ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠠᠭᠠᠷ ᠮᠠᠨᠳᠠᠯ᠎ᠤᠨ ᠣᠷᠴᠢᠨ ᠲᠣᠭᠤᠷᠢᠨ᠎ᠤ ᠬᠠᠮᠢᠶᠠᠷᠤᠯᠲᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠠᠴᠠ ᠰᠢᠲᠠᠭ᠋ᠠᠯᠭ᠎ᠠ ᠵᠢᠨ ᠨᠡᠭᠦᠷᠡᠰᠦ ᠵᠢ ᠰᠤᠯᠠ ᠰᠢᠲᠠᠭ᠋ᠠᠬᠤ ᠵᠢ ᠶᠡᠷᠦᠩᠬᠡᠢ᠌ᠯᠡᠨ ᠵᠠᠰᠠᠬᠤ ᠢᠳᠡᠪᠬᠢᠲᠡᠢ ᠲᠦᠯᠬᠢᠨ ᠠᠬᠢᠭᠤᠯᠪᠠ
ᠨᠡᠶ᠋ᠢᠲᠡᠯᠡᠭᠰᠡᠨ ᠴᠠᠭ᠄ 2024-05-27

      ᠰᠢᠲᠠᠭ᠋ᠠᠯᠭ᠎ᠠ ᠵᠢᠨ ᠨᠡᠭᠦᠷᠡᠰᠦ ᠵᠢ ᠰᠤᠯᠠ ᠰᠢᠲᠠᠭ᠋ᠠᠬᠤ ᠵᠢ ᠶᠡᠷᠦᠩᠬᠡᠢ᠌ᠯᠡᠨ ᠵᠠᠰᠠᠬᠤ ᠪᠣᠯ ᠬᠤᠳᠠ ᠵᠢᠨ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ᠌ ᠲᠦᠭ ᠲᠦᠮᠡᠨ ᠠᠢ᠌ᠯ ᠡᠷᠦᠭᠡ ᠵᠢᠨ ᠠᠮᠤᠷ ᠲᠠᠶ᠋ᠢᠪᠤᠩ ᠠᠵᠤ ᠲᠥᠷᠥᠬᠦ ᠪᠠ ᠬᠠᠯᠠᠭᠤᠨ ᠳᠤᠯᠠᠭ᠋ᠠᠨ ᠵᠶ᠋ᠠᠷ ᠡᠪᠦᠯᠵᠢᠬᠦ᠎ᠳᠤ ᠬᠣᠯᠪᠣᠭᠳᠠᠬᠤ ᠠᠷᠠᠳ᠎ᠤᠨ ᠠᠮᠢᠳᠤᠷᠠᠯ᠎ᠤᠨ ᠢᠨᠵᠧᠨᠧᠷᠢᠩ ᠮᠥᠨ᠃
      ᠡᠨᠡ ᠵᠢᠯ᠎ᠠᠴᠠ ᠨᠠᠰᠢ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ ᠰᠢᠲᠠᠭ᠋ᠠᠯᠭ᠎ᠠ ᠵᠢᠨ ᠨᠡᠭᠦᠷᠡᠰᠦ ᠵᠢ ᠰᠤᠯᠠ ᠰᠢᠲᠠᠭ᠋ᠠᠬᠤ ᠶᠡᠷᠦᠩᠬᠡᠢ᠌ᠯᠡᠭᠰᠡᠨ ᠵᠠᠰᠠᠯᠲᠠ ᠵᠢ ᠢᠳᠡᠪᠬᠢᠲᠡᠢ ᠠᠬᠢᠭᠤᠯᠪᠠ᠃ ᠨᠢᠭᠡ᠎ᠳᠤ ᠢᠳᠡᠪᠬᠢᠲᠡᠢ᠎ᠪᠠᠷ ᠪᠡᠯᠡ ᠮᠥᠩᠭᠥ ᠣᠯᠵᠤ ᠪᠠᠶ᠋ᠢᠭ᠋ᠠᠳ ᠠᠷᠢᠭᠤᠨ ᠴᠡᠪᠡᠷ ᠳᠤᠯᠠᠭ᠋ᠠᠯᠠᠭ᠎ᠠ ᠵᠢᠨ ᠥᠭᠡᠷᠡᠴᠢᠯᠡᠯᠲᠡ ᠵᠢ ᠲᠦᠯᠬᠢᠨ ᠠᠬᠢᠭᠤᠯᠤᠨ᠎ᠠ᠃ 2024 ᠣᠨ᠎ᠳᠤ ᠲᠥᠪ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠯᠡ ᠮᠥᠩᠭᠥ ᠵᠢ 12.37 ᠳ᠋ᠦᠩᠰᠢᠭᠤᠷ ᠲᠥᠭᠥᠷᠢᠭ ᠴᠢᠷᠮᠠᠢ᠌ᠨ ᠣᠯᠵᠤ᠂ ᠬᠥᠬᠡᠬᠣᠲᠠ᠂ ᠪᠤᠭᠤᠲᠤ ᠬᠣᠲᠠ᠂ ᠤᠯᠠᠭ᠋ᠠᠨᠴᠠᠪ ᠬᠣᠲᠠ᠂ ᠪᠠᠶᠠᠨᠨᠠᠭᠤᠷ ᠬᠣᠲᠠ ᠵᠡᠷᠭᠡ 4 ᠬᠣᠲᠠ ᠵᠢᠨ ᠠᠷᠢᠭᠤᠨ ᠴᠡᠪᠡᠷ ᠳᠤᠯᠠᠭ᠋ᠠᠯᠠᠭ᠎ᠠ ᠵᠢᠨ ᠥᠭᠡᠷᠡᠴᠢᠯᠡᠯᠲᠡ ᠥᠷᠨᠢᠭᠦᠯᠬᠦ ᠵᠢ ᠳᠡᠮᠵᠢᠵᠦ᠂ ᠨᠢᠭᠡᠳᠦᠭᠡᠷ ᠤᠯᠠᠷᠢᠯ᠎ᠳᠤ ᠨᠢᠭᠡᠨᠲᠡ 2.6 ᠲᠦᠮᠡᠨ ᠡᠷᠦᠬᠡ ᠵᠢᠨ ᠥᠭᠡᠷᠡᠴᠢᠯᠡᠯᠲᠡ ᠵᠢᠨ ᠠᠵᠢᠯ᠎ᠢ ᠪᠡᠶᠡᠯᠡᠭᠦᠯᠪᠡ᠃ ᠬᠣᠶᠠᠷ᠎ᠲᠤ ᠨᠡᠭᠦᠷᠡᠰᠦ ᠰᠢᠲᠠᠭ᠋ᠠᠬᠤ ᠰᠤᠯᠠ ᠰᠢᠲᠠᠭ᠋ᠠᠬᠤ ᠶᠡᠷᠦᠩᠬᠡᠢ᠌ᠯᠡᠭᠰᠡᠨ ᠵᠠᠰᠠᠯᠲᠠ ᠵᠢᠨ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯᠯᠠᠭ᠎ᠠ ᠵᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠲᠠᠢ ᠬᠠᠮᠵᠢᠯᠴᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠵᠢᠨ ᠳᠤᠮᠳᠠᠬᠢ ᠲᠣᠰᠬᠤᠨ᠂ ᠬᠣᠲᠠ ᠵᠢᠨ ᠬᠠᠵᠠᠭᠤ ᠵᠢᠨ ᠲᠣᠰᠬᠤᠨ᠎ᠤ ᠰᠢᠲᠠᠭ᠋ᠠᠯᠭ᠎ᠠ ᠵᠢᠨ ᠨᠡᠭᠦᠷᠡᠰᠦ ᠵᠢ ᠰᠤᠯᠠ ᠰᠢᠲᠠᠭ᠋ᠠᠬᠤ ᠵᠢ ᠶᠡᠷᠦᠩᠬᠡᠢ᠌ᠯᠡᠨ ᠵᠠᠰᠠᠬᠤ ᠭᠤᠷᠪᠠᠨ ᠵᠢᠯ᠎ᠤᠨ ᠪᠣᠭᠣᠮᠲᠠ ᠰᠢᠪᠲᠤᠯᠬᠤ ᠠᠵᠢᠯᠯᠠᠭ᠋ᠠᠨ᠎ᠤ ᠲᠥᠰᠥᠯ》᠎ᠢ ᠲᠣᠭᠲᠠᠭ᠋ᠠᠵᠤ᠂ ᠬᠣᠲᠠ ᠵᠢᠨ ᠳᠤᠮᠳᠠᠬᠢ ᠲᠣᠰᠬᠤᠨ᠂ ᠬᠣᠲᠠ ᠵᠢᠨ ᠬᠠᠵᠠᠭᠤ ᠵᠢᠨ ᠲᠣᠰᠬᠤᠨ᠎ᠤ ᠰᠢᠲᠠᠭ᠋ᠠᠯᠭ᠎ᠠ ᠵᠢᠨ ᠨᠡᠭᠦᠷᠡᠰᠦ ᠵᠢ ᠰᠤᠯᠠ ᠰᠢᠲᠠᠭ᠋ᠠᠬᠤ ᠵᠢ ᠶᠡᠷᠦᠩᠬᠡᠢ᠌ᠯᠡᠨ ᠵᠠᠰᠠᠬᠤ ᠵᠢ ᠬᠡᠷᠡᠭᠵᠢᠭᠦᠯᠪᠡ᠃ ᠭᠤᠷᠪᠠ᠎ᠳᠤ ᠨᠡᠭᠦᠷᠡᠰᠦ ᠰᠢᠲᠠᠭ᠋ᠠᠬᠤ ᠭᠦᠸᠧᠯᠦ ᠵᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠵᠢᠨ ᠥᠭᠡᠷᠡᠴᠢᠯᠡᠯᠲᠡ ᠵᠢᠨ ᠡᠷᠴᠢᠮ᠎ᠢ ᠴᠢᠩᠭ᠋ᠠᠷᠠᠭᠤᠯᠤᠨ᠎ᠠ᠃ 2025 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ 65 ᠲᠣᠨ ᠠᠭᠤᠷᠰᠢᠭᠤᠯᠬᠤ/ ᠴᠠᠭ᠎ᠠᠴᠠ ᠳᠡᠭᠡᠭᠰᠢᠬᠢ ᠬᠡᠷᠡᠭᠯᠡᠵᠦ ᠪᠠᠢ᠌ᠭ᠎ᠠ ᠨᠡᠭᠦᠷᠡᠰᠦ ᠰᠢᠲᠠᠭ᠋ᠠᠬᠤ ᠭᠦᠸᠧᠯᠦ ᠵᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠵᠢᠨ ᠥᠭᠡᠷᠡᠴᠢᠯᠡᠯᠲᠡ ᠵᠢ ᠦᠨᠳᠦᠰᠦᠨ᠎ᠳᠡᠭᠡᠨ ᠪᠡᠶᠡᠯᠡᠭᠦᠯᠦᠨ᠎ᠡ᠃ ᠡᠭᠦᠨ᠎ᠤ ᠬᠠᠮᠲᠤ 30 ᠲᠦᠮᠡᠨ ᠺᠢᠯᠣᠸᠠᠲ ᠵᠢᠴᠢ ᠲᠡᠭᠦᠨ᠎ᠠᠴᠠ ᠳᠡᠭᠡᠭᠰᠢᠬᠢ ᠢᠯᠴᠢ ᠴᠠᠬᠢᠯᠭ᠋ᠠᠨ᠎ᠤ ᠬᠠᠮᠲᠤᠷᠠᠨ ᠦᠢ᠍ᠯᠡᠳᠪᠦᠷᠢᠯᠡᠬᠦ ᠮᠠᠰᠢᠨ ᠴᠣᠭᠴᠠᠯᠠᠪᠤᠷᠢ ᠵᠢᠨ ᠢᠯᠴᠢ ᠬᠠᠩᠭ᠋ᠠᠬᠤ ᠷᠠᠳᠢᠦ᠋ᠰ᠎ᠨᠢ 15 ᠺᠢᠯᠣᠮᠧᠲᠷ᠎ᠤᠨ ᠬᠡᠪᠴᠢᠶᠡᠨ ᠳᠣᠲᠣᠷᠠᠬᠢ ᠨᠡᠭᠦᠷᠡᠰᠦ ᠰᠢᠲᠠᠭ᠋ᠠᠵᠤ ᠢᠯᠴᠢ ᠬᠠᠩᠭ᠋ᠠᠬᠤ ᠭᠦᠸᠧᠯᠦ ᠵᠢ ᠬᠠᠭ᠋ᠠᠵᠤ ᠵᠣᠭᠰᠣᠭ᠋ᠠᠵᠤ ᠡᠮᠬᠢᠯᠡᠨ ᠨᠡᠶ᠋ᠢᠯᠡᠭᠦᠯᠬᠦ ᠵᠢ ᠲᠦᠯᠬᠢᠨ ᠠᠬᠢᠭᠤᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠭ᠋ᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
 
             蒙ICP备05000248号