᠯ ᠪᠣᠳᠠᠰ᠎ᠢ ᠲᠥᠪᠯᠡᠷᠡᠭᠦᠯᠦᠨ ᠪᠠᠢ᠌ᠴᠠᠭ᠋ᠠᠨ ᠰᠢᠢ᠍ᠳᠪᠦᠷᠢᠯᠡᠵᠦ᠂ ᠬᠢᠷᠢ ᠬᠡᠮ᠎ᠲᠠᠢ ᠪᠠᠢ᠌ᠭᠤᠯᠤᠮᠵᠢ᠎ᠳᠤ ᠲᠤᠰᠢᠶᠠᠵᠤ ᠠᠮᠤᠷ ᠲᠦᠪᠰᠢᠨ ᠵᠶ᠋ᠡᠷ ᠰᠢᠢ᠍ᠳᠪᠦᠷᠢᠯᠡᠭᠦᠯᠵᠡᠢ᠃
ᠠᠶᠤᠯᠲᠠᠢ ᠬᠠᠶᠠᠭᠳᠠᠮᠠᠯ ᠪᠣᠳᠠᠰ᠎ᠤᠨ ᠬᠠᠮᠢᠶᠠᠷᠤᠯᠲᠠ ᠵᠢ ᠰᠠᠶ᠋ᠢᠲᠤᠷ ᠬᠢᠬᠦ ᠪᠣᠯ ᠲᠤᠷᠰᠢᠯᠲᠠ ᠵᠢᠨ ᠲᠠᠰᠤᠭ᠎ᠤᠨ ᠠᠮᠤᠷ ᠲᠦᠪᠰᠢᠨ ᠵᠶ᠋ᠡᠷ ᠠᠵᠢᠯᠯᠠᠬᠤ ᠵᠢ ᠪᠠᠲᠤᠯᠠᠬᠤ ᠴᠢᠬᠤᠯᠠ ᠵᠠᠩᠭᠢᠯᠠᠭ᠎ᠠ ᠮᠥᠨ᠂ ᠲᠤᠷᠰᠢᠯᠲᠠ ᠵᠢᠨ ᠲᠠᠰᠤᠭ᠎ᠤᠨ ᠠᠶᠤᠯᠲᠠᠢ ᠬᠠᠶᠠᠭᠳᠠᠮᠠᠯ ᠪᠣᠳᠠᠰ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠪᠠᠲᠤᠳᠬᠠᠬᠤ ᠵᠢᠨ ᠲᠥᠯᠥᠭᠡ᠂ ᠲᠥᠪ᠎ᠠᠴᠠ 《ᠲᠤᠷᠰᠢᠯᠲᠠ ᠵᠢᠨ ᠲᠠᠰᠤᠭ᠎ᠤᠨ ᠠᠶᠤᠯᠲᠠᠢ ᠬᠠᠶᠠᠭᠳᠠᠮᠠᠯ ᠪᠣᠳᠠᠰ᠎ᠤᠨ ᠬᠠᠮᠢᠶᠠᠷᠤᠯᠲᠠ ᠵᠢᠨ ᠳᠦᠷᠢᠮ》 《ᠲᠤᠷᠰᠢᠯᠲᠠ ᠵᠢᠨ ᠲᠠᠰᠤᠭ᠎ᠤᠨ 〈ᠭᠤᠷᠪᠠᠨ ᠬᠠᠶᠠᠭᠳᠠᠮᠠᠯ ᠪᠣᠳᠠᠰ〉᠎ᠢ ᠰᠢᠢ᠍ᠳᠪᠦᠷᠢᠯᠡᠬᠦ ᠲᠠᠰ ᠳᠠᠷᠠᠭ᠋ᠠᠯᠠᠯ》 《ᠠᠶᠤᠯᠲᠠᠢ ᠬᠢᠮᠢ ᠵᠢᠨ ᠪᠣᠳᠠᠰ ᠵᠢᠴᠢ ᠰᠠᠴᠤᠷᠠᠭ ᠢᠳᠡᠪᠬᠢ ᠴᠢᠨᠠᠷᠲᠠᠢ ᠪᠣᠳᠠᠰ᠎ᠤᠨ ᠪᠣᠬᠢᠷᠲᠤᠯ᠎ᠤᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠲᠥᠰᠥᠯ》 ᠵᠡᠷᠭᠡ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠵᠤ᠂ ᠲᠤᠰᠬᠠᠢ ᠬᠥᠮᠥᠨ ᠵᠶ᠋ᠡᠷ ᠲᠤᠷᠰᠢᠯᠲᠠ ᠵᠢᠨ ᠲᠠᠰᠤᠭ᠎ᠤᠨ ᠠᠶᠤᠯᠲᠠᠢ ᠬᠠᠶᠠᠭᠳᠠᠮᠠᠯ ᠪᠣᠳᠠᠰ᠎ᠤᠨ ᠬᠠᠮᠢᠶᠠᠷᠤᠯᠲᠠ ᠵᠢ ᠬᠠᠷᠢᠭᠤᠴᠠᠭᠤᠯᠵᠤ᠂ ᠵᠢᠯ᠎ᠤᠨ ᠡᠬᠢᠨ᠎ᠳᠤ ᠠᠶᠤᠯᠲᠠᠢ ᠬᠠᠶᠠᠭᠳᠠᠮᠠᠯ ᠪᠣᠳᠠᠰ᠎ᠤᠨ ᠬᠠᠮᠢᠶᠠᠷᠤᠯᠲᠠ ᠵᠢᠨ ᠲᠥᠯᠥᠪᠯᠡᠭᠡ ᠵᠢ ᠲᠣᠭᠲᠠᠭ᠋ᠠᠨ᠂ 《ᠭᠤᠷᠪᠠᠨ ᠬᠠᠶᠠᠭᠳᠠᠮᠠᠯ ᠪᠣᠳᠠᠰ》᠎ᠤᠨ ᠬᠠᠮᠢᠶᠠᠷᠤᠯᠲᠠ ᠵᠢᠨ ᠡᠬᠡ ᠲᠠᠩᠰᠠ ᠵᠢ ᠪᠠᠢ᠌ᠭᠤᠯᠵᠤ᠂ ᠵᠢᠯ᠎ᠤᠨ ᠡᠴᠦᠰ᠎ᠲᠤ ᠬᠢᠷᠢ ᠬᠡᠮ᠎ᠲᠠᠢ ᠪᠠᠢ᠌ᠭᠤᠯᠤᠮᠵᠢ᠎ᠳᠤ ᠲᠤᠰᠢᠶᠠᠵᠤ ᠴᠡᠪᠡᠷᠯᠡᠨ ᠲᠡᠭᠡᠭᠡᠪᠦᠷᠢᠯᠡᠨ᠎ᠡ᠃
ᠲᠣᠰ ᠤᠳᠠᠭ᠋ᠠᠨ᠎ᠤ ᠲᠤᠷᠰᠢᠯᠲᠠ ᠵᠢᠨ ᠲᠠᠰᠤᠭ᠎ᠤᠨ ᠠᠶᠤᠯᠲᠠᠢ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠠᠵᠢᠯ᠎ᠤᠨ ᠤᠷᠤᠭᠰᠢᠲᠠᠢ ᠶᠠᠪᠤᠭᠳᠠᠬᠤ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠰᠢᠢ᠍ᠳᠪᠦᠷᠢᠯᠡᠬᠦ᠎ᠠᠴᠠ ᠡᠮᠦᠨ᠎ᠡ ᠮᠡᠳᠡᠭᠳᠡᠯ ᠨᠡᠢ᠌ᠲᠡᠯᠡᠵᠦ᠂ ᠰᠢᠢ᠍ᠳᠪᠦᠷᠢᠯᠡᠬᠦ ᠴᠠᠭ᠎ᠤᠨ ᠲᠣᠬᠢᠷᠠᠭᠤᠯᠤᠯᠲᠠ ᠵᠢᠴᠢ ᠠᠵᠢᠯ᠎ᠤᠨ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠡᠯ᠎ᠡ ᠲᠤᠷᠰᠢᠯᠲᠠ ᠵᠢᠨ ᠠᠵᠢᠯᠲᠠᠨ᠎ᠢ ᠲᠥᠷᠥᠯ ᠬᠤᠪᠢᠶᠠᠨ ᠡᠮᠬᠢᠯᠡᠵᠦ ᠬᠣᠷᠢᠶᠠᠨ ᠴᠤᠭᠯᠠᠭᠤᠯᠬᠤ ᠠᠵᠢᠯ᠎ᠢ ᠤᠷᠢᠳᠴᠢᠯᠠᠨ ᠰᠠᠶ᠋ᠢᠲᠤᠷ ᠬᠢᠬᠦ ᠬᠡᠷᠡᠭᠲᠡᠶ ᠭᠡᠵᠦ ᠱᠠᠭ᠋ᠠᠷᠳᠠᠪᠠ᠃ ᠰᠢᠯᠵᠢᠭᠦᠯᠦᠨ ᠰᠢᠢ᠍ᠳᠪᠦᠷᠢᠯᠡᠬᠦ ᠶᠠᠪᠤᠴᠠ᠎ᠳᠤ᠂ ᠲᠤᠷᠰᠢᠯᠲᠠ ᠵᠢᠨ ᠲᠠᠰᠤᠭ᠎ᠠᠴᠠ ᠲᠤᠰᠬᠠᠢ ᠬᠥᠮᠥᠨ ᠲᠣᠬᠢᠷᠠᠭᠤᠯᠤᠨ ᠵᠣᠬᠢᠶᠠᠨ ᠪᠠᠢ᠌ᠭᠤᠯᠵᠤ ᠵᠣᠬᠢᠴᠠᠭᠤᠯᠬᠤ ᠵᠢᠨ ᠬᠠᠮᠲᠤ ᠲᠤᠬᠠᠢ ᠵᠢᠨ ᠭᠠᠵᠠᠷ᠎ᠲᠤᠨᠢ ᠲᠣᠬᠢᠷᠠᠭᠤᠯᠵᠤ᠂ ᠰᠢᠢ᠍ᠳᠪᠦᠷᠢᠯᠡᠬᠦ᠎ᠪᠠᠷ ᠲᠥᠯᠥᠪᠯᠡᠵᠦ ᠪᠠᠢ᠌ᠭ᠎ᠠ ᠠᠶᠤᠯᠲᠠᠢ ᠬᠠᠶᠠᠭᠳᠠᠮᠠᠯ ᠪᠣᠳᠠᠰ᠎ᠢ ᠳᠦᠷᠦᠯ ᠬᠤᠪᠢᠶᠠᠬᠤ᠂ ᠪᠣᠭᠣᠳᠠᠯᠯᠠᠬᠤ᠂ ᠴᠤᠭᠯᠠᠭᠤᠯᠬᠤ ᠪᠠ ᠬᠦᠨᠳᠦ ᠵᠢ᠎ᠨᠢ ᠬᠡᠮᠵᠢᠬᠦ᠂ ᠲᠡᠷᠭᠡᠨ᠎ᠳᠤ ᠲᠡᠭᠡᠭᠡᠪᠦᠷᠢᠯᠡᠬᠦ ᠵᠢ ᠰᠠᠢ᠌ᠲᠤᠷ ᠬᠢᠵᠦ᠂ ᠬᠢᠷᠢ ᠬᠡᠮ᠎ᠲᠠᠢ ᠲᠤᠰᠬᠠᠢ ᠺᠣᠮᠫᠠᠨᠢ᠎ᠳᠤ ᠤᠷᠤᠭᠰᠢᠲᠠᠢ᠎ᠪᠠᠷ ᠲᠤᠰᠢᠶᠠᠨ ᠥᠭᠴᠦ ᠰᠢᠯᠵᠢᠭᠦᠯᠦᠨ ᠲᠡᠭᠡᠭᠡᠪᠦᠷᠢᠯᠡᠵᠦ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠰᠢᠢ᠍ᠳᠪᠦᠷᠢᠯᠡᠬᠦ ᠶᠠᠪᠤᠴᠠ ᠵᠢᠨ ᠥᠨᠳᠥᠷ ᠪᠦᠲᠦᠮᠵᠢᠲᠡᠢ ᠪᠠᠶ᠋ᠢᠬᠤ ᠪᠠ ᠠᠶᠤᠯᠭᠦᠢ ᠪᠠᠶ᠋ᠢᠬᠤ ᠵᠢ ᠦᠨᠡᠨ ᠬᠦ᠌ ᠪᠠᠲᠤᠯᠠᠪᠠ᠃
ᠲᠤᠷᠰᠢᠯᠲᠠ ᠵᠢᠨ ᠲᠠᠰᠤᠭ᠎ᠤᠨ ᠠᠶᠤᠯᠲᠠᠢ ᠬᠠᠶᠠᠭᠳᠠᠮᠠᠯ ᠪᠣᠳᠠᠰ᠎ᠢ ᠵᠢᠷᠤᠮᠵᠢᠭᠤᠯᠤᠨ ᠰᠢᠢ᠍ᠳᠪᠦᠷᠢᠯᠡᠬᠦ ᠪᠣᠯ ᠲᠤᠷᠰᠢᠯᠲᠠ ᠵᠢᠨ ᠲᠠᠰᠤᠭ᠎ᠤᠨ ᠠᠮᠤᠷ ᠲᠦᠪᠰᠢᠨ ᠵᠶ᠋ᠡᠷ ᠠᠵᠢᠯᠯᠠᠬᠤ ᠵᠢ ᠪᠠᠲᠤᠯᠠᠬᠤ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠮᠥᠨ᠂ ᠲᠥᠪ᠎ᠠᠴᠠ ᠲᠤᠷᠰᠢᠯᠲᠠ ᠵᠢᠨ ᠲᠠᠰᠤᠭ᠎ᠤᠨ ᠠᠶᠤᠯᠲᠠᠢ ᠬᠠᠶᠠᠭᠳᠠᠮᠠᠯ ᠪᠣᠳᠠᠰ᠎ᠤᠨ ᠬᠠᠮᠢᠶᠠᠷᠤᠯᠲᠠ ᠵᠢ ᠪᠠᠢ᠌ᠩᠭᠤᠵᠢᠭᠤᠯᠬᠤ ᠵᠢ ᠦᠷᠭᠦᠯᠵᠢᠯᠡᠨ ᠠᠬᠢᠭᠤᠯᠵᠤ᠂ ᠠᠶᠤᠯᠲᠠᠢ ᠬᠠᠶᠠᠭᠳᠠᠮᠠᠯ ᠪᠣᠳᠠᠰ᠎ᠢ ᠲᠥᠷᠥᠯ ᠬᠤᠪᠢᠶᠠᠨ ᠴᠤᠭᠯᠠᠭᠤᠯᠬᠤ᠂ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠤᠬᠠᠮᠰᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠤᠷᠰᠢᠯᠲᠠ ᠵᠢᠨ ᠲᠠᠰᠤᠭ᠎ᠤᠨ ᠠᠮᠤᠷ ᠲᠦᠪᠰᠢᠨ᠂ ᠲᠣᠭᠲᠠᠭᠤᠨ ᠵᠶ᠋ᠠᠷ ᠠᠵᠢᠯᠯᠠᠬᠤ ᠵᠢ ᠦᠨᠡᠨ ᠬᠦ᠌ ᠪᠠᠲᠤᠯᠠᠨ᠎ᠠ᠃