ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠠᠭᠠᠷ ᠮᠠᠨᠳᠠᠯ᠎ᠤᠨ ᠣᠷᠴᠢᠨ ᠲᠣᠭᠤᠷᠢᠨ᠎ᠤ ᠬᠠᠮᠢᠶᠠᠷᠤᠯᠲᠠ
ᠥᠪᠥᠷ ᠮᠣᠩᠭᠣᠯ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠡᠬᠢᠯᠡᠭᠦᠯᠪᠡ
ᠨᠡᠶ᠋ᠢᠲᠡᠯᠡᠭᠰᠡᠨ ᠴᠠᠭ᠄ 2023-09-18

      8 ᠳ᠋ᠤᠭ᠋ᠠᠷ ᠰᠠᠷ᠎ᠠ ᠵᠢᠨ 24᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ 2023 ᠣᠨ᠎ᠤ ᠪᠥᠬᠥ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠠᠬᠢᠭᠤᠯᠬᠤ ᠵᠢᠴᠢ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠡᠬᠢᠯᠡᠯᠲᠡ ᠵᠢᠨ ᠬᠤᠷᠠᠯ᠎ᠢ ᠬᠤᠷᠠᠯᠳᠤᠭᠤᠯᠵᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠲᠦᠷᠭᠡᠳᠬᠡᠨ ᠴᠡᠪᠡᠷᠰᠢᠭᠦᠯᠵᠦ᠂ ᠨᠠᠩ ᠡᠷᠡᠰ ᠪᠠᠲᠤ ᠣᠪᠣᠷ᠂ ᠨᠠᠩ ᠴᠢᠩᠭ᠎ᠠ ᠠᠷᠭ᠎ᠠ ᠬᠡᠮᠵᠢᠶ᠎ᠡ᠂ ᠨᠠᠩ ᠯᠠᠪᠳᠠᠭᠤᠨ ᠪᠠᠲᠤᠲᠠᠢ ᠰᠤᠷᠲᠠᠯ ᠵᠶ᠋ᠠᠷ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠰᠠᠶ᠋ᠢᠲᠤᠷ ᠠᠳᠬᠤᠪᠠ᠃

      ᠬᠤᠷᠠᠯ᠎ᠠᠴᠠ᠂ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ ᠪᠣᠯ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠮᠥᠨ᠂ ᠡᠷᠬᠡᠪᠰᠢ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠣᠷᠣᠨ ᠪᠦᠰᠡ ᠵᠢᠨ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠵᠢ ᠴᠢᠩᠭ᠋ᠠᠳᠬᠠᠵᠤ᠂ ᠶᠡᠷᠦᠩᠬᠡᠢ᠌ᠯᠡᠭᠰᠡᠨ ᠠᠷᠭ᠎ᠠ ᠬᠡᠮᠵᠢᠶ᠎ᠡ ᠠᠪᠴᠤ᠂ ᠣᠷᠴᠢᠨ ᠲᠣᠭᠣᠷᠢᠨ᠎ᠤ ᠠᠭ᠋ᠠᠷ᠎ᠤᠨ ᠰᠢᠯᠢᠳᠡᠭ ᠰᠠᠢ᠌ᠨ ᠡᠳᠦᠷ᠎ᠤᠨ ᠲᠣᠭ᠎ᠠ ᠵᠢᠨ ᠬᠠᠷᠢᠴᠠᠯ᠎ᠤᠨ ᠣᠨ᠎ᠤ ᠬᠠᠷᠠᠯᠲᠠ ᠵᠢᠨ ᠡᠭᠦᠷᠭᠡ ᠵᠢ ᠪᠡᠶᠡᠯᠡᠭᠦᠯᠵᠦ᠂ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠦᠨᠡᠨᠬᠦ ᠰᠠᠶ᠋ᠢᠲᠤᠷ ᠬᠢᠵᠦ᠂ ᠥᠪᠥᠷ ᠮᠣᠩᠭᠣᠯ᠎ᠤᠨ ᠦᠵᠡᠰᠬᠦᠯᠡᠩᠲᠦ ᠰᠠᠢ᠌ᠬᠠᠨ ᠬᠥᠬᠡ ᠣᠭᠲᠠᠷᠭᠤᠢ ᠵᠢ ᠰᠠᠶ᠋ᠢᠲᠤᠷ ᠰᠠᠬᠢᠨ ᠬᠠᠮᠠᠭ᠋ᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ᠎ᠠᠴᠠ᠂ ᠡᠯ᠎ᠡ ᠠᠶ᠋ᠢᠮᠠᠭ ᠬᠣᠲᠠ ᠵᠢᠨ᠎ᠬᠢᠨ ᠠᠵᠤ ᠦᠢ᠍ᠯᠡᠳᠪᠦᠷᠢ ᠵᠢᠨ ᠨᠦᠬᠡᠨ ᠵᠤᠤᠬ᠎ᠠ ᠵᠢᠨ ᠠᠭ᠋ᠠᠷ ᠮᠠᠨᠳᠠᠯ᠎ᠤᠨ ᠪᠣᠬᠢᠷᠲᠤᠯ᠎ᠢ ᠶᠡᠷᠦᠩᠬᠡᠢ᠌ᠯᠡᠨ ᠵᠠᠰᠠᠬᠤ ᠵᠢ ᠭᠦᠨᠵᠡᠭᠡᠢ ᠬᠡᠷᠡᠭᠵᠢᠭᠦᠯᠵᠦ᠂ ᠴᠡᠪᠡᠷ ᠡᠨᠧᠷᠭᠢ ᠵᠢᠨ ᠣᠷᠤᠯᠠᠭᠤᠯᠤᠯᠲᠠ ᠵᠢ ᠲᠦᠷᠭᠡᠳᠬᠡᠨ ᠠᠬᠢᠭᠤᠯᠵᠤ᠂ ᠠᠵᠤ ᠦᠢ᠍ᠯᠡᠳᠪᠦᠷᠢ ᠵᠢᠨ ᠨᠦᠬᠡᠨ ᠵᠤᠤᠬ᠎ᠠ ᠵᠢ ᠪᠥᠬᠥ ᠲᠠᠯ᠎ᠠ᠎ᠪᠠᠷ ᠪᠠᠷᠢᠮᠵᠢᠶ᠎ᠠ᠎ᠳᠤ ᠬᠦᠷᠦᠭᠦᠯᠦᠨ ᠭᠠᠳᠠᠭᠰᠢᠯᠠᠭᠤᠯᠬᠤ ᠵᠢ ᠪᠡᠶᠡᠯᠡᠭᠦᠯᠬᠦ ᠬᠡᠷᠡᠭᠲᠡᠶ; ᠬᠢᠮᠢ ᠵᠢᠨ ᠠᠵᠤ ᠦᠢ᠍ᠯᠡᠳᠪᠦᠷᠢ᠂ ᠠᠵᠤ ᠦᠢ᠍ᠯᠡᠳᠪᠦᠷᠢ ᠵᠢᠨ ᠲᠦᠷᠬᠢᠮᠡᠯ ᠵᠠᠰᠠᠯ᠂ ᠡᠮ ᠡᠮᠨᠡᠯᠭᠡ᠂ ᠪᠣᠭᠣᠳᠠᠯ ᠳᠠᠷᠤᠮᠠᠯᠯᠠᠯ ᠵᠡᠷᠭᠡ ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠵᠤ ᠦᠢ᠍ᠯᠡᠳᠪᠦᠷᠢ ᠵᠢᠨ ᠢᠷᠡᠯᠲᠡ ᠵᠢᠨ VOCs ᠎ᠤᠨ ᠲᠤᠰᠬᠠᠢ ᠵᠠᠰᠠᠯᠲᠠ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠬᠤ ᠭᠡᠷᠡᠭᠳᠡᠢ; ᠨᠡᠭᠦᠷᠡᠰᠦ ᠰᠢᠲᠠᠭ᠋ᠠᠬᠤ ᠭᠦᠸᠧᠯᠦ ᠵᠢ ᠶᠡᠷᠦᠩᠬᠡᠢ᠌ᠯᠡᠨ ᠵᠠᠰᠠᠬᠤ ᠵᠢ ᠦᠷᠭᠦᠯᠵᠢᠯᠡᠨ ᠬᠡᠷᠡᠭᠵᠢᠭᠦᠯᠵᠦ᠂ ᠠᠷᠢᠭᠤᠨ ᠴᠡᠪᠡᠷ ᠳᠤᠯᠠᠭ᠋ᠠᠯᠠᠭ᠎ᠠ ᠵᠢᠨ ᠥᠭᠡᠷᠡᠴᠢᠯᠡᠯᠲᠡ ᠵᠢ ᠠᠬᠢᠭᠤᠯᠤᠨ᠂ ᠬᠠᠮᠢᠶ᠎ᠠ ᠪᠦᠬᠦᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠨ ᠬᠡᠷᠡᠭᠵᠢᠭᠦᠯᠵᠦ᠂ ᠲᠠᠷᠠᠬᠠᠢ ᠪᠤᠲᠠᠷᠬᠠᠢ ᠨᠡᠭᠦᠷᠡᠰᠦ ᠵᠢ ᠳᠠᠬᠢᠨ ᠰᠢᠲᠠᠭ᠋ᠠᠬᠤ ᠵᠢ ᠴᠢᠩᠭ᠎ᠠ ᠰᠡᠷᠭᠡᠢ᠌ᠯᠡᠬᠦ ᠬᠡᠷᠡᠭᠲᠡᠶ; ᠪᠣᠳᠠᠰ᠎ᠤᠨ ᠮᠠᠲ᠋ᠧᠷᠢᠶᠠᠯ᠎ᠤᠨ ᠣᠪᠣᠭ᠋ᠠᠯᠠᠬᠤ ᠲᠠᠯᠠᠪᠤᠷ᠎ᠤᠨ ᠲᠣᠭᠣᠰᠣ ᠳᠡᠭᠳᠡᠬᠦ ᠵᠢ ᠵᠠᠰᠠᠬᠤ ᠵᠢ ᠦᠷᠭᠦᠯᠵᠢᠯᠡᠨ ᠠᠬᠢᠭᠤᠯᠵᠤ᠂ ᠠᠵᠤ ᠠᠬᠤᠢ᠌ᠯᠠᠯ᠎ᠤᠨ ᠨᠤᠨᠳᠠᠭ ᠬᠡᠯᠪᠡᠷᠢ ᠵᠢᠨ ᠪᠣᠳᠠᠰ᠎ᠤᠨ ᠮᠠᠲ᠋ᠧᠷᠢᠶᠠᠯ᠎ᠢ ᠲᠡᠭᠡᠭᠡᠪᠦᠷᠢᠯᠡᠬᠦ ᠪᠠ ᠳᠠᠮᠵᠢᠭᠤᠯᠤᠨ ᠲᠡᠭᠡᠭᠡᠪᠦᠷᠢᠯᠡᠬᠦ ᠶᠠᠪᠤᠴᠠ᠎ᠳᠠᠬᠢ ᠲᠣᠭᠣᠰᠣ ᠳᠡᠭᠳᠡᠬᠦ ᠵᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠨᠤᠨᠳᠠᠭ ᠬᠡᠯᠪᠡᠷᠢ ᠵᠢᠨ ᠪᠣᠳᠠᠰ᠎ᠤᠨ ᠮᠠᠲ᠋ᠧᠷᠢᠶᠠᠯ᠎ᠤᠨ ᠪᠢᠲᠡᠭᠦᠮᠵᠢᠯᠡᠭᠰᠡᠨ ᠬᠡᠯᠪᠡᠷᠢ ᠵᠢᠨ ᠲᠡᠭᠡᠭᠡᠪᠦᠷᠢ ᠵᠢ ᠴᠢᠩᠭ᠎ᠠ ᠨᠠᠢ᠌ᠳᠠᠪᠤᠷᠢᠵᠢᠭᠤᠯᠬᠤ ᠭᠡᠷᠡᠭᠳᠡᠢ; 《ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ᠎ᠲᠠᠢ》 ᠠᠵᠤ ᠠᠬᠤᠢ᠌ᠯᠠᠯ᠎ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ᠎ᠢ ᠪᠡᠬᠢᠵᠢᠭᠦᠯᠵᠦ᠂ ᠴᠢᠩᠭ᠎ᠠ ᠰᠢᠢ᠍ᠳᠬᠡᠵᠦ ᠴᠢᠩᠭ᠎ᠠ ᠵᠠᠰᠠᠬᠤ ᠰᠦᠷ ᠬᠦᠴᠦᠲᠦ ᠪᠠᠶ᠋ᠢᠳᠠᠯ᠎ᠢ ᠪᠠᠲᠤᠯᠠᠵᠤ᠂ 《ᠲᠠᠷᠠᠬᠠᠢ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ᠎ᠲᠠᠢ》 ᠠᠵᠤ ᠠᠬᠤᠢ᠌ᠯᠠᠯ᠎ᠢ ᠬᠥᠳᠡᠯᠦᠩᠭᠦᠢ᠎ᠪᠠᠷ ᠰᠢᠢ᠍ᠳᠪᠦᠷᠢᠯᠡᠬᠦ ᠭᠡᠷᠡᠭᠳᠡᠢ; ᠡᠰᠢ ᠰᠦᠷᠡᠯ᠎ᠢ ᠰᠢᠲᠠᠭ᠋ᠠᠬᠤ ᠵᠢ ᠴᠠᠭ᠋ᠠᠵᠠᠯᠠᠬᠤ ᠵᠢ ᠬᠠᠮᠢᠶᠠᠷᠤᠨ ᠡᠵᠡᠮᠳᠡᠬᠦ ᠡᠷᠴᠢᠮ᠎ᠢ ᠴᠢᠩᠭ᠋ᠠᠷᠠᠭᠤᠯᠵᠤ᠂ ᠪᠠᠷᠢᠯᠭ᠎ᠠ ᠪᠠᠷᠢᠬᠤ ᠨᠢᠭᠡᠴᠢ ᠵᠢ ᠱᠠᠯᠠᠪᠳᠠᠭᠤᠯᠤᠨ ᠵᠢᠯᠤᠭᠣᠳᠴᠤ ᠪᠠᠶ᠋ᠢᠭ᠋ᠠᠳ 100%᠎ᠤᠨ 6 ᠠᠷᠭ᠎ᠠ ᠬᠡᠮᠵᠢᠶ᠎ᠡ ᠵᠢ ᠰᠠᠶ᠋ᠢᠲᠤᠷ ᠨᠠᠢ᠌ᠳᠠᠪᠤᠷᠢᠵᠢᠭᠤᠯᠵᠤ᠂ ᠬᠣᠲᠠ ᠵᠢᠨ ᠵᠠᠮ᠎ᠤᠨ ᠮᠠᠰᠢᠨ ᠵᠶ᠋ᠠᠷ ᠱᠦᠭᠦᠷᠳᠡᠬᠦ ᠨᠣᠷᠮ᠎ᠠ ᠵᠢ ᠳᠡᠭᠡᠭᠰᠢᠯᠡᠭᠦᠯᠦᠨ᠂ ᠬᠥᠮᠥᠨ᠎ᠤ ᠬᠦᠴᠦᠨ᠎ᠤ ᠬᠣᠶᠠᠳᠠᠭᠢ ᠤᠳᠠᠭ᠋ᠠᠨ᠎ᠤ ᠲᠣᠭᠣᠰᠣ ᠳᠡᠭᠳᠡᠬᠦ ᠵᠢ ᠪᠠᠭ᠋ᠠᠰᠬᠠᠬᠤ ᠭᠡᠷᠡᠭᠳᠡᠢ᠃ ᠨᠡᠭᠦᠷᠡᠰᠦ ᠲᠡᠭᠡᠭᠡᠪᠦᠷᠢᠯᠡᠬᠦ ᠲᠡᠷᠭᠡ᠂ ᠬᠣᠭ ᠰᠢᠪᠠᠷ᠎ᠤᠨ ᠲᠡᠷᠭᠡ᠂ ᠪᠠᠷᠢᠯᠭ᠎ᠠ ᠵᠢᠨ ᠲᠡᠭᠡᠭᠡᠪᠦᠷᠢ ᠵᠢᠨ ᠲᠡᠷᠭᠡ ᠵᠢ ᠴᠢᠩᠭ᠎ᠠ ᠬᠠᠮᠢᠶᠠᠷᠴᠤ᠂ ᠳᠠᠭ᠋ᠠᠭ᠋ᠠᠴᠠ᠎ᠠᠴᠠ ᠬᠡᠲᠦᠷᠡᠭᠦᠯᠬᠦ᠂ ᠵᠠᠮ ᠳᠠᠭ᠋ᠠᠤ ᠠᠰᠬᠠᠬᠤ᠂ ᠳᠤᠷ᠎ᠠ᠎ᠪᠠᠷ ᠵᠶ᠋ᠠᠨ ᠴᠢᠳᠬᠤᠬᠤ ᠵᠡᠷᠭᠡ ᠠᠵᠢᠯᠯᠠᠭ᠎ᠠ ᠵᠢ ᠡᠷᠡᠰ ᠬᠣᠷᠢᠭᠯᠠᠬᠤ ᠬᠡᠷᠡᠭᠲᠡᠢ; ᠲᠣᠰᠣ᠂ ᠵᠠᠮ᠂ ᠲᠡᠷᠭᠡ᠂ ᠠᠵᠤ ᠠᠬᠤᠢ᠌ᠯᠠᠯ᠎ᠤᠨ ᠵᠠᠰᠠᠯᠲᠠ ᠵᠢ ᠨᠢᠭᠡᠳᠦᠯᠲᠡᠢ ᠲᠥᠯᠥᠪᠵᠢᠭᠦᠯᠵᠦ᠂ ᠪᠣᠬᠢᠷᠲᠤᠯ ᠶᠡᠬᠡᠲᠡᠢ ᠮᠠᠰᠢᠨ ᠲᠡᠷᠭᠡᠨ᠎ᠤ ᠤᠳᠤᠭ᠎ᠠ ᠬᠡᠢ ᠵᠢᠨ ᠭᠠᠳᠠᠭᠰᠢᠯᠠᠭᠤᠯᠤᠯᠲᠠ ᠵᠢ ᠰᠤᠭᠤᠴᠢᠨ ᠬᠡᠮᠵᠢᠬᠦ ᠡᠷᠴᠢᠮ᠎ᠢ ᠴᠢᠩᠭ᠋ᠠᠷᠠᠭᠤᠯᠵᠤ᠂ 《ᠬᠠᠷ᠎ᠠ ᠤᠲᠤᠭ᠎ᠠ ᠪᠤᠷᠭᠢᠯᠤᠭᠰᠠᠨ》 ᠮᠠᠰᠢᠨ ᠲᠡᠷᠭᠡ ᠪᠣᠯᠣᠨ ᠪᠠᠷᠢᠮᠵᠢᠶ᠎ᠠ᠎ᠠᠴᠠ ᠬᠡᠲᠦᠷᠡᠭᠦᠯᠦᠨ ᠭᠠᠳᠠᠭᠰᠢᠯᠠᠭᠤᠯᠤᠭᠰᠠᠨ ᠮᠠᠰᠢᠨ ᠲᠡᠷᠭᠡ ᠵᠢᠨ ᠵᠠᠮ᠎ᠳᠤ ᠭᠠᠷᠴᠤ ᠶᠠᠪᠤᠬᠤ ᠵᠢ ᠡᠷᠡᠰ ᠬᠣᠷᠢᠭᠯᠠᠵᠤ᠂ ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠮᠠᠰᠢᠨ ᠮᠧᠬᠠᠨᠢᠭ᠎ᠢ ᠳ᠋ᠤᠭ᠋ᠠᠷᠯᠠᠨ ᠳᠠᠩᠰᠠᠯᠠᠬᠤ ᠪᠠ ᠭᠠᠳᠠᠭᠰᠢᠯᠠᠭᠤᠯᠤᠯᠲᠠ ᠵᠢ ᠪᠠᠢ᠌ᠴᠠᠭ᠋ᠠᠨ ᠬᠡᠮᠵᠢᠬᠦ ᠵᠢ ᠭᠦᠨᠵᠡᠭᠡᠢ ᠠᠬᠢᠭᠤᠯᠵᠤ᠂ ᠰᠢᠨ᠎ᠡ ᠡᠨᠧᠷᠭᠢ ᠵᠢᠨ ᠮᠠᠰᠢᠨ ᠲᠡᠷᠭᠡ ᠵᠢ ᠶᠡᠬᠡᠪᠡᠷ ᠳᠡᠯᠭᠡᠷᠡᠭᠦᠯᠵᠦ᠂ 《ᠰᠢᠨ᠎ᠡ ᠡᠨᠧᠷᠭᠢ + ᠲᠠᠷᠠᠬᠠᠢ ᠪᠤᠲᠠᠷᠬᠠᠢ ᠪᠠᠢ᠌ᠭᠰᠠᠨ᠎ᠢ ᠴᠤᠭᠯᠠᠷᠠᠯ ᠪᠣᠯᠭ᠋ᠠᠨ ᠥᠭᠡᠷᠡᠴᠢᠯᠡᠬᠦ》 ᠲᠡᠭᠡᠭᠡᠪᠦᠷᠢ ᠵᠢᠨ ᠵᠠᠭᠪᠤᠷ᠎ᠢ ᠢᠳᠡᠪᠬᠢᠲᠡᠢ ᠠᠬᠢᠭᠤᠯᠬᠤ ᠬᠡᠷᠡᠭᠲᠡᠢ; ᠡᠮᠦᠨ᠎ᠡ ᠬᠣᠢ᠌ᠨ᠎ᠠ ᠵᠡᠭᠦᠨ ᠪᠠᠷᠠᠭᠤᠨ ᠬᠠᠮᠲᠤᠷᠠᠨ ᠬᠥᠳᠡᠯᠦᠯᠴᠡᠬᠦ ᠵᠢ ᠴᠢᠩᠭ᠋ᠠᠳᠬᠠᠵᠤ᠂ ᠣᠷᠣᠨ ᠪᠦᠰᠡ ᠵᠢᠨ ᠣᠷᠴᠢᠨ ᠲᠣᠭᠣᠷᠢᠨ᠎ᠤ ᠠᠭ᠋ᠠᠷ᠎ᠤᠨ ᠴᠢᠨᠠᠷᠵᠢᠯ᠎ᠢ ᠰᠠᠢ᠌ᠵᠢᠷᠠᠭᠤᠯᠬᠤ ᠵᠢ ᠠᠬᠢᠭᠤᠯᠵᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠨᠠᠷᠢᠨ ᠲᠠᠩᠰᠠ ᠵᠢ ᠬᠥᠳᠡᠯᠦᠩᠭᠦᠢ᠎ᠪᠠᠷ ᠰᠢᠨᠡᠳᠬᠡᠵᠦ᠂ ᠭᠣᠣᠯᠳᠠᠯᠭ᠎ᠠ᠎ᠲᠠᠢ ᠠᠵᠢᠯ ᠲᠥᠷᠥᠯ ᠠᠵᠤ ᠠᠬᠤᠢ᠌ᠯᠠᠯ᠎ᠤᠨ ᠠᠵᠢᠯ᠎ᠤᠨ ᠠᠮᠵᠢᠯᠲᠠ ᠪᠦᠲᠦᠮᠵᠢ ᠵᠢ ᠲᠠᠰ ᠬᠤᠪᠢᠶᠠᠬᠤ᠂ ᠰᠢᠨᠵᠢᠯᠡᠬᠦ ᠤᠬᠠᠭ᠋ᠠᠨᠴᠢ᠎ᠪᠠᠷ ᠨᠠᠷᠢᠯᠢᠭ ᠣᠨᠣᠴᠠᠲᠠᠢ᠎ᠪᠠᠷ ᠲᠥᠷᠥᠯ ᠬᠤᠪᠢᠶᠠᠨ ᠠᠷᠭ᠎ᠠ ᠪᠣᠳᠣᠯᠭ᠎ᠠ ᠠᠭ᠋ᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠵᠢ ᠴᠠᠭ ᠲᠤᠬᠠᠢ᠎ᠳᠤᠨᠢ ᠨᠡᠢ᠌ᠲᠡᠯᠡᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠨ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠷᠠᠭᠤᠯᠤᠨ᠂ ᠣᠷᠣᠨ ᠪᠦᠰᠡ ᠵᠢᠨ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠵᠢ ᠰᠢᠨᠵᠢᠯᠡᠬᠦ ᠤᠬᠠᠭ᠋ᠠᠨᠴᠢ᠎ᠪᠠᠷ᠂ ᠨᠠᠷᠢᠯᠢᠭ ᠣᠨᠣᠴᠠᠲᠠᠢ᠎ᠪᠠᠷ ᠬᠡᠷᠡᠭᠵᠢᠭᠦᠯᠵᠦ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠠᠷᠢᠯᠭ᠋ᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠬᠦᠴᠦᠯᠡᠨ ᠰᠠᠶ᠋ᠢᠲᠤᠷ ᠬᠢᠬᠦ ᠬᠡᠷᠡᠭᠲᠡᠶ ᠭᠡᠵᠦ ᠱᠠᠭ᠋ᠠᠷᠳᠠᠪᠠ᠃

      ᠮᠠᠨ᠎ᠤ ᠣᠷᠣᠨ᠎ᠤ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠬᠡᠷᠡᠭᠵᠢᠭᠦᠯᠬᠦ ᠲᠥᠰᠥᠯ ᠶᠣᠰᠣᠭ᠋ᠠᠷ᠂ 8 ᠰᠠᠷ᠎ᠠ ᠵᠢᠨ 21᠎ᠤ ᠡᠳᠦᠷ᠎ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ᠎ᠠᠴᠠ ᠡᠳᠦᠷ ᠪᠦᠷᠢ ᠡᠯ᠎ᠡ ᠠᠶ᠋ᠢᠮᠠᠭ ᠬᠣᠲᠠ᠎ᠳᠤ ᠠᠭ᠋ᠠᠷ᠎ᠤᠨ ᠴᠢᠨᠠᠷᠵᠢᠯ᠎ᠢ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠵᠢ ᠬᠦᠷᠭᠡᠬᠦ ᠵᠢᠨ ᠬᠠᠮᠲᠤ ᠤᠷᠢᠳᠴᠢᠯᠠᠨ ᠮᠡᠳᠡᠭᠡᠯᠡᠭᠰᠡᠨ ᠪᠠᠶ᠋ᠢᠳᠠᠯ ᠵᠶ᠋ᠠᠨ ᠦᠨᠳᠦᠰᠦᠯᠡᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠎ᠪᠠᠨ ᠳᠤᠷᠠᠳᠴᠤ᠂ ᠬᠠᠮᠢᠶᠠᠷᠤᠨ ᠡᠵᠡᠮᠳᠡᠬᠦ ᠶᠠᠪᠤᠴᠠ ᠳᠠᠭᠤᠰᠤᠭᠰᠠᠨ᠎ᠤ ᠳᠠᠷᠠᠭ᠎ᠠ ᠬᠠᠮᠢᠶ᠎ᠠ ᠪᠦᠬᠦᠢ ᠠᠶ᠋ᠢᠮᠠᠭ ᠬᠣᠲᠠ ᠵᠢᠨ᠎ᠬᠢᠨ ᠪᠣᠬᠢᠷᠲᠤᠯ᠎ᠤᠨ ᠵᠠᠳᠠᠯᠤᠯᠲᠠ ᠪᠠ ᠠᠷᠭ᠎ᠠ ᠬᠡᠮᠵᠢᠶ᠎ᠡ ᠵᠢᠨ ᠦᠷ᠎ᠡ ᠪᠦᠲᠦᠮᠵᠢ ᠵᠢᠨ ᠮᠡᠳᠡᠭᠦᠯᠦᠯᠲᠡ᠎ᠪᠠᠨ ᠴᠠᠭ ᠲᠤᠬᠠᠢ᠎ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠠᠴᠠ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠵᠢᠯᠤᠭᠣᠳᠬᠤ ᠳᠤᠭᠤᠢ᠌ᠯᠠᠩ ᠪᠠᠢ᠌ᠭᠤᠯᠵᠤ᠂ 8 ᠰᠠᠷ᠎ᠠ ᠵᠢᠨ ᠰᠡᠭᠦᠯᠴᠢ᠎ᠠᠴᠠ ᠡᠬᠢᠯᠡᠨ ᠡᠯ᠎ᠡ ᠠᠶ᠋ᠢᠮᠠᠭ ᠬᠣᠲᠠ ᠵᠢᠨ 2023 — 2024 ᠣᠨ᠎ᠤ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠬᠠᠪᠰᠤᠷᠤᠨ ᠵᠢᠯᠣᠭᠣᠳᠤᠨ᠎ᠠ᠂ ᠡᠯ᠎ᠡ ᠠᠶ᠋ᠢᠮᠠᠭ ᠬᠣᠲᠠ ᠵᠢᠨ᠎ᠬᠢᠨ ᠡᠷᠬᠡᠪᠰᠢ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠪᠠᠢ᠌ᠭᠤᠯᠵᠤ᠂ 《ᠡᠭᠦᠷᠭᠡ ᠬᠦᠷᠭᠡᠬᠦ — ᠵᠢᠭᠰᠠᠭ᠋ᠠᠨ ᠪᠠᠢ᠌ᠴᠠᠭ᠋ᠠᠬᠤ ᠵᠢ ᠥᠷᠨᠢᠭᠦᠯᠬᠦ — ᠴᠡᠭᠴᠡᠯᠡᠨ ᠰᠠᠢ᠌ᠵᠢᠷᠠᠭᠤᠯᠬᠤ ᠵᠢ ᠠᠬᠢᠭᠤᠯᠬᠤ — ᠳ᠋ᠤᠭ᠋ᠠᠷ ᠬᠠᠰᠤᠬᠤ ᠵᠢ ᠪᠡᠶᠡᠯᠡᠭᠦᠯᠬᠦ》 ᠪᠢᠲᠡᠭᠦᠮᠵᠢᠯᠡᠭᠰᠡᠨ ᠵᠠᠭᠪᠤᠷ ᠶᠣᠰᠣᠭ᠋ᠠᠷ ᠬᠠᠪᠰᠤᠷᠤᠨ ᠲᠡᠳᠬᠦᠵᠦ ᠵᠢᠯᠤᠭᠣᠳᠬᠤ ᠠᠵᠢᠯ᠎ᠢ ᠬᠠᠮᠵᠢᠯᠴᠠᠨ ᠰᠠᠶ᠋ᠢᠲᠤᠷ ᠬᠢᠵᠦ᠂ ᠵᠤᠷᠪᠤᠰᠯᠠᠨ ᠳᠡᠩᠰᠡᠯᠡᠵᠦ᠂ ᠮᠥᠷᠳᠡᠵᠦ ᠱᠠᠯᠠᠪᠳᠠᠭᠤᠯᠤᠨ ᠭᠦᠢ᠍ᠴᠡᠳᠬᠡᠵᠦ᠂ ᠲᠥᠷᠥᠯ ᠢᠯᠭ᠋ᠠᠯ᠂ ᠲᠥᠷᠥᠯ ᠵᠦᠢ᠍ᠯ᠎ᠤᠨ ᠠᠰᠠᠭᠤᠳᠠᠯ ᠨᠢᠭᠡᠪᠦᠷᠢ᠎ᠪᠠᠷ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠲᠣᠭᠲᠠᠭ᠋ᠠᠵᠤ᠂ ᠴᠡᠭᠴᠡᠯᠡᠨ ᠰᠠᠢ᠌ᠵᠢᠷᠠᠭᠤᠯᠬᠤ ᠵᠢᠨ ᠨᠠᠢ᠌ᠳᠠᠪᠤᠷᠵᠢᠭᠤᠯᠤᠯᠳᠠ ᠵᠢ ᠴᠢᠩᠭ᠎ᠠ ᠪᠥᠭᠡᠳ ᠪᠣᠳᠠᠲᠠᠢ᠎ᠪᠠᠷ ᠠᠬᠢᠭᠤᠯᠬᠤ ᠬᠡᠷᠡᠭᠲᠡᠶ; ᠨᠢᠭᠡᠨᠲᠡ ᠬᠠᠷᠭᠤᠭᠤᠯᠤᠨ ᠲᠣᠳᠣᠯᠠᠵᠤ᠂ ᠬᠡᠷᠡᠭ ᠪᠣᠯᠭ᠋ᠠᠨ ᠳᠠᠩᠰᠠᠯᠠᠬᠤ ᠨᠥᠬᠥᠴᠡᠯ᠎ᠳᠤ ᠨᠡᠢ᠌ᠴᠡᠭᠰᠡᠨ ᠪᠠᠢ᠌ᠪᠠᠯ᠂ ᠬᠠᠤᠯᠢ᠎ᠪᠠᠷ ᠲᠣᠭᠲᠠᠭ᠋ᠠᠭᠰᠠᠨ ᠲᠠᠰ ᠳᠠᠷᠠᠭ᠋ᠠᠯᠠᠯ ᠶᠣᠰᠣᠭ᠋ᠠᠷ᠂ ᠬᠠᠤᠯᠢ ᠲᠣᠭᠲᠠᠭ᠋ᠠᠯ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠵᠦ ᠪᠣᠳᠠᠲᠠᠢ᠌ᠵᠢᠭᠤᠯᠬᠤ ᠬᠡᠷᠡᠭᠲᠡᠶ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠭᠠᠵᠠᠷ᠎ᠤᠨ ᠨᠠᠮ᠎ᠤᠨ ᠡᠭᠦᠷ ᠪᠣᠯᠣᠨ ᠪᠠᠶᠠᠨᠨᠠᠭᠤᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠨᠠᠮ᠎ᠤᠨ ᠡᠭᠦᠷ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠡᠷᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠣᠷᠳᠣᠰ ᠬᠣᠲᠠ᠎ᠳᠤ ᠬᠦᠷᠴᠦ ᠨᠠᠮᠤᠷ ᠡᠪᠦᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠵᠤ ᠬᠠᠪᠰᠤᠷᠤᠨ ᠲᠡᠳᠬᠦᠬᠦ ᠵᠢᠯᠣᠭᠣᠳᠤᠯᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠠᠴᠠ ᠰᠢᠲᠠᠭ᠋ᠠᠯᠭ᠎ᠠ ᠵᠢᠨ ᠨᠡᠭᠦᠷᠡᠰᠦ ᠵᠢ ᠰᠤᠯᠠ ᠰᠢᠲᠠᠭ᠋ᠠᠬᠤ ᠵᠢ ᠶᠡᠷᠦᠩᠬᠡᠢ᠌ᠯᠡᠨ ᠵᠠᠰᠠᠬᠤ ᠢᠳᠡᠪᠬᠢᠲᠡᠢ ᠲᠦᠯᠬᠢᠨ ᠠᠬᠢᠭᠤᠯᠪᠠ
ᠥᠪᠡᠷᠲᠡᠭᠡᠨ ᠵᠠᠰᠠᠬᠤ ᠣᠷᠣᠨ᠎ᠤ ᠠᠭ᠋ᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
 
             蒙ICP备05000248号