ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠠᠭᠠᠷ ᠮᠠᠨᠳᠠᠯ᠎ᠤᠨ ᠣᠷᠴᠢᠨ ᠲᠣᠭᠤᠷᠢᠨ᠎ᠤ ᠬᠠᠮᠢᠶᠠᠷᠤᠯᠲᠠ
ᠥᠪᠡᠷᠲᠡᠭᠡᠨ ᠵᠠᠰᠠᠬᠤ ᠣᠷᠣᠨ᠎ᠤ ᠴᠥᠮ᠎ᠡ ᠪᠣᠯᠣᠨ ᠰᠠᠴᠤᠷᠠᠭ᠎ᠢ ᠬᠢᠨᠠᠨ ᠬᠡᠮᠵᠢᠬᠦ ᠲᠥᠪ ᠲᠤᠷᠰᠢᠯᠲᠠ ᠵᠢᠨ ᠲᠠᠰᠤᠭ᠎ᠤᠨ ᠵᠥᠪᠰᠢᠶᠡᠷᠡᠬᠦ ᠪᠠᠷᠢᠮᠵᠢᠶ᠎ᠠ ᠵᠢᠨ ᠬᠡᠷᠡᠭᠯᠡᠭᠡᠨ᠎ᠤ ᠱᠠᠭ᠋ᠠᠷᠳᠠᠯᠭ᠎ᠠ ᠵᠢᠨ ᠪᠣᠯᠪᠠᠰᠤᠷᠠᠯ ᠬᠢᠪᠡ
ᠨᠡᠶ᠋ᠢᠲᠡᠯᠡᠭᠰᠡᠨ ᠴᠠᠭ᠄ 2024-12-12

      ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠠᠰᠤ ᠴᠢᠨᠠᠷ᠎ᠤᠨ ᠬᠠᠮᠢᠶᠠᠷᠤᠯᠲᠠ ᠪᠣᠯ ᠲᠣᠭ᠎ᠠ ᠪᠠᠷᠢᠮᠲᠠ ᠵᠢᠨ ᠠᠮᠢᠨ ᠰᠦᠨᠡᠰᠦ ᠵᠢ ᠡᠵᠡᠮᠳᠡᠬᠦ ᠵᠠᠩᠭᠢᠯᠠᠭ᠎ᠠ ᠵᠢᠨ ᠭᠣᠭᠴᠣᠭ᠎ᠠ ᠮᠥᠨ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠤᠨ ᠠᠮᠢᠨ ᠰᠤᠳᠠᠰᠤ ᠮᠥᠨ᠃ ᠥᠪᠡᠷᠲᠡᠭᠡᠨ ᠵᠠᠰᠠᠬᠤ ᠣᠷᠣᠨ᠎ᠤ ᠴᠥᠮ᠎ᠡ ᠪᠣᠯᠣᠨ ᠰᠠᠴᠤᠷᠠᠭ᠎ᠢ ᠬᠢᠨᠠᠨ ᠬᠡᠮᠵᠢᠬᠦ ᠲᠥᠪ᠎ᠨᠢ ᠶᠠᠰᠤ ᠴᠢᠨᠠᠷ᠎ᠤᠨ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠪᠠᠷ ᠵᠣᠷᠢᠯᠭ᠎ᠠ ᠪᠣᠯᠭ᠋ᠠᠵᠤ᠂ ᠨᠠᠷᠢᠯᠢᠭ ᠣᠨᠣᠴᠠᠲᠠᠢ᠎ᠪᠠᠷ ᠶᠠᠰᠤ ᠴᠢᠨᠠᠷ᠎ᠤᠨ ᠡᠵᠡᠮᠳᠡᠯ᠎ᠢ ᠦᠷᠭᠦᠯᠵᠢᠯᠡᠨ ᠬᠡᠷᠡᠭᠵᠢᠭᠦᠯᠵᠦ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠪᠣᠯᠪᠠᠰᠤᠷᠠᠯ᠎ᠢ ᠲᠠᠰᠤᠷᠠᠯᠲᠠ ᠦᠭᠡᠢ ᠴᠢᠩᠭ᠋ᠠᠳᠬᠠᠪᠠ᠃ ᠣᠢ᠌ᠷ᠎ᠠ᠎ᠳᠤ᠂ ᠣᠨᠴᠠ ᠤᠷᠢᠭᠰᠠᠨ ᠲᠤᠷᠰᠢᠯᠲᠠ ᠵᠢᠨ ᠲᠠᠰᠤᠭ᠎ᠤᠨ ᠵᠥᠪᠰᠢᠶᠡᠷᠡᠯ᠎ᠤᠨ ᠬᠦᠷᠢᠶᠡᠨ᠎ᠳᠠᠬᠢ ᠨᠡᠷ᠎ᠡ ᠬᠦᠨᠳᠦᠲᠦ ᠲᠤᠰᠬᠠᠢ ᠮᠡᠷᠭᠡᠵᠢᠯᠲᠡᠨ ᠳᠤᠮᠳᠠᠳᠤ ᠤᠯᠤᠰ᠎ᠤᠨ ᠬᠢᠷᠢ ᠲᠡᠩᠴᠡᠬᠦ ᠵᠢ ᠦᠨᠡᠯᠡᠨ ᠲᠣᠭᠲᠠᠭ᠋ᠠᠬᠤ ᠤᠯᠤᠰ᠎ᠤᠨ ᠵᠥᠪᠰᠢᠶᠡᠷᠡᠯ᠎ᠤᠨ ᠵᠥᠪᠯᠡᠯ᠎ᠤᠨ ᠰᠢᠨ᠎ᠡ᠎ᠪᠠᠷ ᠨᠡᠢ᠌ᠲᠡᠯᠡᠭᠰᠡᠨ 《ᠰᠢᠯᠭ᠋ᠠᠨ ᠪᠠᠢ᠌ᠴᠠᠭ᠋ᠠᠬᠤ ᠪᠠ ᠰᠢᠯᠭ᠋ᠠᠬᠤ ᠲᠤᠷᠰᠢᠯᠲᠠ ᠵᠢᠨ ᠲᠠᠰᠤᠭ᠎ᠤᠨ ᠴᠢᠳᠠᠪᠤᠷᠢ ᠵᠢᠨ ᠵᠥᠪᠰᠢᠶᠡᠷᠡᠯ᠎ᠤᠨ ᠪᠠᠷᠢᠮᠵᠢᠶ᠎ᠠ ᠵᠢᠨ ᠬᠡᠷᠡᠭᠯᠡᠯᠲᠡ ᠵᠢᠨ ᠱᠠᠭ᠋ᠠᠷᠳᠠᠯᠭ᠎ᠠ》᠎ᠳᠤ ᠴᠢᠭᠯᠡᠭᠦᠯᠦᠨ ᠲᠤᠰᠬᠠᠢ ᠰᠡᠳᠦᠪᠲᠦ ᠪᠣᠯᠪᠠᠰᠤᠷᠠᠯ ᠬᠢᠭᠰᠡᠨ ᠪᠠᠢ᠌ᠨ᠎ᠠ᠃
      ᠲᠣᠰ ᠤᠳᠠᠭ᠋ᠠᠨ᠎ᠤ ᠪᠣᠯᠪᠠᠰᠤᠷᠠᠯ᠎ᠳᠤ 《ᠲᠤᠷᠰᠢᠯᠲᠠ ᠵᠢᠨ ᠲᠠᠰᠤᠭ᠎ᠤᠨ ᠴᠢᠳᠠᠪᠤᠷᠢ ᠵᠢᠨ ᠵᠥᠪᠰᠢᠶᠡᠷᠡᠯ᠎ᠤᠨ ᠪᠠᠷᠢᠮᠵᠢᠶ᠎ᠠ ᠵᠢ ᠰᠢᠯᠭ᠋ᠠᠨ ᠪᠠᠢ᠌ᠴᠠᠭ᠋ᠠᠬᠤ ᠪᠠ ᠰᠢᠯᠭ᠋ᠠᠬᠤ ᠱᠠᠭ᠋ᠠᠷᠳᠠᠯᠭ᠎ᠠ》 ᠵᠢᠨ ᠰᠢᠨ᠎ᠡ᠎ᠪᠠᠷ ᠨᠡᠮᠡᠭᠰᠡᠨ ᠠᠭᠤᠯᠭ᠎ᠠ᠂ 2018 ᠣᠨ᠎ᠤ ᠬᠡᠪᠯᠡᠯ᠎ᠤᠨ ᠬᠤᠪᠢᠷᠠᠭᠤᠯᠤᠭᠰᠠᠨ ᠠᠭᠤᠯᠭ᠎ᠠ᠂ ᠬᠠᠰᠤᠭᠰᠠᠨ ᠠᠭᠤᠯᠭ᠎ᠠ᠎ᠪᠠᠷ ᠭᠠᠷᠳᠠᠴᠠ ᠪᠣᠯᠭ᠋ᠠᠵᠤ᠂ ᠰᠢᠨ᠎ᠡ ᠮᠡᠷᠭᠡᠵᠢᠯ᠎ᠤᠨ ᠠᠵᠢᠯᠲᠠᠨ᠂ ᠰᠢᠨ᠎ᠡ ᠠᠵᠢᠯ᠎ᠤᠨ ᠪᠠᠶ᠋ᠢᠷᠢ ᠰᠢᠯᠵᠢᠭᠰᠡᠨ ᠠᠵᠢᠯᠲᠠᠨ ᠪᠠ ᠰᠢᠨ᠎ᠡ ᠮᠡᠷᠭᠡᠵᠢᠯ᠎ᠤᠨ ᠠᠵᠢᠯᠯᠠᠭ᠎ᠠ ᠵᠢ ᠥᠷᠭᠡᠳᠬᠡᠭᠰᠡᠨ ᠣᠳᠣ ᠵᠢᠨ ᠪᠠᠢ᠌ᠭ᠎ᠠ ᠮᠡᠷᠭᠡᠵᠢᠯ᠎ᠤᠨ ᠠᠵᠢᠯᠲᠠᠨ᠎ᠤ ᠪᠣᠯᠪᠠᠰᠤᠷᠠᠯ ᠪᠠ ᠴᠢᠳᠠᠪᠤᠷᠢ ᠵᠢ ᠬᠢᠨᠠᠨ ᠡᠵᠡᠮᠳᠡᠬᠦ᠂ ᠠᠷᠭ᠎ᠠ ᠵᠢ ᠰᠣᠩᠭᠣᠬᠤ ᠪᠠ ᠰᠢᠯᠭ᠋ᠠᠨ ᠪᠠᠲᠤᠯᠠᠬᠤ᠂ ᠠᠶᠤᠯ ᠲᠦᠭᠰᠢᠭᠦᠷᠢ ᠵᠢ ᠢᠯᠭ᠋ᠠᠨ ᠲᠠᠨᠢᠬᠤ᠂ ᠮᠡᠳᠡᠭᠦᠯᠦᠭᠰᠡᠨ ᠰᠠᠨᠠᠯ ᠪᠠ ᠲᠠᠢ᠌ᠯᠪᠤᠷᠢᠯᠠᠯᠲᠠ᠂ ᠳᠣᠲᠣᠭ᠋ᠠᠳᠤ ᠵᠢᠨ ᠬᠢᠨᠠᠯᠲᠠ ᠬᠠᠮᠢᠶᠠᠷᠤᠯᠲᠠ ᠵᠡᠷᠭᠡ ᠠᠭᠤᠯᠭ᠎ᠠ ᠵᠢ ᠰᠢᠰᠲ᠋ᠧᠮ᠎ᠲᠠᠢ ᠨᠠᠷᠢᠨ ᠲᠠᠢ᠌ᠯᠪᠤᠷᠢᠯᠠᠵᠤ᠂ ᠡᠭᠦᠨ᠎ᠤ ᠬᠠᠮᠲᠤ ᠪᠠᠰᠠ ᠰᠢᠨ᠎ᠡ ᠬᠡᠪᠯᠡᠯ᠎ᠤᠨ ᠬᠡᠷᠡᠭᠯᠡᠭᠡᠨ᠎ᠤ ᠱᠠᠭ᠋ᠠᠷᠳᠠᠯᠭ᠎ᠠ ᠵᠢ ᠨᠡᠢ᠌ᠲᠡᠯᠡᠭᠰᠡᠨ᠎ᠤ ᠳᠠᠷᠠᠭ᠎ᠠ ᠡᠵᠡᠮᠳᠡᠯ᠎ᠤᠨ ᠬᠠᠮᠢᠶᠠᠷᠤᠯᠲᠠ᠂ ᠪᠣᠯᠪᠠᠰᠤᠷᠠᠯ᠎ᠢ ᠤᠬᠠᠭᠤᠯᠤᠨ ᠲᠤᠭᠤᠰᠢᠯᠠᠭᠤᠯᠬᠤ᠂ ᠰᠢᠰᠲ᠋ᠧᠮ᠎ᠤᠨ ᠪᠢᠴᠢᠭ ᠮᠠᠲ᠋ᠧᠷᠢᠶᠠᠯ᠎ᠳᠤ ᠵᠠᠰᠠᠪᠤᠷᠢ ᠣᠷᠣᠭᠤᠯᠬᠤ ᠵᠡᠷᠭᠡ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃ ᠪᠣᠯᠪᠠᠰᠤᠷᠠᠯ᠎ᠤᠨ ᠶᠠᠪᠤᠴᠠ᠎ᠳᠤ᠂ ᠬᠢᠨᠠᠨ ᠰᠢᠯᠭ᠋ᠠᠬᠤ ᠠᠵᠢᠯᠲᠠᠳ ᠡᠩ᠎ᠤᠨ ᠦᠶ᠎ᠡ ᠵᠢᠨ ᠠᠵᠢᠯ᠎ᠤᠨ ᠳᠤᠮᠳᠠ ᠲᠣᠬᠢᠶᠠᠯᠳᠤᠭᠰᠠᠨ ᠰᠡᠵᠢᠭᠲᠡᠢ ᠵᠦᠢ᠍ᠯ᠂ ᠬᠦᠴᠢᠷᠲᠡᠢ ᠠᠰᠠᠭᠤᠳᠠᠯ᠎ᠤᠨ ᠲᠠᠯ᠎ᠠ᠎ᠪᠠᠷ ᠪᠠᠭᠰᠢ ᠨᠠᠷ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠨ ᠶᠠᠷᠢᠯᠴᠠᠪᠠ᠃
