ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠵᠦ᠂ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠦᠨᠡᠨᠬᠦ ᠰᠠᠶ᠋ᠢᠲᠤᠷ ᠬᠢᠵᠦ᠂ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠲᠠᠰᠤᠷᠠᠯᠳᠡ ᠦᠭᠡᠢ ᠰᠠᠢ᠌ᠵᠢᠷᠠᠭᠤᠯᠬᠤ ᠵᠢᠨ ᠲᠥᠯᠥᠭᠡ᠂ 9 ᠰᠠᠷ᠎ᠠ ᠵᠢᠨ 6 — 7 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠭᠠᠵᠠᠷ᠎ᠤᠨ ᠳᠠᠷᠤᠭ᠎ᠠ ᠱ᠌ᠢ ᠵᠢᠶᠦ᠋ᠨ ᠶᠧ ᠪᠦᠯᠬᠦᠮ ᠳᠠᠭ᠋ᠠᠭᠤᠯᠵᠤ᠂ ᠬᠠᠪᠰᠤᠷᠤᠨ ᠲᠡᠳᠬᠦᠬᠦ ᠠᠵᠢᠯ᠎ᠤᠨ ᠳᠤᠭᠤᠢ᠌ᠯᠠᠩ᠎ᠢ ᠵᠣᠬᠢᠶᠠᠨ ᠪᠠᠢ᠌ᠭᠤᠯᠵᠤ ᠣᠷᠳᠣᠰ ᠬᠤᠳᠠ᠎ᠳᠤ ᠬᠦᠷᠴᠦ 2023 — 2024 ᠣᠨ᠎ᠤ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠵᠤ ᠬᠠᠪᠰᠤᠷᠤᠨ ᠲᠡᠳᠬᠦᠬᠦ ᠠᠵᠢᠯ᠎ᠢ ᠵᠢᠯᠣᠭᠣᠳᠪᠠ᠃
ᠬᠠᠪᠰᠤᠷᠤᠨ ᠲᠡᠳᠬᠦᠬᠦ ᠠᠵᠢᠯ᠎ᠤᠨ ᠳᠤᠭᠤᠢ᠌ᠯᠠᠩ ᠤᠷᠢᠳ ᠬᠣᠵᠢᠳ ᠥᠪᠥᠷ ᠮᠣᠩᠭᠣᠯ᠎ᠤᠨ ᠢ᠎ᠲᠠᠢ ᠨᠡᠭᠦᠷᠡᠰᠦ᠎ᠪᠠᠷ ᠲᠣᠰᠣ ᠦᠢ᠍ᠯᠡᠳᠬᠦ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠥᠪᠥᠷ ᠮᠣᠩᠭᠣᠯ᠎ᠤᠨ ᠳ᠋ᠦᠩ ᠬᠤᠸᠠ ᠡᠨᠧᠷᠭᠢ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠵᠡᠭᠦᠨᠭ᠋ᠠᠷ ᠬᠣᠰᠢᠭᠤᠨ᠎ᠤ ᠵᠡᠭᠦᠨᠭ᠋ᠠᠷ ᠢᠯᠴᠢ ᠵᠢᠨ ᠴᠠᠬᠢᠯᠭ᠋ᠠᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠴᠢ ᠷᠦᠢ ᠮᠠᠰᠢᠨ ᠲᠡᠷᠭᠡᠨ᠎ᠤ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠣᠷᠳᠣᠰ᠎ᠤᠨ ᠬᠤᠪᠢᠶᠠᠷᠢ ᠺᠣᠮᠫᠠᠨᠢ ᠵᠡᠷᠭᠡ ᠳᠣᠯᠣᠭ᠋ᠠᠨ ᠠᠵᠤ ᠠᠬᠤᠢ᠌ᠯᠠᠯ ᠵᠶ᠋ᠠᠷ ᠲᠣᠭᠣᠷᠢᠨ ᠦᠵᠡᠪᠡ᠃ VOCs᠎ᠲᠠᠢ ᠬᠣᠯᠪᠣᠭᠳᠠᠭᠰᠠᠨ ᠠᠵᠤ ᠠᠬᠤᠢ᠌ᠯᠠᠯ᠎ᠤᠨ ᠵᠠᠰᠠᠯᠲᠠ ᠵᠢᠨ ᠤᠷ᠎ᠠ ᠮᠡᠷᠭᠡᠰᠢᠯ᠂ ᠰᠦᠯᠵᠢᠶᠡᠨ ᠳᠡᠭᠡᠷᠡᠬᠢ ᠬᠢᠨᠠᠨ ᠬᠡᠮᠵᠢᠯᠲᠡ ᠵᠡᠷᠭᠡ ᠭᠣᠭᠴᠣᠭ᠎ᠠ᠎ᠳᠤ ᠭᠣᠣᠯᠳᠠᠯᠭ᠎ᠠ᠎ᠲᠠᠢ᠎ᠪᠠᠷ ᠲᠤᠬᠠᠢ ᠵᠢᠨ ᠲᠠᠯᠠᠪᠤᠷ᠎ᠲᠤ ᠬᠠᠪᠰᠤᠷᠤᠨ ᠲᠡᠳᠬᠦᠵᠦ ᠵᠢᠭ᠋ᠠᠨ ᠵᠢᠯᠤᠭᠣᠳᠴᠤ᠂ ᠢᠯᠡᠷᠡᠭᠦᠯᠦᠭᠰᠡᠨ ᠠᠰᠠᠭᠤᠳᠠᠯ᠎ᠳᠤ ᠴᠢᠭᠯᠡᠭᠦᠯᠦᠨ᠂ ᠠᠵᠢᠯᠯᠠᠬᠤ ᠳᠤᠭᠤᠢ᠌ᠯᠠᠩ᠎ᠠᠴᠠ ᠠᠵᠤ ᠠᠬᠤᠢ᠌ᠯᠠᠯ᠎ᠢ ᠬᠠᠪᠰᠤᠷᠤᠨ ᠦᠨᠡᠨᠬᠦ ᠬᠡᠷᠡᠭᠵᠢᠭᠦᠯᠵᠦ ᠪᠣᠯᠬᠤᠶ᠋ᠢᠴᠠ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠲᠣᠭᠲᠠᠭ᠋ᠠᠵᠤ᠂ ᠠᠵᠤ ᠠᠬᠤᠢ᠌ᠯᠠᠯ᠎ᠤᠨ ᠡᠬᠢ ᠡᠭᠦᠰᠦᠯ᠎ᠠᠴᠠ᠎ᠨᠢ ᠡᠵᠡᠮᠳᠡᠬᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠦᠲᠦᠮᠵᠢᠲᠡᠢ ᠪᠠᠭ᠋ᠠᠰᠬᠠᠬᠤ ᠵᠢ ᠱᠠᠯᠠᠪᠳᠠᠭᠤᠯᠵᠠᠢ᠃ ᠡᠭᠦᠨ᠎ᠤ ᠬᠠᠮᠲᠤ᠂ ᠠᠵᠢᠯᠯᠠᠬᠤ ᠳᠤᠭᠤᠢ᠌ᠯᠠᠩ᠎ᠤᠨ᠎ᠬᠢᠨ ᠲᠤᠬᠠᠢ ᠵᠢᠨ ᠲᠠᠯᠠᠪᠠᠶ᠎ᠳᠤ ᠣᠷᠳᠣᠰ ᠬᠣᠲᠠ ᠵᠢᠨ ᠳ᠋ᠦᠩᠱ᠌ᠧᠩ ᠲᠣᠭᠣᠷᠢᠭ᠎ᠤᠨ ᠳᠥᠭᠥᠮ ᠪᠦᠲᠦᠴᠡᠲᠦ ᠣᠷᠣᠨ ᠰᠠᠭᠤᠴᠠᠲᠤ ᠲᠣᠭᠣᠷᠢᠭ᠎ᠤᠨ ᠳᠤᠯᠠᠭ᠋ᠠᠯᠭ᠎ᠠ ᠵᠢᠨ ᠥᠭᠡᠷᠡᠴᠢᠯᠡᠯᠲᠡ ᠵᠢᠨ ᠪᠠᠶ᠋ᠢᠳᠠᠯ᠎ᠢ ᠪᠠᠢ᠌ᠴᠠᠭ᠋ᠠᠨ ᠰᠤᠳᠤᠯᠵᠤ᠂ ᠵᠠᠮ ᠬᠠᠷᠢᠯᠴᠠᠭ᠋ᠠᠨ᠎ᠤ ᠰᠠᠯᠠᠭ᠎ᠠ ᠮᠥᠴᠢᠷ᠎ᠲᠠᠢ ᠬᠠᠮᠲᠤᠷᠠᠨ ᠴᠠᠢ᠌ᠶᠢᠦ ᠲᠣᠰᠣᠨ᠎ᠤ ᠪᠠᠷᠠᠭ᠋ᠠᠨ᠎ᠤ ᠲᠡᠷᠭᠡ ᠵᠢᠨ ᠵᠠᠮ᠎ᠤᠨ ᠪᠠᠢ᠌ᠴᠠᠭ᠋ᠠᠯᠲᠠ ᠪᠠ ᠵᠠᠮ᠎ᠤᠨ ᠪᠠᠢ᠌ᠴᠠᠭ᠋ᠠᠯᠲᠠ ᠵᠢᠨ ᠠᠵᠢᠯ᠎ᠢ ᠥᠷᠨᠢᠭᠦᠯᠵᠦ᠂ ᠬᠠᠮᠢᠶ᠎ᠠ ᠪᠦᠬᠦᠢ ᠮᠡᠷᠭᠡᠵᠢᠯ᠎ᠤᠨ ᠠᠵᠢᠯᠲᠠᠳ ᠲᠣᠨᠣᠭ ᠲᠥᠬᠦᠭᠡᠷᠦᠮᠵᠢ᠎ᠪᠠᠨ ᠠᠪᠴᠤ ᠲᠤᠬᠠᠢ ᠵᠢᠨ ᠲᠠᠯᠠᠪᠤᠷ᠎ᠤᠨ ᠮᠡᠷᠭᠡᠵᠢᠯ᠎ᠤᠨ ᠳᠡᠮᠵᠢᠯᠭᠡ ᠬᠠᠩᠭ᠋ᠠᠵᠤ᠂ ᠴᠠᠢ᠌ᠶᠢᠦ ᠲᠣᠰᠣᠨ᠎ᠤ ᠪᠠᠷᠠᠭ᠋ᠠᠨ᠎ᠤ ᠲᠡᠷᠭᠡ ᠵᠢᠨ ᠵᠢᠯᠣᠭᠣᠴᠢ᠎ᠳᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠢᠵᠦ᠂ ᠴᠠᠢ᠌ᠶᠢᠦ ᠲᠣᠰᠣᠨ᠎ᠤ ᠪᠠᠷᠠᠭ᠋ᠠᠨ᠎ᠤ ᠲᠡᠷᠭᠡ ᠵᠢᠨ ᠭᠠᠳᠠᠭᠰᠢᠯᠠᠭᠤᠯᠬᠤ ᠬᠡᠢ ᠵᠢᠨ ᠪᠠᠷᠢᠮᠵᠢᠶ᠎ᠠ᠎ᠳᠤ ᠬᠦᠷᠬᠦ ᠵᠢ ᠠᠬᠢᠭᠤᠯᠪᠠ᠃
ᠠᠵᠢᠯᠯᠠᠬᠤ ᠳᠤᠭᠤᠢ᠌ᠯᠠᠩ᠎ᠤᠨ ᠲᠣᠰ ᠤᠳᠠᠭ᠋ᠠᠨ᠎ᠤ ᠬᠠᠪᠰᠤᠷᠤᠨ ᠲᠡᠳᠬᠦᠬᠦ ᠵᠢᠯᠣᠭᠣᠳᠤᠯᠭ᠎ᠠ᠎ᠪᠠᠷ ᠳᠡᠮᠵᠢᠨ᠂ ᠣᠷᠳᠣᠰ᠎ᠤᠨ ᠠᠵᠤ ᠠᠬᠤᠢ᠌ᠯᠠᠯ᠎ᠢ ᠬᠠᠪᠰᠤᠷᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠠᠰᠠᠯᠲᠠ ᠪᠠ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠠᠶ᠋ᠢᠮᠠᠭ ᠬᠣᠲᠠ ᠵᠢᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠪᠣᠳᠠᠲᠠᠢ᠌ᠵᠢᠭᠤᠯᠵᠤ᠂ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠪᠡᠬᠢᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮᠤᠷ ᠡᠪᠦᠯ᠎ᠤᠨ ᠤᠯᠠᠷᠢᠯ᠎ᠤᠨ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠵᠢ ᠠᠬᠢᠭᠤᠯᠪᠠ᠃