ᠤᠰᠤ ᠲᠠᠲᠠᠭᠤᠷᠠᠬᠤ ᠳᠣᠣᠷ᠎ᠠ ᠳᠤᠯᠠᠭ᠋ᠠᠨ᠎ᠤ ᠬᠤᠭᠤᠴᠠᠭ᠎ᠠ᠂ ᠦᠶᠡᠷ᠎ᠤᠨ ᠬᠤᠭᠤᠴᠠᠭ᠎ᠠ ᠵᠡᠷᠭᠡ ᠭᠣᠣᠯᠳᠠᠯᠭ᠎ᠠ᠎ᠲᠠᠢ ᠴᠠᠭ᠎ᠤᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠭᠣᠣᠯᠳᠠᠯᠭ᠎ᠠ᠎ᠲᠠᠢ ᠰᠠᠪᠠ ᠭᠠᠵᠠᠷ᠎ᠤᠨ ᠭᠣᠣᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠴᠢᠨᠠᠷ᠎ᠢ ᠲᠣᠭᠲᠠᠭᠤᠨ ᠵᠶ᠋ᠠᠷ ᠪᠠᠷᠢᠮᠵᠢᠶ᠎ᠠ᠎ᠳᠤ ᠬᠦᠷᠦᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠡᠷᠲᠡ᠎ᠠᠴᠠ ᠲᠣᠬᠢᠷᠠᠭᠤᠯᠤᠨ ᠪᠠᠢ᠌ᠷᠢᠯᠠᠭᠤᠯᠵᠤ᠂ 《2024 ᠣᠨ᠎ᠤ ᠭᠣᠣᠯᠳᠠᠯᠭ᠎ᠠ᠎ᠲᠠᠢ ᠴᠠᠭ᠎ᠤᠨ ᠭᠠᠵᠠᠷ ᠳᠡᠭᠡᠷᠡᠬᠢ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠵᠦ ᠬᠢᠨᠠᠨ ᠬᠠᠮᠢᠶᠠᠷᠬᠤ ᠠᠵᠢᠯ᠎ᠢ ᠴᠢᠩᠭ᠋ᠠᠳᠬᠠᠬᠤ ᠲᠤᠬᠠᠢ ᠮᠡᠳᠡᠭᠳᠡᠯ》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠡᠯ᠎ᠡ ᠠᠶ᠋ᠢᠮᠠᠭ ᠬᠣᠲᠠ ᠵᠢ ᠵᠣᠬᠢᠶᠠᠨ ᠪᠠᠢ᠌ᠭᠤᠯᠤᠨ ᠵᠢᠯᠤᠭᠣᠳᠴᠤ ᠦᠶᠡᠷ᠎ᠠᠴᠠ ᠡᠮᠦᠨᠡᠬᠢ ᠭᠣᠣᠯ ᠮᠥᠷᠡᠨ ᠨᠠᠭᠤᠷ᠎ᠤᠨ ᠤᠰᠤᠨ᠎ᠤ ᠣᠷᠴᠢᠨ ᠲᠣᠭᠣᠷᠢᠨ᠎ᠤ ᠳᠠᠯᠳᠠ ᠬᠡᠮ᠎ᠤᠨ ᠠᠰᠠᠭᠤᠳᠠᠯ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠡᠷᠲᠡᠬᠡᠨ ᠥᠷᠨᠢᠭᠦᠯᠵᠦ᠂ ᠪᠣᠬᠢᠷ ᠤᠰᠤ ᠵᠢ ᠰᠢᠢ᠍ᠳᠪᠦᠷᠢᠯᠡᠬᠦ ᠲᠣᠨᠣᠭ ᠲᠥᠬᠦᠭᠡᠷᠦᠮᠵᠢ ᠵᠢ ᠠᠵᠢᠯᠯᠠᠭᠤᠯᠯᠬᠤᠳᠤ ᠬᠢᠨᠠᠯᠲᠠ ᠲᠠᠯᠪᠢᠵᠤ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠨ᠂ ᠭᠣᠣᠯᠳᠠᠯᠭ᠎ᠠ᠎ᠲᠠᠢ ᠰᠠᠪᠠ ᠭᠠᠵᠠᠷ᠎ᠤᠨ ᠣᠭᠲᠣᠯᠣᠭ᠋ᠠᠰᠤ ᠵᠢᠨ ᠤᠰᠤᠨ᠎ᠤ ᠴᠢᠨᠠᠷ᠎ᠢ ᠬᠢᠨᠠᠨ ᠬᠡᠮᠵᠢᠵᠦ ᠬᠢᠨᠠᠨ ᠬᠠᠮᠢᠶᠠᠷᠬᠤ ᠵᠢ ᠴᠢᠩᠭ᠋ᠠᠳᠬᠠᠵᠤ᠂ ᠤᠰᠤᠨ᠎ᠤ ᠴᠢᠨᠠᠷ᠎ᠤᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠡᠷᠡᠰ ᠪᠠᠲᠤ ᠰᠠᠬᠢᠨ᠎ᠠ᠃
ᠦᠶᠡᠷ᠎ᠠᠴᠠ ᠡᠮᠦᠨᠡᠬᠢ ᠳᠠᠯᠳᠠ ᠬᠡᠮ᠎ᠤᠨ ᠠᠰᠠᠭᠤᠳᠠᠯ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠵᠢ ᠯᠠᠪᠳᠠᠭᠤᠨ ᠪᠠᠲᠤᠲᠠᠢ ᠠᠬᠢᠭᠤᠯᠤᠨ᠎ᠠ
ᠡᠯ᠎ᠡ ᠠᠶ᠋ᠢᠮᠠᠭ ᠬᠣᠲᠠ ᠵᠢ ᠵᠣᠬᠢᠶᠠᠨ ᠪᠠᠢ᠌ᠭᠤᠯᠤᠨ ᠣᠢ᠌ᠷ᠎ᠠ ᠵᠢᠨ ᠵᠢᠯ᠎ᠤᠨ ᠤᠰᠤ ᠲᠠᠲᠠᠭᠤᠷᠠᠬᠤ ᠳᠣᠣᠷ᠎ᠠ ᠳᠤᠯᠠᠭ᠋ᠠᠨ᠎ᠤ ᠬᠤᠭᠤᠴᠠᠭ᠎ᠠ᠂ ᠦᠶᠡᠷ᠎ᠤᠨ ᠬᠤᠭᠤᠴᠠᠭ᠋ᠠᠨ᠎ᠳᠤ ᠤᠰᠤᠨ᠎ᠤ ᠴᠢᠨᠠᠷ ᠪᠠᠭᠤᠷᠠᠭᠰᠠᠨ ᠤᠯᠤᠰ᠎ᠤᠨ ᠬᠢᠨᠠᠨ ᠰᠢᠯᠭ᠋ᠠᠯᠲᠠ ᠵᠢᠨ ᠣᠭᠲᠣᠯᠣᠭ᠋ᠠᠰᠤ᠎ᠳᠤ ᠴᠢᠭᠯᠡᠭᠦᠯᠦᠨ᠂ ᠤᠰᠤ ᠬᠤᠷᠠᠭᠤᠯᠬᠤ ᠬᠡᠪᠴᠢᠶᠡᠨ᠎ᠳᠠᠬᠢ ᠪᠣᠬᠢᠷᠲᠤᠯ ᠭᠠᠳᠠᠭᠰᠢᠯᠠᠭᠤᠯᠬᠤ ᠠᠵᠤ ᠠᠬᠤᠢ᠌ᠯᠠᠯ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠂ ᠬᠣᠲᠠ ᠪᠠᠯᠭ᠋ᠠᠰᠤ ᠵᠢᠨ ᠪᠣᠬᠢᠷ ᠤᠰᠤ ᠵᠢ ᠰᠢᠢ᠍ᠳᠪᠦᠷᠢᠯᠡᠬᠦ ᠦᠢ᠍ᠯᠡᠳᠪᠦᠷᠢ᠂ ᠲᠠᠷᠢᠶᠠᠯᠠᠩ᠎ᠤᠨ ᠤᠯᠠᠨ ᠡᠬᠢᠲᠦ (ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠪᠠᠭᠲᠠᠨ᠎ᠠ) ᠵᠡᠷᠭᠡ ᠪᠣᠬᠢᠷᠲᠤᠯ᠎ᠤᠨ ᠡᠬᠢ ᠵᠢ ᠭᠣᠣᠯᠳᠠᠯᠭ᠎ᠠ᠎ᠲᠠᠢ ᠵᠢᠭᠰᠠᠭ᠋ᠠᠨ ᠪᠠᠢ᠌ᠴᠠᠭ᠋ᠠᠵᠤ᠂ ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠬᠠᠮᠢᠶ᠎ᠠ ᠪᠦᠬᠦᠢ ᠠᠮᠠ ᠵᠢ ᠬᠢᠨᠠᠨ ᠬᠡᠮᠵᠢᠵᠦ ᠬᠢᠨᠠᠨ ᠬᠠᠮᠢᠶᠠᠷᠬᠤ ᠵᠢ ᠴᠢᠩᠭ᠋ᠠᠷᠠᠭᠤᠯᠤᠨ᠎ᠠ᠃ ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠴᠠᠭ᠎ᠢ ᠠᠮᠵᠢᠨ᠂ ᠤᠰᠤᠨ᠎ᠤ ᠣᠷᠴᠢᠨ ᠲᠣᠭᠣᠷᠢᠨ᠎ᠤ ᠲᠦᠭᠰᠢᠭᠦᠷᠢ ᠵᠢᠨ ᠳᠠᠯᠳᠠ ᠬᠡᠮ᠎ᠢ ᠬᠦᠴᠦᠯᠡᠨ ᠠᠷᠢᠯᠭ᠋ᠠᠬᠤ ᠬᠡᠷᠡᠭᠲᠡᠶ᠃ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠬᠣᠲᠠ ᠵᠢᠨ ᠲᠣᠭᠣᠷᠢᠭ᠎ᠤᠨ ᠭᠣᠣᠯ᠎ᠤᠨ ᠲᠠᠩ᠎ᠳᠤ ᠪᠣᠬᠢᠷᠲᠤᠯ ᠪᠣᠳᠠᠰ᠎ᠢ ᠲᠣᠭᠲᠠᠭ᠋ᠠᠯ᠎ᠠᠴᠠ ᠵᠥᠷᠢᠴᠡᠨ ᠣᠪᠣᠭ᠋ᠠᠯᠠᠭᠰᠠᠨ᠂ ᠴᠢᠳᠬᠤᠭᠰᠠᠨ ᠠᠰᠠᠭᠤᠳᠠᠯ᠎ᠢ ᠵᠣᠬᠢᠶᠠᠨ ᠪᠠᠢ᠌ᠭᠤᠯᠤᠨ ᠴᠢᠩᠭ᠎ᠠ ᠪᠠᠢ᠌ᠴᠠᠭ᠋ᠠᠵᠤ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠠᠴᠠ ᠠᠵᠤ ᠠᠬᠤᠢ᠌ᠯᠠᠯ᠎ᠤᠨ ᠤᠰᠤᠨ᠎ᠤ ᠪᠣᠬᠢᠷᠲᠤᠯ᠎ᠤᠨ ᠡᠬᠢ ᠵᠢ ᠴᠠᠭ ᠲᠤᠬᠠᠢᠳᠤᠨᠢ ᠬᠢᠨᠠᠨ ᠡᠵᠡᠮᠳᠡᠬᠦ ᠰᠢᠰᠲ᠋ᠧᠮ᠂ ᠰᠦᠯᠵᠢᠶᠡᠨ ᠳᠡᠭᠡᠷᠡᠬᠢ ᠬᠢᠨᠠᠨ ᠬᠡᠮᠵᠢᠯᠲᠡ ᠵᠢᠴᠢ ᠪᠣᠬᠢᠷ ᠤᠰᠤ ᠵᠢ ᠰᠢᠢ᠍ᠳᠪᠦᠷᠢᠯᠡᠬᠦ ᠲᠥᠬᠦᠭᠡᠷᠦᠮᠵᠢ ᠵᠢᠨ ᠠᠵᠢᠯᠯᠠᠭ᠋ᠠᠨ᠎ᠤ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠦᠵᠡᠵᠦ᠂ ᠣᠷᠣᠰᠢᠵᠤ ᠪᠠᠢ᠌ᠭ᠎ᠠ ᠠᠰᠠᠭᠤᠳᠠᠯ᠎ᠢ ᠴᠠᠭ ᠲᠤᠬᠠᠢᠳᠤᠨᠢ ᠰᠢᠢ᠍ᠳᠪᠦᠷᠢᠯᠡᠨ᠎ᠡ᠃ ᠬᠥᠯᠥᠨ ᠪᠣᠢ᠌ᠷ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠶᠠᠯᠢ ᠭᠣᠣᠯ᠎ᠤᠨ ᠴᠢᠩᠭᠢᠰ ᠬᠠᠭ᠋ᠠᠨ᠎ᠤ ᠤᠯᠤᠰ᠎ᠤᠨ ᠬᠢᠨᠠᠨ ᠰᠢᠯᠭ᠋ᠠᠯᠲᠠ ᠵᠢᠨ ᠣᠭᠲᠣᠯᠣᠭ᠋ᠠᠰᠤ ᠵᠢ ᠴᠢᠩᠭ᠎ᠠ ᠠᠵᠢᠭᠯᠠᠵᠤ᠂ ᠦᠶᠡᠷ᠎ᠠᠴᠠ ᠡᠮᠦᠨᠡᠬᠢ ᠤᠰᠤᠨ᠎ᠤ ᠣᠷᠴᠢᠨ ᠲᠣᠭᠣᠷᠢᠨ᠎ᠤ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ ᠵᠠᠯᠠᠨ ᠠᠢ᠌ᠯ ᠬᠣᠲᠠ ᠵᠢᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠂ ᠵᠡᠭᠦᠨ ᠬᠣᠢ᠌ᠲᠤ ᠵᠢᠨ ᠹᠦ᠋ ᠹᠧᠩ ᠬᠢᠵᠠᠭ᠋ᠠᠷᠲᠤ ᠺᠣᠮᠫᠠᠨᠢ ᠵᠡᠷᠭᠡ ᠪᠣᠬᠢᠷ ᠤᠰᠤ ᠰᠢᠢ᠍ᠳᠪᠦᠷᠢᠯᠡᠬᠦ ᠲᠣᠨᠣᠭ ᠲᠥᠬᠦᠭᠡᠷᠦᠮᠵᠢ ᠵᠢᠨ ᠠᠵᠢᠯᠯᠠᠭᠤᠯᠵᠤ ᠪᠠᠢ᠌ᠭ᠎ᠠ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠵᠤ᠂ ᠪᠣᠷᠣᠭ᠋ᠠᠨ᠎ᠤ ᠤᠰᠤᠨ᠎ᠤ ᠬᠣᠭᠣᠯᠠᠢ᠂ ᠭᠤᠯᠳᠤᠩ ᠬᠠᠭ᠋ᠠᠯᠲᠠ᠂ ᠭᠣᠣ ᠰᠤᠪᠠᠭ ᠵᠡᠷᠭᠡ ᠭᠠᠵᠠᠷ᠎ᠲᠤ ᠬᠤᠷᠠᠮᠳᠤᠭᠰᠠᠨ ᠪᠣᠬᠢᠷ ᠤᠰᠤ᠂ ᠬᠣᠭ ᠨᠣᠪᠰᠢ ᠪᠠ ᠮᠠᠯ ᠵᠢᠭᠦᠷᠲᠡᠨ᠎ᠤ ᠪᠠᠭ᠋ᠠᠰᠤᠨ ᠪᠣᠬᠢᠷᠲᠤᠯ᠎ᠢ ᠵᠣᠬᠢᠶᠠᠨ ᠪᠠᠢ᠌ᠭᠤᠯᠤᠨ ᠴᠡᠪᠡᠷᠯᠡᠵᠦ᠂ ᠤᠯᠤᠰ᠎ᠤᠨ ᠬᠢᠨᠠᠨ ᠰᠢᠯᠭ᠋ᠠᠯᠲᠠ ᠵᠢᠨ ᠣᠭᠲᠣᠯᠣᠭ᠋ᠠᠰᠤ ᠵᠢᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠪᠠᠲᠤᠯᠠᠨ᠎ᠠ᠃ ᠣᠷᠳᠣᠰ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠮᠥᠰᠥ ᠴᠠᠰᠤᠨ᠎ᠤ ᠬᠤᠭᠤᠴᠠᠭ᠋ᠠᠨ᠎ᠳᠤ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠬᠤ ᠵᠢ ᠤᠷᠢᠳᠴᠢᠯᠠᠨ ᠥᠷᠨᠢᠭᠦᠯᠵᠦ᠂ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠂ ᠬᠣᠲᠠ ᠪᠠᠯᠭ᠋ᠠᠰᠤ ᠪᠠ ᠠᠵᠤ ᠠᠬᠤᠢ᠌ᠯᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠲᠣᠨᠣᠭ ᠲᠥᠬᠦᠭᠡᠷᠦᠮᠵᠢ ᠵᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠵᠢ ᠴᠢᠩᠭ᠋ᠠᠳᠬᠠᠵᠤ᠂ ᠬᠣᠭᠣᠯᠠᠢ ᠬᠥᠯᠳᠡᠵᠦ ᠬᠠᠭ᠋ᠠᠷᠠᠬᠤ ᠵᠡᠷᠭᠡ᠎ᠠᠴᠠ ᠡᠭᠦᠰᠦᠭᠰᠡᠨ ᠣᠷᠴᠢᠨ ᠲᠣᠭᠣᠷᠢᠨ᠎ᠤ ᠪᠣᠬᠢᠷᠲᠤᠯ᠎ᠤᠨ ᠡᠨᠳᠡᠯ ᠭᠠᠷᠬᠤ ᠵᠢ ᠴᠢᠩᠭ᠎ᠠ ᠰᠡᠷᠭᠡᠢ᠌ᠯᠡᠨ᠎ᠡ᠃ ᠦᠬᠠᠢ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠤᠰᠤᠨ᠎ᠤ ᠶᠠᠪᠤᠳᠠᠯ᠂ ᠬᠤᠳᠠ ᠵᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠠᠢ ᠬᠠᠮᠵᠢᠯᠴᠠᠨ ᠬᠥᠳᠡᠯᠦᠯᠴᠡᠵᠦ᠂ ᠦᠶᠡᠷ᠎ᠠᠴᠠ ᠡᠮᠦᠨᠡᠬᠢ ᠤᠰᠤᠨ᠎ᠤ ᠴᠢᠨᠠᠷ᠎ᠤᠨ ᠪᠠᠲᠤᠯᠠᠭ᠎ᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠥᠷᠨᠢᠭᠦᠯᠵᠦ᠂ ᠪᠣᠬᠢᠷ ᠤᠰᠤ᠂ ᠪᠣᠷᠣᠭ᠋ᠠᠨ᠎ᠤ ᠤᠰᠤ ᠵᠢ ᠭᠠᠳᠠᠭᠰᠢᠯᠠᠭᠤᠯᠬᠤ ᠬᠣᠭᠣᠯᠠᠢ ᠵᠢᠨ ᠲᠣᠣᠷ᠎ᠢ ᠲᠥᠪᠯᠡᠷᠡᠭᠦᠯᠦᠨ ᠪᠠᠢ᠌ᠴᠠᠭ᠋ᠠᠵᠤ ᠬᠠᠮᠠᠭ᠋ᠠᠯᠠᠨ᠂ ᠠᠰᠠᠭᠤᠳᠠᠯ᠎ᠢ ᠡᠷᠲᠡ ᠢᠯᠡᠷᠡᠭᠦᠯᠵᠦ ᠡᠷᠲᠡ ᠰᠢᠢ᠍ᠳᠪᠦᠷᠢᠯᠡᠬᠦ ᠵᠢ ᠠᠬᠢᠭᠤᠯᠤᠨ᠎ᠠ᠃ ᠪᠠᠶᠠᠨᠨᠠᠭᠤᠷ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠬᠠᠩᠭᠢᠨ ᠬᠣᠢ᠌ᠲᠤ ᠬᠣᠰᠢᠭᠤᠨ᠎ᠤ ᠬᠤᠪᠢᠶᠠᠷᠢ ᠲᠣᠪᠴᠢᠶ᠎ᠠ ᠭᠠᠵᠠᠷ ᠳᠡᠭᠡᠷᠡᠬᠢ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢᠨ ᠲᠤᠰᠬᠠᠢ ᠪᠠᠢ᠌ᠴᠠᠭ᠋ᠠᠯᠲᠠ ᠵᠢ ᠥᠷᠨᠢᠭᠦᠯᠵᠦ᠂ ᠬᠠᠷᠢᠶᠠᠲᠤ ᠣᠷᠣᠨ᠎ᠤ ᠶᠡᠷᠦᠩᠬᠡᠢ ᠭᠠᠳᠠᠭᠰᠢᠯᠠᠭᠤᠯᠬᠤ ᠤᠯᠤᠰ᠎ᠤᠨ ᠬᠢᠨᠠᠨ ᠰᠢᠯᠭ᠋ᠠᠯᠲᠠ ᠵᠢᠨ ᠣᠭᠲᠣᠯᠣᠭ᠋ᠠᠰᠤ ᠵᠢᠨ ᠤᠰᠤ ᠬᠤᠷᠠᠬᠤ ᠬᠡᠪᠴᠢᠶᠡᠨ᠎ᠳᠠᠬᠢ ᠡᠯ᠎ᠡ ᠲᠥᠷᠥᠯ᠎ᠤᠨ ᠪᠣᠬᠢᠷᠲᠤᠯ᠎ᠤᠨ ᠡᠬᠢ ᠵᠢ ᠣᠢ᠌ᠯᠠᠭ᠋ᠠᠨ ᠵᠠᠰᠠᠵᠤ᠂ ᠣᠭᠲᠣᠯᠣᠭ᠋ᠠᠰᠤ ᠵᠢᠨ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠦᠷᠬᠦ ᠵᠢ ᠨᠥᠯᠥᠭᠡᠯᠡᠬᠦ ᠬᠡᠮ ᠰᠣᠭᠣᠭ᠎ᠤᠨ ᠠᠰᠠᠭᠤᠳᠠᠯ᠎ᠢ ᠠᠷᠢᠯᠭ᠋ᠠᠨ᠎ᠠ᠃
ᠭᠣᠣᠯᠳᠠᠯᠭ᠎ᠠ᠎ᠲᠠᠢ ᠴᠠᠭ ᠬᠤᠭᠤᠴᠠᠭ᠋ᠠᠨ᠎ᠤ ᠭᠣᠣᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠬᠢᠨᠠᠨ ᠬᠠᠮᠢᠶᠠᠷᠤᠯᠲᠠ ᠵᠢ ᠴᠢᠩᠭ᠋ᠠᠳᠬᠠᠨ᠎ᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠥᠩᠭᠡᠷᠡᠭᠰᠡᠨ ᠵᠢᠯ᠎ᠤᠳ᠎ᠤᠨ ᠤᠰᠤᠨ᠎ᠤ ᠴᠢᠨᠠᠷ᠎ᠤᠨ ᠬᠡᠯᠪᠡᠯᠵᠡᠯ ᠵᠶ᠋ᠡᠷ ᠨᠡᠯᠢᠶᠡᠳ ᠶᠡᠬᠡ ᠪᠠᠢ᠌ᠭᠰᠠᠨ ᠭᠣᠣᠯ ᠮᠥᠷᠡᠨ᠎ᠤ ᠣᠭᠲᠣᠯᠣᠭ᠋ᠠᠰᠤ ᠵᠢ ᠪᠥᠬᠥ ᠲᠠᠯ᠎ᠠ᠎ᠪᠠᠷ ᠵᠠᠳᠠᠯᠤᠨ ᠡᠮᠬᠢᠯᠡᠵᠦ᠂ ᠣᠷᠴᠢᠨ ᠲᠣᠭᠣᠷᠢᠨ᠎ᠢ ᠬᠢᠨᠠᠨ ᠬᠡᠮᠵᠢᠬᠦ᠂ ᠬᠠᠤᠯᠢ ᠬᠡᠷᠡᠭᠵᠢᠭᠦᠯᠬᠦ᠂ ᠰᠢᠨᠵᠢᠯᠡᠭᠡᠨ ᠰᠤᠳᠤᠯᠭ᠋ᠠᠨ᠂ ᠶᠡᠷᠦᠩᠬᠡᠢ᠌ᠯᠡᠭᠰᠡᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠤᠨ ᠦᠶᠡᠷ᠎ᠤᠨ ᠬᠤᠭᠤᠴᠠᠭ᠋ᠠᠨ᠎ᠤ ᠭᠣᠣᠯ ᠨᠠᠭᠤᠷ᠎ᠤᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠵᠠᠳᠠᠯᠤᠨ ᠵᠥᠪᠳᠡᠯᠴᠡᠬᠦ ᠪᠠ ᠣᠭᠲᠣᠯᠣᠭ᠋ᠠᠰᠤ ᠵᠢᠨ ᠤᠰᠤᠨ᠎ᠤ ᠴᠢᠨᠠᠷ᠎ᠨᠢ ᠪᠠᠷᠢᠮᠵᠢᠶ᠎ᠠ᠎ᠠᠴᠠ ᠬᠡᠲᠦᠷᠡᠭᠰᠡᠨ ᠰᠢᠯᠲᠠᠭ᠋ᠠᠨ᠎ᠢ ᠵᠠᠳᠠᠯᠤᠨ ᠰᠡᠷᠡᠮᠵᠢᠬᠦᠯᠦᠨᠡ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠪᠣᠯᠣᠨ ᠡᠯ᠎ᠡ ᠠᠶ᠋ᠢᠮᠠᠭ ᠬᠣᠲᠠ᠎ᠨᠤᠭᠤᠳ ᠤᠷᠢᠳᠴᠢᠯᠠᠨ ᠰᠡᠷᠡᠮᠵᠢᠯᠡᠭᠦᠯᠬᠦ ᠣᠭᠲᠣᠯᠣᠭ᠋ᠠᠰᠤ ᠵᠢ ᠰᠢᠨᠵᠢᠯᠡᠬᠦ ᠤᠬᠠᠭ᠋ᠠᠨᠴᠢ᠎ᠪᠠᠷ ᠨᠡᠮᠡᠨ ᠪᠠᠢ᠌ᠭᠤᠯᠵᠤ᠂ ᠬᠢᠨᠠᠨ ᠬᠡᠮᠵᠢᠯᠲᠡ ᠵᠢᠨ ᠳᠠᠪᠲᠠᠮᠵᠢ ᠵᠢ ᠨᠡᠮᠡᠭᠳᠡᠭᠦᠯᠦᠨ᠂ ᠤᠯᠤᠰ᠎ᠤᠨ ᠬᠢᠨᠠᠨ ᠰᠢᠯᠭ᠋ᠠᠯᠲᠠ ᠵᠢᠨ ᠣᠭᠲᠣᠯᠣᠭ᠋ᠠᠰᠤ ᠵᠢᠨ ᠤᠰᠤᠨ᠎ᠤ ᠴᠢᠨᠠᠷ᠎ᠢ ᠵᠡᠷᠭᠡ᠎ᠪᠡᠷ ᠬᠢᠨᠠᠨ ᠬᠡᠮᠵᠢᠬᠦ᠂ ᠨᠢᠭᠤᠴᠠᠯᠠᠨ ᠬᠢᠨᠠᠨ ᠬᠡᠮᠵᠢᠬᠦ ᠵᠡᠷᠭᠡ ᠵᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠭᠣᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠠᠵᠤ ᠠᠬᠤᠢ᠌ᠯᠠᠯ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠪᠣᠯᠣᠨ ᠬᠣᠲᠠ ᠪᠠᠯᠭ᠋ᠠᠰᠤ ᠵᠢᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠡᠷᠭᠡ ᠲᠣᠭᠲᠠᠮᠠᠯ ᠡᠬᠢ ᠰᠤᠷᠪᠤᠯᠵᠢ ᠵᠢᠴᠢ ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠵᠢᠨ ᠬᠢᠨᠠᠯᠲᠠ ᠬᠠᠮᠢᠶᠠᠷᠤᠯᠲᠠ ᠵᠢ ᠵᠣᠬᠢᠶᠠᠨ ᠪᠠᠢ᠌ᠭᠤᠯᠤᠨ ᠴᠢᠩᠭ᠋ᠠᠳᠬᠠᠵᠤ᠂ ᠬᠡᠲᠦ ᠭᠠᠳᠠᠭᠰᠢᠯᠠᠭᠤᠯᠬᠤ᠂ ᠳᠠᠯᠳᠠᠭᠤᠷ ᠭᠠᠳᠠᠭᠰᠢᠯᠠᠭᠤᠯᠬᠤ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠨ᠎ᠡ᠃
ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠦᠷᠭᠦᠯᠵᠢᠯᠡᠨ ᠭᠣᠣᠯᠳᠠᠯᠭ᠎ᠠ᠎ᠲᠠᠢ ᠴᠠᠭ ᠬᠤᠭᠤᠴᠠᠭ᠋ᠠᠨ᠎ᠤ ᠪᠥᠬᠥ ᠣᠷᠣᠨ᠎ᠤ ᠭᠠᠵᠠᠷ ᠳᠡᠭᠡᠷᠡᠬᠢ ᠤᠰᠤᠨ᠎ᠤ ᠶᠠᠰᠤ ᠴᠢᠨᠠᠷ᠎ᠤᠨ ᠬᠤᠪᠢᠷᠠᠯᠲᠠ ᠵᠢᠨ ᠪᠠᠶ᠋ᠢᠳᠠᠯ᠎ᠢ ᠴᠢᠩᠭ᠎ᠠ ᠠᠩᠬᠠᠷᠴᠤ᠂ ᠤᠰᠤᠨ᠎ᠤ ᠣᠷᠴᠢᠨ ᠲᠣᠭᠣᠷᠢᠨ᠎ᠤ ᠪᠠᠶ᠋ᠢᠳᠠᠯ᠎ᠢ ᠵᠠᠳᠠᠯᠤᠨ ᠵᠥᠪᠳᠡᠯᠴᠡᠬᠦ ᠪᠠ ᠤᠷᠢᠳᠴᠢᠯᠠᠨ ᠰᠡᠷᠡᠮᠵᠢᠯᠡᠭᠦᠯᠵᠦ ᠱᠠᠯᠠᠪᠳᠠᠭᠤᠯᠤᠨ ᠭᠦᠢ᠍ᠴᠡᠳᠬᠡᠬᠦ ᠵᠡᠷᠭᠡ ᠠᠵᠢᠯ᠎ᠤᠨ ᠲᠣᠭᠲᠠᠴᠠ ᠵᠢ ᠬᠡᠷᠡᠭᠯᠡᠨ᠂ ᠴᠠᠭ ᠲᠤᠬᠠᠢᠳᠤᠨᠢ ᠰᠡᠷᠡᠮᠵᠢᠯᠡᠭᠦᠯᠬᠦ ᠵᠢᠨ ᠬᠠᠮᠲᠤ ᠲᠤᠬᠠᠢ ᠵᠢᠨ ᠭᠠᠵᠠᠷ᠎ᠲᠤᠨᠢ ᠵᠢᠯᠣᠭᠣᠳᠤᠨ ᠲᠡᠳᠬᠦᠵᠦ᠂ ᠭᠣᠣᠯᠳᠠᠯᠭ᠎ᠠ᠎ᠲᠠᠢ ᠰᠠᠪᠠ ᠭᠠᠵᠠᠷ᠎ᠤᠨ ᠭᠣᠣᠯ ᠨᠠᠭᠤᠷ᠎ᠤᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠪᠡᠬᠢᠵᠢᠭᠦᠯᠦᠨ ᠰᠠᠢ᠌ᠵᠢᠷᠠᠭᠤᠯᠬᠤ ᠵᠢ ᠦᠨᠡᠨ ᠬᠦ᠌ ᠪᠠᠲᠤᠯᠠᠨ᠎ᠠ᠃