ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠠᠭᠠᠷ ᠮᠠᠨᠳᠠᠯ᠎ᠤᠨ ᠣᠷᠴᠢᠨ ᠲᠣᠭᠤᠷᠢᠨ᠎ᠤ ᠬᠠᠮᠢᠶᠠᠷᠤᠯᠲᠠ
ᠠᠮᠢ ᠠᠬᠤᠢ ᠣᠷᠴᠢᠨ ᠲᠣᠭᠣᠷᠢᠨ᠎ᠤ ᠶᠠᠮᠤᠨ 《ᠳᠤᠮᠳᠠᠳᠤ ᠤᠯᠤᠰ᠎ᠤᠨ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠭᠰᠠᠨ ᠮᠡᠳᠡᠭᠦᠯᠦᠯᠲᠡ (2024)》 ᠵᠢ ᠨᠡᠢ᠌ᠲᠡᠯᠡᠪᠡ
ᠨᠡᠶ᠋ᠢᠲᠡᠯᠡᠭᠰᠡᠨ ᠴᠠᠭ᠄ 2024-10-16

      ᠪᠥᠬᠥ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠡᠷᠴᠢᠮ ᠵᠶ᠋ᠡᠨ ᠲᠠᠰᠤᠷᠠᠯᠲᠠ ᠦᠭᠡᠢ ᠴᠢᠩᠭ᠋ᠠᠷᠠᠭᠤᠯᠵᠤ᠂ ᠪᠥᠬᠥ ᠤᠯᠤᠰ᠎ᠤᠨ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯᠯᠠᠭ᠋ᠠᠨ᠎ᠤ ᠲᠥᠯᠥᠪᠯᠡᠭᠡ》 (ᠳᠣᠷᠣᠭᠰᠢ 《ᠠᠵᠢᠯᠯᠠᠭ᠋ᠠᠨ᠎ᠤ ᠲᠥᠯᠥᠪᠯᠡᠭᠡ》 ᠭᠡᠵᠦ ᠲᠣᠪᠴᠢᠯᠠᠨ᠎ᠠ) ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ 《ᠳᠤᠮᠳᠠᠳᠤ ᠤᠯᠤᠰ᠎ᠤᠨ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠭᠰᠠᠨ ᠮᠡᠳᠡᠭᠦᠯᠦᠯᠲᠡ (2024)》 ᠵᠢ ᠨᠡᠢ᠌ᠲᠡᠯᠡᠪᠡ᠂ ᠡᠨᠡ ᠪᠣᠯ 2011 ᠣᠨ᠎ᠠᠴᠠ ᠨᠠᠭ᠋ᠠᠰᠢ 13 ᠵᠢᠯ ᠳᠠᠷᠠᠭ᠋ᠠᠯᠠᠨ ᠨᠡᠢ᠌ᠲᠡᠯᠡᠵᠦ ᠪᠠᠢ᠌ᠭ᠎ᠠ ᠶᠠᠪᠤᠳᠠᠯ ᠪᠣᠯᠣᠨ᠎ᠠ᠃ ᠮᠡᠳᠡᠭᠦᠯᠦᠯᠲᠡ᠎ᠳᠤ ᠡᠯ᠎ᠡ ᠮᠤᠵᠢ ᠵᠢᠨ ᠳᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠳ᠋ᠦᠩᠨᠡᠭᠰᠡᠨ ᠰᠠᠭᠤᠷᠢᠨ ᠳᠡᠭᠡᠷ᠎ᠡ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠵᠢᠨ ᠠᠵᠢᠯ᠎ᠤᠨ ᠠᠭᠤᠯᠭ᠎ᠠ ᠵᠢ ᠰᠢᠩᠭᠡᠬᠡᠨ ᠠᠪᠴᠤ᠂ 《ᠠᠵᠢᠯᠯᠠᠭ᠋ᠠᠨ᠎ᠤ ᠲᠥᠯᠥᠪᠯᠡᠭᠡ》 ᠵᠢ ᠨᠡᠢ᠌ᠲᠡᠯᠡᠭᠰᠡᠨ᠎ᠠᠴᠠ ᠨᠠᠭ᠋ᠠᠰᠢᠬᠢ ᠨᠢᠭᠡ ᠵᠢᠯ᠎ᠤᠨ ᠲᠤᠷᠰᠢᠬᠢ ᠡᠯ᠎ᠡ ᠰᠠᠯᠠᠭ᠎ᠠ ᠮᠥᠴᠢᠷ᠂ ᠡᠯ᠎ᠡ ᠭᠠᠵᠠᠷ ᠣᠷᠣᠨ᠎ᠤ ᠳᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠣᠯᠣᠭᠰᠠᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ᠂ ᠰᠢᠨ᠎ᠡ ᠰᠢᠪᠲᠤᠯᠤᠯᠲᠠ ᠵᠢ ᠲᠥᠪᠯᠡᠷᠡᠭᠦᠯᠦᠨ ᠳᠡᠯᠭᠡᠨ ᠦᠵᠡᠭᠦᠯᠵᠡᠢ᠃
      ᠳᠠᠭ᠋ᠠᠯᠳᠤᠭᠤᠯᠤᠯ᠄ 《ᠳᠤᠮᠳᠠᠳᠤ ᠤᠯᠤᠰ᠎ᠤᠨ ᠳᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠭᠰᠠᠨ ᠮᠡᠳᠡᠭᠦᠯᠦᠯᠲᠡ(2024)》

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠴᠥᠮ᠎ᠡ ᠪᠣᠯᠣᠨ ᠰᠠᠴᠤᠷᠠᠭ᠎ᠢ ᠬᠢᠨᠠᠨ ᠬᠡᠮᠵᠢᠬᠦ ᠲᠥᠪ ᠲᠤᠷᠰᠢᠯᠲᠠ ᠵᠢᠨ ᠲᠠᠰᠤᠭ᠎ᠤᠨ ᠵᠥᠪᠰᠢᠶᠡᠷᠡᠬᠦ ᠪᠠᠷᠢᠮᠵᠢᠶ᠎ᠠ ᠵᠢᠨ ᠬᠡᠷᠡᠭᠯᠡᠭᠡᠨ᠎ᠤ ᠱᠠᠭ᠋ᠠᠷᠳᠠᠯᠭ᠎ᠠ ᠵᠢᠨ ᠪᠣᠯᠪᠠᠰᠤᠷᠠᠯ ᠬᠢᠪᠡ
ᠮᠠᠨ᠎ᠤ ᠣᠷᠣᠨ ᠡᠨᠧᠷᠭᠢ ᠠᠷᠪᠢᠯᠠᠬᠤ ᠵᠤᠤᠬᠠᠨ ᠬᠡᠷᠡᠭᠰᠡᠯ᠎ᠤᠨ ᠲᠤᠬᠠᠢ ᠵᠢᠨ ᠭᠠᠵᠠᠷ᠎ᠤᠨ ᠦᠵᠡᠭᠦᠯᠭᠡ ᠵᠢᠨ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠠᠴᠠ ᠪᠦᠬᠦ ᠣᠷᠣᠨ᠎ᠤ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢᠲᠤ ᠣᠷᠣᠨ᠎ᠢ ᠬᠤᠪᠢᠶᠠᠷᠢᠯᠠᠨ ᠰᠠᠯᠭ᠋ᠠᠬᠤ ᠵᠢᠴᠢ ᠲᠣᠬᠢᠷᠠᠭᠤᠯᠬᠤ ᠮᠡᠷᠭᠡᠵᠢᠯ᠎ᠤᠨ ᠪᠣᠯᠪᠠᠰᠤᠷᠠᠯ᠎ᠤᠨ ᠠᠩᠭᠢ ᠡᠷᠬᠢᠯᠡᠪᠡ
ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠬᠣᠯᠪᠣᠭ᠋ᠠᠯᠠᠨ ᠰᠡᠷᠭᠡᠢ᠌ᠯᠡᠨ ᠬᠣᠯᠪᠣᠭ᠋ᠠᠯᠠᠨ ᠡᠵᠡᠮᠳᠡᠵᠦ ᠬᠣᠯᠪᠣᠭ᠋ᠠᠯᠠᠨ ᠵᠠᠰᠠᠬᠤ 2018 ᠣᠨ᠎ᠤ ᠠᠵᠢᠯ᠎ᠢ ᠠᠬᠢᠭᠤᠯᠬᠤ ᠬᠤᠷᠠᠯ᠎ᠢ ᠬᠤᠷᠠᠯᠳᠤᠭᠤᠯᠵᠤ᠂ ᠪᠦ᠋ ᠰᠢᠶᠣᠤ ᠯᠢᠨ ᠬᠤᠷᠠᠯ ᠡᠷᠬᠢᠯᠡᠪᠡ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠭᠤᠷᠪᠠᠨ ᠵᠢᠯ᠎ᠤᠨ ᠰᠢᠪᠲᠤᠯᠤᠯᠲᠠ ᠵᠢᠨ ᠲᠥᠯᠥᠪᠯᠡᠭᠡ》 ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠨᠠᠷᠢᠯᠢᠭ ᠵᠣᠬᠢᠶᠠᠨ ᠪᠠᠢ᠌ᠭᠤᠯᠵᠤ ᠰᠢᠪᠲᠤᠯᠤᠯᠲᠠ ᠬᠢᠵᠦ ᠬᠦᠴᠢᠷ᠎ᠢ ᠲᠡᠪᠴᠢᠨ ᠬᠢᠨᠠᠮᠠᠭ᠋ᠠᠢ ᠪᠠᠢ᠌ᠷᠢᠯᠠᠭᠤᠯᠪᠠ
 
             蒙ICP备05000248号