      ᠣᠢ᠌ᠷ᠎ᠠ ᠵᠢᠨ ᠵᠢᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠴᠥᠮ᠎ᠡ ᠪᠣᠯᠣᠨ ᠰᠠᠴᠤᠷᠠᠭ᠎ᠤᠨ ᠬᠢᠨᠠᠨ ᠬᠡᠮᠵᠢᠯᠲᠡ ᠵᠢᠨ ᠲᠥᠪ᠎ᠤᠨ᠎ᠬᠢᠨ ᠬᠥᠭᠵᠢᠯᠲᠡ ᠵᠢᠨ ᠳᠤᠮᠳᠠ ᠲᠤᠯᠭ᠋ᠠᠷᠠᠭᠰᠠᠨ ᠰᠢᠨ᠎ᠡ ᠠᠰᠠᠭᠤᠳᠠᠯ ᠰᠢᠨ᠎ᠡ ᠥᠷᠢᠰᠥᠯᠳᠦᠭᠡᠨ᠎ᠢ ᠦᠷᠭᠦᠯᠵᠢᠯᠡᠨ ᠰᠢᠢ᠍ᠳᠪᠦᠷᠢᠯᠡᠵᠦ᠂ 《ᠴᠢᠩᠭ᠎ᠠ ᠪᠣᠯᠭᠣᠮᠵᠢᠲᠠᠢ ᠨᠠᠷᠢᠨ ᠪᠣᠳᠠᠲᠠᠢ》 ᠪᠠᠶ᠋ᠢᠬᠤ ᠬᠠᠲᠠᠭᠤ ᠴᠢᠩᠭ᠎ᠠ ᠰᠤᠷᠲᠠᠯ᠎ᠢ ᠦᠢ᠍ᠯᠡᠳᠦᠯᠭᠡᠵᠢᠭᠦᠯᠵᠦ᠂ ᠲᠣᠭ᠎ᠠ ᠪᠠᠷᠢᠮᠲᠠ ᠵᠢᠨ ᠶᠠᠰᠤ ᠴᠢᠨᠠᠷ ᠵᠶ᠋ᠠᠷ ᠤᠳᠤᠷᠢᠳᠤᠮᠵᠢ ᠪᠣᠯᠭ᠋ᠠᠨ ᠡᠯ᠎ᠡ ᠵᠦᠢ᠍ᠯ᠎ᠤᠨ ᠲᠤᠬᠠᠢ᠌ᠯᠠᠭᠰᠠᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠨᠡᠩ ᠣᠨᠣᠪᠴᠢᠲᠠᠢ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠵᠤ᠂ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ 《ᠦᠨᠡᠨ᠂ ᠣᠨᠣᠪᠴᠢᠲᠠᠢ᠂ ᠪᠦᠷᠢᠨ᠂ ᠲᠦᠷᠭᠡᠨ᠂ ᠰᠢᠨ᠎ᠡ》 ᠪᠠᠶ᠋ᠢᠬᠤ ᠵᠢ ᠦᠨᠡᠨ ᠬᠦ᠌ ᠪᠠᠲᠤᠯᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ ᠡᠨᠧᠷᠭᠢ ᠠᠷᠪᠢᠯᠠᠬᠤ ᠵᠤᠤᠬᠠᠨ ᠬᠡᠷᠡᠭᠰᠡᠯ᠎ᠤᠨ ᠲᠤᠬᠠᠢ ᠵᠢᠨ ᠭᠠᠵᠠᠷ᠎ᠤᠨ ᠦᠵᠡᠭᠦᠯᠭᠡ ᠵᠢᠨ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠠᠴᠠ ᠪᠦᠬᠦ ᠣᠷᠣᠨ᠎ᠤ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢᠲᠤ ᠣᠷᠣᠨ᠎ᠢ ᠬᠤᠪᠢᠶᠠᠷᠢᠯᠠᠨ ᠰᠠᠯᠭ᠋ᠠᠬᠤ ᠵᠢᠴᠢ ᠲᠣᠬᠢᠷᠠᠭᠤᠯᠬᠤ ᠮᠡᠷᠭᠡᠵᠢᠯ᠎ᠤᠨ ᠪᠣᠯᠪᠠᠰᠤᠷᠠᠯ᠎ᠤᠨ ᠠᠩᠭᠢ ᠡᠷᠬᠢᠯᠡᠪᠡ
ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠬᠣᠯᠪᠣᠭ᠋ᠠᠯᠠᠨ ᠰᠡᠷᠭᠡᠢ᠌ᠯᠡᠨ ᠬᠣᠯᠪᠣᠭ᠋ᠠᠯᠠᠨ ᠡᠵᠡᠮᠳᠡᠵᠦ ᠬᠣᠯᠪᠣᠭ᠋ᠠᠯᠠᠨ ᠵᠠᠰᠠᠬᠤ 2018 ᠣᠨ᠎ᠤ ᠠᠵᠢᠯ᠎ᠢ ᠠᠬᠢᠭᠤᠯᠬᠤ ᠬᠤᠷᠠᠯ᠎ᠢ ᠬᠤᠷᠠᠯᠳᠤᠭᠤᠯᠵᠤ᠂ ᠪᠦ᠋ ᠰᠢᠶᠣᠤ ᠯᠢᠨ ᠬᠤᠷᠠᠯ ᠡᠷᠬᠢᠯᠡᠪᠡ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠭᠤᠷᠪᠠᠨ ᠵᠢᠯ᠎ᠤᠨ ᠰᠢᠪᠲᠤᠯᠤᠯᠲᠠ ᠵᠢᠨ ᠲᠥᠯᠥᠪᠯᠡᠭᠡ》 ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠨᠠᠷᠢᠯᠢᠭ ᠵᠣᠬᠢᠶᠠᠨ ᠪᠠᠢ᠌ᠭᠤᠯᠵᠤ ᠰᠢᠪᠲᠤᠯᠤᠯᠲᠠ ᠬᠢᠵᠦ ᠬᠦᠴᠢᠷ᠎ᠢ ᠲᠡᠪᠴᠢᠨ ᠬᠢᠨᠠᠮᠠᠭ᠋ᠠᠢ ᠪᠠᠢ᠌ᠷᠢᠯᠠᠭᠤᠯᠪᠠ
ᠮᠠᠨ᠎ᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠮᠠᠰᠢᠨ ᠲᠡᠷᠭᠡᠨ᠎ᠤ 《ᠤᠯᠤᠰ᠎ᠤᠨ ᠲᠠᠪᠤᠳᠤᠭ᠋ᠠᠷ》 《ᠤᠯᠤᠰ ᠎ᠤᠨ ᠵᠢᠷᠭᠤᠳᠤᠭ᠋ᠠᠷ》᠎ᠤᠨ ᠪᠠᠷᠢᠮᠵᠢᠶ᠎ᠠ ᠵᠢ ᠬᠡᠷᠡᠭᠵᠢᠭᠦᠯᠦᠭᠰᠡᠨ ᠪᠠᠢ᠌ᠳᠠᠯ ᠵᠢᠴᠢ ᠴᠠᠢ᠌ᠶᠢᠦ ᠪᠠᠷᠠᠭ᠎ᠠ ᠲᠡᠭᠡᠭᠡᠪᠦᠷᠢ ᠵᠢᠨ ᠲᠡᠷᠭᠡ ᠵᠢᠨ ᠲᠤᠰᠬᠠᠶ ᠠᠵᠢᠯᠯᠠᠭ᠎ᠠ ᠵᠢ ᠥᠷᠨᠢᠭᠦᠯᠦᠭᠰᠡᠨ ᠪᠠᠶ᠋ᠢᠳᠠᠯ᠎ᠢ ᠲᠣᠬᠢᠷᠠᠭᠤᠯᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
 
             蒙ICP备05000248号