ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠠᠭᠠᠷ ᠮᠠᠨᠳᠠᠯ᠎ᠤᠨ ᠣᠷᠴᠢᠨ ᠲᠣᠭᠤᠷᠢᠨ᠎ᠤ ᠬᠠᠮᠢᠶᠠᠷᠤᠯᠲᠠ
ᠥᠪᠡᠷᠲᠡᠭᠡᠨ ᠵᠠᠰᠠᠬᠤ ᠣᠷᠣᠨ᠎ᠤ ᠠᠭ᠋ᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2024-06-25

      ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭ᠋ᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ》᠎ᠢ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃
      2024 ᠣᠨ᠎ᠤ 5 ᠰᠠᠷ᠎ᠠ ᠵᠢᠨ 14
      (ᠲᠣᠰ ᠮᠠᠲ᠋ᠧᠷᠢᠶᠠᠯ᠎ᠢ ᠢᠯᠡ᠎ᠪᠠᠷ ᠨᠡᠢ᠌ᠲᠡᠯᠡᠪᠡ)
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭ᠋ᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠲᠤᠬᠠᠢ ᠲᠥᠰᠥᠯ
      《〈ᠠᠭ᠋ᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠠᠵᠢᠯᠯᠠᠭ᠋ᠠᠨ᠎ᠤ ᠲᠥᠯᠥᠪᠯᠡᠭᠡ〉 ᠵᠢ ᠳᠠᠷᠤᠮᠠᠯᠯᠠᠨ ᠲᠠᠷᠬᠠᠭ᠋ᠠᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠮᠡᠳᠡᠭᠳᠡᠯ》 (ᠲᠥᠷᠥ ᠲᠠᠷᠬᠠᠭ᠋ᠠᠭᠰᠠᠨ [2023] 24 ᠳ᠋ᠦ᠍ᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠪᠠᠲᠤ ᠡᠵᠡᠮᠳᠡᠨ᠂ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠦᠷᠭᠦᠯᠵᠢᠯᠡᠨ ᠭᠦᠨᠵᠡᠭᠡᠢ ᠰᠠᠶ᠋ᠢᠲᠤᠷ ᠬᠢᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠦᠨᠡᠨᠬᠦ ᠪᠡᠬᠢᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠵᠤ᠂ ᠲᠣᠰ ᠲᠥᠰᠥᠯ᠎ᠢ ᠲᠣᠭᠲᠠᠭ᠋ᠠᠪᠠ᠃
      ᠨᠢᠭᠡ᠂ ᠶᠡᠷᠦᠩᠬᠡᠢ ᠱᠠᠭ᠋ᠠᠷᠳᠠᠯᠭ᠎ᠠ
      (ᠨᠢᠭᠡ) ᠭᠣᠣᠯᠳᠠᠯᠭ᠎ᠠ᠎ᠲᠠᠢ ᠣᠷᠣᠨ ᠪᠦᠰᠡ᠃ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠂ ᠬᠣᠲᠣᠩ ᠠᠷᠠᠳ᠎ᠤᠨ ᠲᠣᠭᠣᠷᠢᠭ᠂ ᠢᠤᠢ᠍ᠢ᠍ᠴᠢᠤᠸᠠᠨ ᠲᠣᠭᠣᠷᠢᠭ᠂ ᠰᠠᠢ᠌ᠬᠠᠨ ᠲᠣᠭᠣᠷᠢᠭ᠂ ᠲᠦᠮᠡᠳ ᠵᠡᠭᠦᠨ ᠬᠣᠰᠢᠭᠤ᠂ ᠲᠣᠭᠲᠠᠬᠤ ᠰᠢᠶᠠᠨ᠂ ᠬᠣᠷᠢᠨᠭᠡᠷ ᠰᠢᠶᠠᠨ᠂ ᠴᠢᠩ ᠱᠦᠢ ᠾᠧ ᠰᠢᠶᠠᠨ᠂ ᠪᠤᠭᠤᠲᠤ ᠬᠤᠳᠠ ᠵᠢᠨ ᠳ᠋ᠦᠩ ᠾᠧ ᠲᠣᠭᠣᠷᠢᠭ᠂ ᠬᠥᠨᠳᠡᠯᠡᠨ ᠲᠣᠭᠣᠷᠢᠭ᠂ ᠴᠢᠩᠱ᠌ᠠᠨ ᠲᠣᠭᠣᠷᠢᠭ᠂ ᠵᠢᠤᠶᠤᠸᠠᠨ ᠲᠣᠭᠣᠷᠢᠭ᠂ ᠲᠦᠮᠡᠳ ᠪᠠᠷᠠᠭᠤᠨ ᠬᠣᠰᠢᠭᠤ᠂ ᠲᠦᠩᠯᠢᠶᠣᠣ ᠬᠤᠳᠠ ᠵᠢᠨ ᠬᠣᠷᠴᠢᠨ ᠲᠣᠭᠣᠷᠢᠭ᠂ ᠤᠯᠠᠭ᠋ᠠᠨᠬᠠᠳᠠ ᠬᠤᠳᠠ ᠵᠢᠨ ᠶᠤᠸᠠᠨ ᠪᠦᠦ ᠱᠠᠨ ᠲᠣᠭᠣᠷᠢᠭ᠂ ᠨᠢᠩᠴᠧᠩ ᠰᠢᠶᠠᠨ᠂ ᠣᠷᠳᠣᠰ ᠬᠤᠳᠠ ᠵᠢᠨ ᠵᠡᠭᠦᠨᠭ᠋ᠠᠷ ᠬᠣᠰᠢᠭᠤ᠂ ᠳᠠᠯᠠᠳ ᠬᠣᠰᠢᠭᠤ᠂ ᠪᠠᠶᠠᠨᠨᠠᠭᠤᠷ ᠬᠤᠳᠠ ᠵᠢᠨ ᠯᠢᠨ ᠾᠧ ᠲᠣᠭᠣᠷᠢᠭ᠂ ᠤᠷᠠᠳ᠎ᠤᠨ ᠡᠮᠦᠨᠡᠲᠦ ᠬᠣᠰᠢᠭᠤ᠂ ᠦᠬᠠᠢ ᠬᠤᠳᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠃
      (ᠬᠣᠶᠠᠷ) ᠭᠣᠣᠯ ᠬᠠᠷᠠᠯᠲᠠ᠃ 2025 ᠣᠨ ᠪᠣᠯᠬᠤ᠎ᠳᠤ᠂ ᠪᠥᠬᠥ ᠣᠷᠣᠨ᠎ᠤ ᠵᠢᠵᠢᠭ ᠮᠥᠬᠥᠯᠢᠭᠲᠦ ᠪᠣᠳᠠᠰ (PM2.5)᠎ᠤᠨ ᠥᠳᠬᠡᠴᠡ ᠵᠢ 2020 ᠣᠨ᠎ᠤ᠎ᠬᠢ᠎ᠠᠴᠠ 7.1%᠎ᠪᠠᠷ ᠪᠠᠭᠤᠷᠠᠭᠤᠯᠵᠤ᠂ ᠰᠢᠯᠢᠳᠡᠭ ᠡᠳᠦᠷ᠎ᠤᠨ ᠲᠣᠭ᠎ᠠ ᠵᠢᠨ ᠬᠠᠷᠢᠴᠠᠯ᠎ᠢ 90.7%᠎ᠠᠴᠠ ᠳᠡᠭᠡᠭᠰᠢ᠎ᠳᠤ ᠬᠦᠷᠦᠭᠦᠯᠵᠦ᠂ ᠬᠦᠨᠳᠦ ᠵᠢᠴᠢ ᠲᠡᠭᠦᠨ᠎ᠠᠴᠠ ᠳᠡᠭᠡᠭᠰᠢᠬᠢ ᠪᠣᠬᠢᠷᠲᠤᠯ᠎ᠲᠠᠢ ᠡᠳᠦᠷ᠎ᠤᠨ ᠲᠣᠭ᠎ᠠ ᠵᠢᠨ ᠬᠠᠷᠢᠴᠠᠯ᠎ᠢ 0.5% ᠵᠢᠨ ᠳᠣᠲᠣᠷ᠎ᠠ ᠬᠢᠵᠠᠭ᠋ᠠᠷᠯᠠᠨ᠎ᠠ; ᠠᠽᠣᠲ᠎ᠤᠨ ᠢᠰᠦᠮᠡᠭ᠂ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ (VOCs)᠎ᠤᠨ ᠭᠠᠳᠠᠭᠰᠢᠯᠠᠭᠤᠯᠤᠯᠲᠠ ᠵᠢᠨ ᠶᠡᠷᠦᠩᠬᠡᠢ ᠬᠡᠮᠵᠢᠶ᠎ᠡ ᠵᠢ 2020 ᠣᠨ᠎ᠤ᠎ᠬᠢ᠎ᠠᠴᠠ ᠲᠣᠰ ᠲᠣᠰ 10%᠎ᠠᠴᠠ ᠳᠡᠭᠡᠭᠰᠢ ᠪᠠᠭᠤᠷᠠᠭᠤᠯᠤᠨ᠎ᠠ᠃ ᠦᠬᠠᠢ ᠬᠣᠲᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ PM2.5᠂ ᠮᠥᠬᠥᠯᠢᠭᠲᠦ ᠪᠣᠳᠠᠰ (PM10)᠎ᠤᠨ ᠥᠳᠬᠡᠴᠡ ᠵᠢ 2020 ᠣᠨ᠎ᠤ᠎ᠬᠢ᠎ᠠᠴᠠ ᠲᠣᠰ ᠲᠣᠰ 12.6%᠂ 10.5%᠎ᠪᠠᠷ ᠪᠠᠭᠤᠷᠠᠭᠤᠯᠵᠤ᠂ ᠰᠢᠯᠢᠳᠡᠭ ᠰᠠᠶ᠋ᠢᠨ ᠡᠳᠦᠷ᠎ᠤᠨ ᠲᠣᠭ᠎ᠠ ᠵᠢᠨ ᠬᠠᠷᠢᠴᠠᠯ᠎ᠢ 82.8%᠎ᠠᠴᠠ ᠳᠡᠭᠡᠭᠰᠢ᠎ᠳᠤ ᠬᠦᠷᠦᠭᠦᠯᠵᠦ᠂ ᠬᠦᠨᠳᠦ ᠵᠢᠴᠢ ᠲᠡᠭᠦᠨ᠎ᠠᠴᠠ ᠳᠡᠭᠡᠭᠰᠢᠬᠢ ᠪᠣᠬᠢᠷᠲᠤᠯ᠎ᠲᠠᠢ ᠡᠳᠦᠷ᠎ᠤᠨ ᠲᠣᠭ᠎ᠠ ᠵᠢᠨ ᠬᠠᠷᠢᠴᠠᠯ᠎ᠢ 0.2%᠎ᠤᠨ ᠳᠣᠲᠣᠷ᠎ᠠ ᠬᠢᠵᠠᠭ᠋ᠠᠷᠯᠠᠨ᠎ᠠ᠃
ᠬᠣᠶᠠᠷ᠂ ᠠᠵᠤ ᠦᠢ᠍ᠯᠡᠰ᠎ᠤᠨ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠤᠨ᠎ᠠ
      (ᠭᠤᠷᠪᠠ) ᠠᠵᠤ ᠦᠢ᠍ᠯᠡᠰ᠎ᠤᠨ ᠪᠦᠲᠦᠴᠡ ᠪᠠ ᠪᠠᠢ᠌ᠷᠢᠰᠢᠯ᠎ᠢ ᠰᠢᠯᠢᠳᠡᠭᠵᠢᠭᠦᠯᠦᠨ᠎ᠡ᠃ ᠰᠢᠨ᠎ᠡ᠎ᠪᠠᠷ ᠥᠭᠡᠷᠡᠴᠢᠯᠡᠵᠦ ᠥᠷᠭᠡᠳᠬᠡᠨ ᠪᠠᠢ᠌ᠭᠤᠯᠬᠤ ᠲᠥᠷᠥᠯ ᠵᠦᠢ᠍ᠯ᠎ᠳᠤ ᠵᠠᠷᠴᠢᠮ ᠳᠡᠭᠡᠷ᠎ᠡ᠎ᠪᠠᠨ ᠴᠡᠪᠡᠷ ᠲᠡᠭᠡᠭᠡᠪᠦᠷᠢ ᠵᠢᠨ ᠠᠷᠭ᠎ᠠ ᠮᠠᠶᠢᠭ᠎ᠢ ᠬᠡᠷᠡᠭᠯᠡᠨ᠎ᠡ᠃ ᠴᠠᠬᠢᠯᠭ᠋ᠠᠨ ᠬᠦᠴᠦᠨ ᠪᠠ ᠢᠯᠴᠢ ᠵᠢᠨ ᠬᠦᠴᠦᠨ᠎ᠤ ᠦᠢ᠍ᠯᠡᠳᠪᠦᠷᠢᠯᠡᠯ ᠬᠠᠩᠭ᠋ᠠᠯᠭ᠎ᠠ ᠵᠢᠨ ᠠᠵᠢᠯ ᠲᠥᠷᠥᠯ᠎ᠠᠴᠠ ᠭᠠᠳᠠᠨ᠎ᠠ᠂ ᠦᠢ᠍ᠯᠡᠳᠪᠦᠷᠢᠯᠡᠬᠦ ᠴᠢᠳᠠᠪᠤᠷᠢ ᠵᠢ ᠰᠣᠯᠢᠬᠤ᠎ᠳᠤ ᠬᠣᠯᠪᠣᠭᠳᠠᠬᠤ ᠪᠤᠰᠤᠳ ᠲᠥᠷᠥᠯ ᠵᠦᠢ᠍ᠯ᠎ᠤᠨ ᠰᠣᠯᠢᠭᠳᠠᠬᠤ ᠦᠢ᠍ᠯᠡᠳᠪᠦᠷᠢᠯᠡᠬᠦ ᠴᠢᠳᠠᠪᠤᠷᠢ ᠵᠢᠴᠢ ᠢᠵᠢ ᠪᠦᠷᠢᠳᠦᠭᠦᠯᠬᠦ ᠲᠣᠨᠣᠭ ᠲᠥᠬᠦᠭᠡᠷᠦᠮᠵᠢ ᠵᠢ ᠬᠠᠭ᠋ᠠᠵᠤ ᠵᠣᠭᠰᠣᠭ᠋ᠠᠭᠰᠠᠨ᠎ᠤ ᠳᠠᠷᠠᠭ᠎ᠠ᠂ ᠰᠢᠨ᠎ᠡ᠎ᠪᠠᠷ ᠪᠠᠢ᠌ᠭᠤᠯᠬᠤ ᠲᠥᠷᠥᠯ ᠵᠦᠢ᠍ᠯ᠎ᠢ ᠰᠠᠶᠢ ᠠᠰᠢᠭᠯᠠᠯᠲᠠ᠎ᠳᠤ ᠣᠷᠣᠭᠤᠯᠵᠤ ᠪᠣᠯᠣᠨ᠎ᠠ᠃ ᠪᠣᠯᠣᠳ ᠲᠡᠮᠦᠷ᠎ᠤᠨ ᠦᠢ᠍ᠯᠡᠳᠪᠦᠷᠢᠯᠡᠬᠦ ᠴᠢᠳᠠᠪᠤᠷᠢ ᠵᠢ ᠰᠢᠨ᠎ᠡ᠎ᠪᠠᠷ ᠨᠡᠮᠡᠭᠳᠡᠭᠦᠯᠬᠦ ᠵᠢ ᠴᠢᠩᠭ᠎ᠠ ᠴᠠᠭ᠋ᠠᠵᠠᠯᠠᠵᠤ᠂ ᠪᠣᠯᠣᠳ ᠲᠡᠮᠦᠷ᠂ ᠬᠡᠦᠷᠰᠢᠭᠦᠯᠬᠦ᠂ ᠰᠢᠲᠠᠭ᠋ᠠᠨ ᠪᠠᠷᠢᠯᠳᠤᠭᠤᠯᠬᠤ ᠵᠢ ᠨᠢᠭᠡ ᠴᠣᠭᠴᠠᠵᠢᠭᠤᠯᠤᠭᠰᠠᠨ ᠪᠠᠢ᠌ᠷᠢᠰᠢᠭᠤᠯᠤᠯᠲᠠ ᠵᠢ ᠬᠡᠷᠡᠭᠵᠢᠭᠦᠯᠵᠦ᠂ ᠬᠡᠦᠷᠰᠢᠭᠦᠯᠬᠦ ᠠᠵᠤ ᠦᠢ᠍ᠯᠡᠰ᠎ᠤᠨ ᠬᠡᠯᠬᠢᠶ᠎ᠡ ᠵᠢ ᠳᠣᠣᠷᠠᠳᠤ ᠤᠷᠤᠰᠬᠠᠯ᠎ᠤᠨ ᠥᠨᠳᠥᠷ ᠨᠡᠮᠡᠯᠲᠡ ᠥᠷᠲᠡᠭᠲᠦ ᠨᠠᠷᠢᠯᠢᠭ ᠬᠢᠮᠢ ᠵᠢᠨ ᠠᠵᠤ ᠦᠢ᠍ᠯᠡᠳᠪᠦᠷᠢ ᠵᠢᠨ ᠦᠢ᠍ᠯᠡᠳᠬᠦᠨ ᠲᠡᠢ᠌ᠰᠢ ᠤᠷᠲᠤᠳᠬᠠᠬᠤ ᠵᠢ ᠠᠬᠢᠭᠤᠯᠤᠨ᠎ᠠ᠃ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠭ᠋ᠠᠷᠳᠠᠯᠭ᠎ᠠ᠎ᠳᠤ ᠦᠯᠦ ᠨᠡᠶ᠋ᠢᠴᠡᠬᠦ ᠬᠣᠴᠣᠷᠤᠩᠭᠤᠶ ᠦᠢ᠍ᠯᠡᠳᠪᠦᠷᠢᠯᠡᠬᠦ ᠴᠢᠳᠠᠪᠤᠷᠢ ᠵᠢ ᠬᠠᠤᠯᠢ ᠲᠣᠭᠲᠠᠭ᠋ᠠᠯ ᠶᠣᠰᠣᠭ᠋ᠠᠷ ᠪᠤᠴᠠᠭ᠋ᠠᠵᠤ ᠭᠠᠷᠭ᠋ᠠᠨ᠎ᠠ᠃ ᠱᠦᠢ᠍ᠨᠢ ᠵᠢ ᠬᠡᠪ᠎ᠤᠨ ᠪᠠᠶ᠋ᠢᠳᠠᠯ᠎ᠲᠠᠢ᠎ᠪᠠᠷ ᠣᠷᠬᠢᠯ᠎ᠢ ᠵᠥᠷᠢᠭᠦᠯᠦᠨ ᠦᠢ᠍ᠯᠡᠳᠪᠦᠷᠢᠯᠡᠬᠦ ᠵᠢ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠂ ᠡᠨᠧᠷᠭᠢ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠨᠠᠢ᠌ᠳᠠᠪᠤᠷᠢᠵᠢᠭᠤᠯᠤᠨ᠎ᠠ᠃ ᠳᠣᠷᠣᠭᠰᠢᠬᠢ ᠵᠢ ᠴᠥᠮ ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠨᠠᠢ᠌ᠳᠠᠪᠤᠷᠢᠵᠢᠭᠤᠯᠬᠤ ᠬᠡᠷᠡᠭᠲᠡᠶ᠂ ᠳᠠᠬᠢᠵᠤ ᠵᠢᠭᠰᠠᠭ᠋ᠠᠬᠤ ᠦᠭᠡᠢ)
      (ᠳᠥᠷᠪᠡ) ᠤᠯᠠᠮᠵᠢᠯᠠᠯᠲᠤ ᠠᠵᠤ ᠦᠢ᠍ᠯᠡᠰ᠎ᠤᠨ ᠪᠥᠭᠡᠮᠨᠡᠷᠡᠯ᠎ᠢ ᠲᠠᠰ ᠳᠡᠪᠰᠢᠭᠦᠯᠦᠨ ᠥᠭᠡᠷᠡᠴᠢᠯᠡᠬᠦ ᠵᠢ ᠥᠷᠨᠢᠭᠦᠯᠦᠨ᠎ᠡ᠃ ᠣᠲᠣ ᠵᠢᠨ ᠪᠠᠢ᠌ᠭ᠎ᠠ ᠠᠵᠤ ᠦᠢ᠍ᠯᠡᠰ᠎ᠤᠨ ᠪᠦᠯᠦᠭᠵᠢᠯ᠎ᠳᠤ 《ᠨᠢᠭᠡ ᠪᠦᠯᠦᠭ ᠨᠢᠭᠡ ᠠᠷᠭ᠎ᠠ ᠪᠣᠳᠣᠯᠭ᠎ᠠ᠂ ᠲᠥᠷᠥᠯ ᠬᠤᠪᠢᠶᠠᠨ ᠵᠠᠰᠠᠬᠤ》 ᠵᠠᠷᠴᠢᠮ ᠶᠣᠰᠣᠭ᠋ᠠᠷ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠥᠰᠥᠯ᠎ᠢ ᠲᠣᠭᠲᠠᠭ᠋ᠠᠵᠤ᠂ 2027 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ ᠴᠡᠭᠴᠡᠯᠡᠨ ᠵᠠᠰᠠᠬᠤ ᠵᠢ ᠦᠨᠳᠦᠰᠦᠨ᠎ᠳᠡᠭᠡᠨ ᠪᠡᠶᠡᠯᠡᠭᠦᠯᠦᠨ᠎ᠡ᠃ ᠳᠤᠮᠳᠠ ᠵᠢᠵᠢᠭ ᠬᠡᠯᠪᠡᠷᠢ ᠵᠢᠨ ᠤᠯᠠᠮᠵᠢᠯᠠᠯᠲᠤ ᠦᠢ᠍ᠯᠡᠳᠬᠦ ᠠᠵᠤ ᠠᠬᠤᠢ᠌ᠯᠠᠯ ᠲᠥᠪᠯᠡᠷᠡᠭᠰᠡᠨ ᠠᠶ᠋ᠢᠮᠠᠭ ᠬᠣᠲᠠ᠎ᠨᠤᠭᠤᠳ ᠰᠢᠲᠠᠮᠠᠬᠠᠢ ᠬᠡᠢ᠎ᠳᠤ ᠬᠣᠯᠪᠣᠭᠳᠠᠬᠤ ᠠᠵᠤ ᠦᠢ᠍ᠯᠡᠰ᠎ᠤᠨ ᠪᠦᠯᠦᠭᠵᠢᠯ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠲᠣᠭᠲᠠᠭ᠋ᠠᠵᠤ᠂ ᠲᠥᠷᠥᠯ ᠵᠦᠢ᠍ᠯ᠎ᠤᠨ ᠬᠢᠨᠠᠨ ᠵᠥᠪᠰᠢᠶᠡᠷᠡᠯ᠎ᠢ ᠴᠢᠩᠳᠠᠯᠠᠵᠤ᠂ ᠪᠣᠬᠢᠷᠲᠤᠯ᠎ᠢ ᠬᠥᠳᠡᠭᠡ ᠪᠠᠭᠤᠯᠭ᠋ᠠᠬᠤ ᠵᠢ ᠴᠢᠩᠭ᠎ᠠ ᠰᠡᠷᠭᠡᠢ᠌ᠯᠡᠬᠦ ᠬᠡᠷᠡᠭᠲᠡᠶ᠃ ᠠᠵᠤ ᠦᠢ᠍ᠯᠡᠰ᠎ᠤᠨ ᠪᠦᠯᠦᠭᠯᠡᠯ᠎ᠤᠳ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠲᠥᠪᠯᠡᠷᠡᠭᠦᠯᠦᠨ ᠢᠯᠴᠢ ᠬᠠᠩᠭ᠋ᠠᠬᠤ᠂ ᠠᠭᠤᠷ ᠬᠠᠩᠭ᠋ᠠᠬᠤ᠂ ᠢᠳᠡᠪᠬᠢᠵᠢᠭᠦᠯᠦᠭᠰᠡᠨ ᠨᠡᠭᠦᠷᠡᠰᠦ ᠵᠢ ᠳᠠᠬᠢᠨ ᠠᠰᠢᠭᠯᠠᠬᠤ ᠵᠡᠷᠭᠡ ᠲᠥᠪ᠎ᠢ ᠪᠦᠲᠦᠭᠡᠨ ᠪᠠᠢ᠌ᠭᠤᠯᠬᠤ ᠬᠡᠷᠡᠭᠲᠡᠶ᠃ ᠬᠢᠨᠠᠯᠲᠠ ᠲᠠᠯᠪᠢᠵᠤ ᠪᠠᠢ᠌ᠴᠠᠭ᠋ᠠᠬᠤ ᠡᠷᠴᠢᠮ ᠵᠶ᠋ᠡᠨ ᠴᠢᠩᠭ᠋ᠠᠷᠠᠭᠤᠯᠵᠤ᠂ 《ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ᠎ᠲᠠᠢ》 ᠠᠵᠤ ᠠᠬᠤᠢ᠌ᠯᠠᠯ᠎ᠤᠨ ᠳᠠᠬᠢᠨ ᠰᠡᠷᠭᠦᠬᠦ ᠵᠢ ᠴᠢᠩᠭ᠎ᠠ ᠰᠡᠷᠭᠡᠢ᠌ᠯᠡᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠡᠨᠧᠷᠭᠢ ᠵᠢᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      (ᠲᠠᠪᠤ) VOCs ᠠᠭᠤᠯᠤᠭᠳᠠᠴᠠ᠎ᠪᠠᠷ ᠳᠣᠣᠷ᠎ᠠ (ᠪᠠᠶ᠋ᠢᠬᠤ ᠦᠭᠡᠢ) ᠲᠦᠭᠦᠬᠡᠢ ᠲᠤᠰᠠᠯᠠᠬᠤ ᠮᠠᠲ᠋ᠧᠷᠢᠶᠠᠯ ᠵᠶ᠋ᠠᠷ ᠣᠷᠣᠯᠠᠭᠤᠯᠬᠤ ᠵᠢ ᠲᠦᠷᠭᠡᠳᠬᠡᠨ ᠬᠡᠷᠡᠭᠵᠢᠭᠦᠯᠦᠨ᠎ᠡ᠃ VOCs᠎ᠤᠨ ᠠᠭᠤᠯᠤᠭᠳᠠᠴᠠ᠎ᠪᠠᠷ ᠥᠨᠳᠥᠷ ᠰᠢᠷ᠂ ᠲᠣᠰᠣᠨ ᠪᠡᠬᠡ᠂ ᠨᠠᠭ᠋ᠠᠯᠳᠤᠭᠤᠯᠤᠭᠴᠢ᠂ ᠠᠷᠢᠭᠤᠳᠬᠠᠭᠴᠢ ᠡᠳ᠋ ᠵᠡᠷᠭᠡ ᠪᠦᠲᠦᠭᠡᠨ ᠪᠠᠢ᠌ᠭᠤᠯᠤᠯᠲᠠ ᠵᠢᠨ ᠳᠦᠷᠦᠯ ᠵᠦᠢ᠍ᠯ᠎ᠢ ᠦᠢ᠍ᠯᠡᠳᠪᠦᠷᠢᠯᠡᠬᠦ ᠪᠠ ᠬᠡᠷᠡᠭᠯᠡᠬᠦ ᠵᠢ ᠴᠢᠩᠭ᠎ᠠ ᠬᠢᠵᠠᠭ᠋ᠠᠷᠯᠠᠵᠤ᠂ ᠣᠲᠣ ᠵᠢᠨ ᠬᠡᠷᠡᠭᠯᠡᠵᠦ ᠪᠠᠢ᠌ᠭ᠎ᠠ ᠠᠵᠤ ᠠᠬᠤᠢ᠌ᠯᠠᠯ᠎ᠳᠤ VOCs᠎ᠤᠨ ᠠᠭᠤᠯᠤᠭᠳᠠᠴᠠ᠎ᠪᠠᠷ ᠳᠣᠣᠷ᠎ᠠ (ᠦᠭᠡᠢ) ᠲᠦᠭᠦᠬᠡᠢ ᠲᠤᠰᠠᠯᠠᠬᠤ ᠮᠠᠲ᠋ᠧᠷᠢᠶᠠᠯ᠎ᠢ ᠣᠷᠣᠯᠠᠭᠤᠯᠬᠤ ᠲᠥᠯᠥᠪᠯᠡᠭᠡ ᠵᠢ ᠲᠣᠭᠲᠠᠭ᠋ᠠᠨ ᠬᠡᠷᠡᠭᠵᠢᠭᠦᠯᠵᠦ᠂ ᠭᠣᠣᠯᠳᠠᠯᠭ᠎ᠠ᠎ᠲᠠᠢ ᠣᠷᠣᠨ ᠪᠦᠰᠡ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠬᠡᠷᠡᠭᠯᠡᠬᠦ ᠬᠠᠷᠢᠴᠠᠯ᠎ᠢ ᠨᠡᠮᠡᠭᠳᠡᠭᠦᠯᠦᠨ᠎ᠡ᠃ VOCs᠎ᠤᠨ ᠠᠭᠤᠯᠤᠭᠳᠠᠴᠠ᠎ᠪᠠᠷ ᠳᠣᠣᠷ᠎ᠠ (ᠪᠠᠶ᠋ᠢᠬᠤ ᠦᠭᠡᠢ) ᠰᠢᠷᠯᠢᠭ ᠡᠳ᠋ ᠪᠠ ᠨᠠᠭ᠋ᠠᠯᠳᠤᠩᠬᠠᠢ ᠡᠳ᠋᠎ᠢ ᠭᠡᠷ ᠪᠠᠢ᠌ᠰᠢᠩ᠎ᠤᠨ ᠪᠠᠷᠢᠯᠭ᠎ᠠ ᠪᠠ ᠬᠣᠲᠠ ᠵᠢᠨ ᠶᠠᠪᠤᠳᠠᠯ᠎ᠤᠨ ᠪᠠᠷᠢᠯᠭ᠎ᠠ᠎ᠳᠤ ᠬᠡᠷᠡᠭᠯᠡᠬᠦ ᠵᠢ ᠪᠥᠬᠥ ᠲᠠᠯ᠎ᠠ᠎ᠪᠠᠷ ᠳᠡᠯᠭᠡᠷᠡᠭᠦᠯᠵᠦ᠂ ᠤᠨᠴᠠᠭ᠋ᠠᠢ ᠴᠢᠳᠠᠮᠵᠢ ᠵᠢᠨ ᠱᠠᠭ᠋ᠠᠷᠳᠠᠯᠭ᠎ᠠ᠎ᠠᠴᠠ ᠭᠠᠳᠠᠨᠠᠬᠢ ᠭᠡᠷ ᠳᠣᠲᠣᠷᠠᠬᠢ ᠲᠡᠭᠰᠢ ᠭᠠᠵᠠᠷ᠎ᠲᠤ ᠪᠠᠷᠢᠯᠭ᠎ᠠ ᠪᠠᠷᠢᠵᠤ᠂ ᠭᠡᠷ᠎ᠤᠨ ᠭᠠᠳᠠᠨᠠᠬᠢ ᠪᠠᠷᠢᠯᠭ᠎ᠠ ᠵᠢᠨ ᠳᠦᠷᠦᠯ ᠵᠦᠢ᠍ᠯ᠎ᠢ ᠰᠡᠷᠭᠡᠢ᠌ᠯᠡᠨ ᠬᠠᠮᠠᠭ᠋ᠠᠯᠠᠬᠤ ᠪᠠ ᠬᠣᠲᠠ ᠵᠢᠨ ᠵᠠᠮ ᠬᠠᠷᠢᠯᠴᠠᠭ᠋ᠠᠨ᠎ᠤ ᠲᠡᠮᠳᠡᠭ᠎ᠤᠨ ᠠᠭᠤᠯᠤᠭᠳᠠᠴᠠ᠎ᠪᠠᠷ ᠳᠣᠣᠷ᠎ᠠ (ᠪᠠᠶ᠋ᠢᠬᠤ ᠦᠭᠡᠢ) VOCs᠎ᠤᠨ ᠠᠭᠤᠯᠤᠭᠳᠠᠴᠠ᠎ᠪᠠᠷ ᠳᠣᠣᠷ᠎ᠠ ᠰᠢᠷᠯᠢᠭ ᠡᠳ᠋᠎ᠢ ᠦᠨᠳᠦᠰᠦᠨ᠎ᠳᠡᠭᠡᠨ ᠬᠡᠷᠡᠭᠯᠡᠨ᠎ᠡ᠃ 2025 ᠣᠨ ᠪᠣᠯᠬᠤ᠎ᠳᠤ᠂ ᠠᠭᠤᠰᠬᠠᠭᠴᠢ ᠬᠡᠯᠪᠡᠷᠢ ᠵᠢᠨ ᠠᠵᠤ ᠦᠢ᠍ᠯᠡᠳᠪᠦᠷᠢ ᠵᠢᠨ ᠰᠢᠷ ᠪᠤᠳᠤᠭ᠂ ᠲᠣᠰᠣᠨ ᠪᠡᠬᠡ ᠵᠢᠨ ᠬᠡᠷᠡᠭᠯᠡᠬᠦ ᠬᠠᠷᠢᠴᠠᠯ᠎ᠢ 2020 ᠣᠨ᠎ᠤ᠎ᠬᠢ᠎ᠠᠴᠠ ᠲᠣᠰ ᠲᠣᠰ 20 ᠵᠠᠭᠤᠨ᠎ᠤ ᠨᠢᠭᠡᠴᠢ᠂ 10 ᠵᠠᠭᠤᠨ᠎ᠤ ᠨᠢᠭᠡᠴᠢ ᠪᠠᠭᠤᠷᠠᠭᠤᠯᠵᠤ᠂ ᠠᠭᠤᠰᠬᠠᠭᠴᠢ ᠬᠡᠯᠪᠡᠷᠢ ᠵᠢᠨ ᠨᠠᠭ᠋ᠠᠯᠳᠤᠭᠤᠯᠤᠭᠴᠢ ᠡᠳ᠋᠎ᠤᠨ ᠬᠡᠷᠡᠭᠯᠡᠬᠦ ᠬᠡᠮᠵᠢᠶ᠎ᠡ ᠵᠢ 20%᠎ᠪᠠᠷ ᠪᠠᠭᠤᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠵᠡᠷᠭᠡ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      ᠭᠤᠷᠪᠠ᠂ ᠡᠨᠧᠷᠭᠢ ᠵᠢᠨ ᠰᠤᠷᠪᠤᠯᠵᠢ ᠵᠢᠨ ᠠᠷᠢᠭᠤᠨ ᠴᠡᠪᠡᠷ ᠥᠨᠳᠥᠷ ᠪᠦᠲᠦᠮᠵᠢᠲᠡᠢ ᠬᠥᠭᠵᠢᠯᠲᠡ ᠵᠢ ᠠᠬᠢᠭᠤᠯᠤᠨ᠎ᠠ
      (ᠵᠢᠷᠭᠤᠭ᠎ᠠ) ᠡᠨᠧᠷᠭᠢ ᠵᠢᠨ ᠰᠤᠷᠪᠤᠯᠵᠢ ᠵᠢᠨ ᠪᠦᠲᠦᠴᠡ ᠵᠢ ᠲᠦᠷᠭᠡᠪᠴᠢᠯᠡᠨ ᠲᠣᠬᠢᠷᠠᠭᠤᠯᠤᠨ᠎ᠠ᠃ ᠰᠢᠨ᠎ᠡ ᠡᠨᠧᠷᠭᠢ ᠵᠢᠨ ᠰᠤᠷᠪᠤᠯᠵᠢ ᠪᠠ ᠠᠷᠢᠭᠤᠨ ᠴᠡᠪᠡᠷ ᠡᠨᠧᠷᠭᠢ ᠵᠢᠨ ᠰᠤᠷᠪᠤᠯᠵᠢ ᠵᠢ ᠶᠡᠬᠡᠪᠡᠷ ᠬᠥᠭᠵᠢᠭᠦᠯᠵᠦ᠂ ᠤᠯᠠᠮᠵᠢᠯᠠᠯᠲᠤ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠲᠡᠰ ᠳᠡᠪᠰᠢᠬᠦ ᠥᠭᠡᠷᠡᠴᠢᠯᠡᠯᠲᠡ ᠵᠢ ᠲᠦᠷᠭᠡᠳᠬᠡᠨ᠎ᠡ᠃ ᠥᠪᠡᠷ᠎ᠲᠡᠭᠡᠨ ᠪᠡᠯᠡᠳᠬᠡᠭᠰᠡᠨ ᠨᠡᠭᠦᠷᠡᠰᠦ ᠰᠢᠲᠠᠭ᠋ᠠᠬᠤ ᠮᠠᠰᠢᠨ ᠴᠣᠭᠴᠠᠯᠠᠪᠤᠷᠢ ᠵᠢᠨ ᠴᠡᠪᠡᠷ ᠡᠨᠧᠷᠭᠢ ᠵᠢᠨ ᠣᠷᠤᠯᠠᠭᠤᠯᠤᠯᠲᠠ ᠵᠢ ᠬᠡᠷᠡᠭᠵᠢᠭᠦᠯᠵᠦ᠂ ᠲᠥᠷᠥ ᠵᠢᠨ ᠪᠣᠳᠣᠯᠭ᠎ᠠ ᠵᠢᠨ ᠵᠥᠪᠰᠢᠶᠡᠷᠡᠭᠰᠡᠨ ᠬᠦᠷᠢᠶ᠎ᠡ ᠬᠡᠪᠴᠢᠶ᠎ᠡ᠎ᠠᠴᠠ ᠭᠠᠳᠠᠨ᠎ᠠ ᠥᠪᠡᠷ᠎ᠲᠡᠭᠡᠨ ᠪᠡᠯᠡᠳᠬᠡᠭᠰᠡᠨ ᠨᠡᠭᠦᠷᠡᠰᠦ ᠰᠢᠲᠠᠭ᠋ᠠᠬᠤ ᠮᠠᠰᠢᠨ ᠴᠣᠭᠴᠠᠯᠠᠪᠤᠷᠢ ᠵᠢ ᠰᠢᠨ᠎ᠡ᠎ᠪᠠᠷ (ᠥᠷᠭᠡᠳᠬᠡᠨ) ᠪᠠᠢ᠌ᠭᠤᠯᠬᠤ ᠵᠢ ᠴᠢᠩᠭ᠎ᠠ ᠴᠠᠭ᠋ᠠᠵᠠᠯᠠᠨ᠎ᠠ᠃ 2025 ᠣᠨ ᠪᠣᠯᠬᠤ᠎ᠳᠤ᠂ ᠰᠢᠨ᠎ᠡ ᠡᠨᠧᠷᠭᠢ ᠵᠢᠨ ᠰᠤᠷᠪᠤᠯᠵᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠬᠡᠪᠴᠢᠶ᠎ᠡ᠎ᠠᠴᠠ ᠳᠠᠪᠠᠭᠤᠯᠵᠤ᠂ ᠤᠯᠤᠰ᠎ᠠᠴᠠ ᠪᠠᠭᠤᠯᠭ᠋ᠠᠭᠰᠠᠨ ᠳᠠᠬᠢᠨ ᠡᠭᠦᠰᠴᠦ ᠪᠣᠯᠬᠤ ᠡᠨᠧᠷᠭᠢ ᠵᠢᠨ ᠰᠤᠷᠪᠤᠯᠵᠢ ᠵᠢᠨ ᠴᠠᠬᠢᠯᠭ᠋ᠠᠨ ᠬᠦᠴᠦᠨ᠎ᠢ ᠰᠢᠩᠭᠡᠭᠡᠬᠦ ᠡᠭᠦᠷᠭᠡ ᠵᠢ ᠪᠡᠶᠡᠯᠡᠭᠦᠯᠦᠨ᠎ᠡ; ᠴᠢᠯᠠᠭᠤᠵᠢᠮᠠᠯ ᠪᠤᠰᠤ ᠡᠨᠧᠷᠭᠢ ᠵᠢᠨ ᠰᠤᠷᠪᠤᠯᠵᠢ ᠵᠢᠨ ᠬᠡᠷᠡᠭᠯᠡᠭᠡᠨ᠎ᠤ ᠬᠤᠪᠢ ᠵᠢᠨ ᠵᠢᠩ᠎ᠢ 18%᠎ᠳᠤ ᠬᠦᠷᠭᠡᠵᠦ᠂ ᠴᠠᠬᠢᠯᠭ᠋ᠠᠨ ᠡᠨᠧᠷᠭᠢ ᠵᠢᠨ ᠠᠵᠤ ᠦᠢ᠍ᠯᠡᠳᠪᠦᠷᠢ ᠵᠢᠨ ᠦᠵᠦᠭᠦᠷ᠎ᠤᠨ ᠬᠡᠰᠡᠭ᠎ᠤᠨ ᠡᠨᠧᠷᠭᠢ ᠵᠢᠨ ᠰᠤᠷᠪᠤᠯᠵᠢ ᠵᠢᠨ ᠬᠡᠷᠡᠭᠯᠡᠭᠡᠨ᠎ᠤ ᠪᠦᠬᠦ ᠣᠷᠣᠨ᠎ᠤ ᠡᠨᠧᠷᠭᠢ ᠵᠢᠨ ᠬᠡᠷᠡᠭᠯᠡᠭᠡᠨ᠎ᠤ ᠶᠡᠷᠦᠩᠬᠡᠢ ᠬᠡᠮᠵᠢᠶ᠎ᠡ᠎ᠳᠠᠬᠢ ᠨᠡᠭᠦᠷᠡᠰᠦᠨ᠎ᠤ ᠬᠡᠷᠡᠭᠯᠡᠭᠡᠨ᠎ᠤ ᠡᠵᠡᠯᠡᠬᠦ ᠬᠤᠪᠢ ᠵᠢᠨ ᠵᠢᠩ᠎ᠢ 75%᠎ᠠᠴᠠ ᠳᠣᠷᠣᠭᠰᠢ ᠪᠣᠯᠲᠠᠯ᠎ᠠ ᠪᠠᠭᠤᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠨᠧᠷᠭᠢ ᠵᠢᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ ᠵᠡᠷᠭᠡ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      (ᠲᠤᠯᠤᠭ᠎ᠠ) ᠨᠡᠭᠦᠷᠡᠰᠦ ᠰᠢᠲᠠᠭ᠋ᠠᠬᠤ ᠭᠦᠸᠧᠯᠦ ᠵᠢ ᠰᠢᠭᠰᠢᠭᠳᠡᠭᠦᠯᠵᠦ ᠴᠡᠭᠴᠡᠯᠡᠨ ᠵᠠᠰᠠᠬᠤ ᠡᠷᠴᠢᠮ᠎ᠢ ᠴᠢᠩᠭ᠋ᠠᠷᠠᠭᠤᠯᠤᠨ᠎ᠠ᠃ ᠡᠯ᠎ᠡ ᠭᠠᠵᠠᠷ ᠣᠷᠣᠨ᠎ᠨᠤᠭᠤᠳ ᠨᠡᠭᠦᠷᠡᠰᠦ ᠰᠢᠲᠠᠭ᠋ᠠᠵᠤ ᠢᠯᠴᠢ ᠬᠠᠩᠭ᠋ᠠᠬᠤ ᠭᠦᠸᠧᠯᠦ ᠵᠢᠨ ᠣᠷᠣᠯᠠᠬᠤ ᠲᠥᠷᠥᠯ ᠵᠦᠢ᠍ᠯ᠎ᠢ ᠬᠣᠲᠠ ᠪᠠᠯᠭ᠋ᠠᠰᠤ ᠵᠢᠨ ᠢᠯᠴᠢ ᠬᠠᠩᠭ᠋ᠠᠬᠤ ᠲᠥᠯᠦᠪᠵᠢᠭᠦᠯᠭᠡ᠎ᠳᠤ ᠣᠷᠣᠭᠤᠯᠬᠤ ᠬᠡᠷᠡᠭᠲᠡᠶ᠃ ᠬᠣᠰᠢᠭᠤ ᠰᠢᠶᠠᠨ ᠵᠢᠴᠢ ᠲᠡᠭᠦᠨ᠎ᠠᠴᠠ ᠳᠡᠭᠡᠭᠰᠢᠬᠢ ᠬᠣᠲᠠ ᠵᠢᠨ ᠪᠠᠢ᠌ᠭᠤᠯᠤᠭᠰᠠᠨ ᠲᠣᠭᠣᠷᠢᠭ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠨᠢ ᠵᠠᠷᠴᠢᠮ ᠳᠡᠭᠡᠷ᠎ᠡ᠎ᠪᠠᠨ 35 ᠲᠣᠨ ᠠᠭᠤᠷᠰᠢᠭᠤᠯᠬᠤ/ ᠴᠠᠭ ᠵᠢᠴᠢ ᠲᠡᠭᠦᠨ᠎ᠠᠴᠠ ᠳᠣᠷᠣᠭᠰᠢᠬᠢ ᠨᠡᠭᠦᠷᠡᠰᠦ ᠰᠢᠲᠠᠭ᠋ᠠᠬᠤ ᠭᠦᠸᠧᠯᠦ ᠵᠢ ᠰᠢᠨ᠎ᠡ᠎ᠪᠠᠷ ᠪᠠᠢ᠌ᠭᠤᠯᠬᠤ ᠦᠭᠡᠢ᠂ ᠪᠤᠰᠤᠳ ᠭᠠᠵᠠᠷ ᠣᠷᠣᠨ᠎ᠨᠢ ᠵᠠᠷᠴᠢᠮ ᠳᠡᠭᠡᠷ᠎ᠡ᠎ᠪᠠᠨ 10 ᠲᠣᠨ ᠠᠭᠤᠷᠰᠢᠭᠤᠯᠬᠤ/ ᠴᠠᠭ᠎ᠠᠴᠠ ᠳᠣᠷᠣᠭᠰᠢᠬᠢ ᠨᠡᠭᠦᠷᠡᠰᠦ ᠰᠢᠲᠠᠭ᠋ᠠᠬᠤ ᠭᠦᠸᠧᠯᠦ ᠵᠢ ᠰᠢᠨ᠎ᠡ᠎ᠪᠠᠷ ᠪᠠᠢ᠌ᠭᠤᠯᠬᠤ ᠦᠭᠡᠢ᠃ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠎ᠤ ᠬᠠᠩᠭ᠋ᠠᠯᠭ᠎ᠠ ᠵᠢ ᠪᠠᠲᠤᠯᠠᠭᠰᠠᠨ ᠤᠷᠢᠲᠠᠯ ᠳᠣᠣᠷ᠎ᠠ᠂ 30 ᠲᠦᠮᠡᠨ ᠺᠢᠯᠣᠸᠠᠲ ᠵᠢᠴᠢ ᠲᠡᠭᠦᠨ᠎ᠠᠴᠠ ᠳᠡᠭᠡᠭᠰᠢᠬᠢ ᠢᠯᠴᠢ ᠵᠢᠨ ᠴᠠᠬᠢᠯᠭ᠋ᠠᠨ᠎ᠤ ᠬᠠᠮᠲᠤᠷᠠᠨ ᠦᠢ᠍ᠯᠡᠳᠪᠦᠷᠢᠯᠡᠬᠦ ᠮᠠᠰᠢᠨ ᠴᠣᠭᠴᠠᠯᠠᠪᠤᠷᠢ ᠵᠢᠨ ᠢᠯᠴᠢ ᠬᠠᠩᠭ᠋ᠠᠬᠤ ᠷᠠᠳᠢᠦ᠋ᠰ᠎ᠨᠢ 15 ᠺᠢᠯᠣᠮᠧᠲᠷ᠎ᠤᠨ ᠬᠡᠪᠴᠢᠶᠡᠨ ᠳᠣᠲᠣᠷᠠᠬᠢ ᠨᠡᠭᠦᠷᠡᠰᠦ ᠰᠢᠲᠠᠭ᠋ᠠᠵᠤ ᠢᠯᠴᠢ ᠬᠠᠩᠭ᠋ᠠᠬᠤ ᠭᠦᠸᠧᠯᠦ ᠵᠢ ᠬᠠᠭ᠋ᠠᠵᠤ ᠵᠣᠭᠰᠣᠭ᠋ᠠᠵᠤ ᠨᠡᠢ᠌ᠳᠬᠡᠬᠦ ᠵᠢ ᠲᠦᠷᠭᠡᠳᠬᠡᠨ ᠠᠬᠢᠭᠤᠯᠤᠨ᠎ᠠ᠃ 2025 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ᠂ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠭ᠎ᠠ ᠭᠠᠵᠠᠷ᠎ᠤᠨ ᠬᠣᠲᠠ ᠵᠢᠨ ᠪᠦᠲᠦᠭᠡᠨ ᠪᠠᠢ᠌ᠭᠤᠯᠤᠯᠲᠠ ᠵᠢᠨ ᠲᠣᠭᠣᠷᠢᠭ᠎ᠲᠤ ᠵᠢᠩᠬᠢᠨᠢ ᠠᠯᠪᠠᠨ᠎ᠤ 35 ᠲᠣᠨ ᠠᠭᠤᠷᠰᠢᠭᠤᠯᠬᠤ/ ᠴᠠᠭ (ᠪᠠᠭᠲᠠᠬᠤ ᠦᠭᠡᠢ)᠎ᠠᠴᠠ ᠳᠣᠷᠣᠭᠰᠢᠬᠢ ᠨᠡᠭᠦᠷᠡᠰᠦ ᠰᠢᠲᠠᠭ᠋ᠠᠬᠤ ᠭᠦᠸᠧᠯᠦ ᠵᠢ ᠦᠨᠳᠦᠰᠦᠨ᠎ᠳᠡᠭᠡᠨ ᠰᠢᠭᠰᠢᠭᠳᠡᠭᠦᠯᠦᠨ᠎ᠡ᠂ ᠡᠭᠦᠨ᠎ᠳᠤ ᠬᠥᠬᠡᠬᠣᠲᠠ᠂ ᠪᠤᠭᠤᠲᠤ ᠬᠣᠲᠠ᠂ ᠦᠬᠠᠢ ᠬᠣᠲᠠ ᠵᠢᠨ 65 ᠲᠣᠨ ᠠᠭᠤᠷᠰᠢᠭᠤᠯᠬᠤ/ ᠴᠠᠭ (ᠪᠠᠭᠲᠠᠬᠤ ᠦᠭᠡᠢ)᠎ᠠᠴᠠ ᠳᠣᠷᠣᠭᠰᠢᠬᠢ ᠨᠡᠭᠦᠷᠡᠰᠦ ᠰᠢᠲᠠᠭ᠋ᠠᠬᠤ ᠭᠦᠸᠧᠯᠦ ᠵᠢ ᠰᠢᠭᠰᠢᠭᠳᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠨᠧᠷᠭᠢ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      (ᠨᠠᠢ᠍ᠮᠠ) ᠠᠵᠤ ᠦᠢ᠍ᠯᠡᠳᠪᠦᠷᠢ ᠵᠢᠨ ᠵᠤᠤᠬ᠎ᠠ ᠵᠢᠨ ᠴᠡᠪᠡᠷ ᠡᠨᠧᠷᠭᠢ ᠵᠢᠨ ᠣᠷᠤᠯᠠᠭᠤᠯᠤᠯᠲᠠ ᠵᠢ ᠬᠡᠷᠡᠭᠵᠢᠭᠦᠯᠦᠨ᠎ᠡ᠃ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠎ᠳᠤ ᠦᠯᠦ ᠨᠡᠶ᠋ᠢᠴᠡᠬᠦ ᠲᠦᠯᠡᠰᠢ ᠵᠢᠨ ᠲᠥᠷᠥᠯ᠎ᠤᠨ ᠨᠡᠭᠦᠷᠡᠰᠦᠨ ᠬᠡᠢ ᠡᠭᠦᠰᠬᠡᠬᠦ ᠵᠤᠤᠬ᠎ᠠ ᠵᠢ ᠰᠢᠭᠰᠢᠭᠳᠡᠭᠦᠯᠬᠦ ᠵᠢᠨ ᠬᠠᠮᠲᠤ ᠰᠢᠨ᠎ᠡ᠎ᠪᠠᠷ ᠪᠠᠢ᠌ᠭᠤᠯᠬᠤ ᠵᠢ ᠴᠠᠭ᠋ᠠᠵᠠᠯᠠᠵᠤ᠂ ᠬᠠᠯᠠᠭ᠋ᠠᠯᠲᠠ ᠵᠢᠨ ᠵᠤᠤᠬ᠎ᠠ᠂ ᠢᠯᠴᠢ᠎ᠪᠠᠷ ᠰᠢᠢ᠍ᠳᠪᠦᠷᠢᠯᠡᠬᠦ ᠵᠤᠤᠬ᠎ᠠ᠂ ᠬᠠᠳᠠᠭ᠋ᠠᠬᠤ ᠵᠤᠤᠬ᠎ᠠ᠂ ᠬᠠᠶ᠋ᠢᠯᠤᠭᠤᠯᠬᠤ ᠵᠤᠤᠬ᠎ᠠ᠎ᠳᠤ ᠴᠡᠪᠡᠷ ᠨᠠᠭᠦᠷᠡᠰᠦᠲᠦ᠋ᠷᠦᠭᠴᠢ ᠪᠠᠭ᠎ᠠ ᠡᠨᠧᠷᠭᠢ ᠵᠢᠨ ᠰᠤᠷᠪᠤᠯᠵᠢ ᠬᠡᠷᠡᠭᠯᠡᠬᠦ ᠵᠢ ᠠᠬᠢᠭᠤᠯᠤᠨ᠎ᠠ᠃ ᠪᠣᠬᠢᠷᠲᠤᠯ ᠶᠡᠬᠡᠲᠡᠢ ᠲᠦᠯᠡᠰᠢ ᠬᠡᠷᠡᠭᠯᠡᠬᠦ ᠠᠵᠤ ᠦᠢ᠍ᠯᠡᠳᠪᠦᠷᠢ ᠵᠢᠨ ᠵᠤᠤᠬ᠎ᠠ ᠵᠢ ᠠᠵᠤ ᠦᠢ᠍ᠯᠡᠳᠪᠦᠷᠢ ᠵᠢᠨ ᠦᠯᠡᠳᠡᠪᠦᠷᠢ ᠢᠯᠴᠢ᠂ ᠴᠠᠬᠢᠯᠭ᠋ᠠᠨ ᠡᠨᠧᠷᠭᠢ᠂ ᠪᠠᠶ᠋ᠢᠭ᠋ᠠᠯᠢ ᠵᠢᠨ ᠰᠢᠲᠠᠮᠠᠬᠠᠢ ᠬᠡᠢ ᠵᠡᠷᠭᠡ ᠵᠢ ᠬᠡᠷᠡᠭᠯᠡᠬᠦ ᠵᠢ ᠠᠶᠤᠯᠭᠦᠢ ᠪᠥᠭᠡᠳ ᠯᠠᠪᠳᠠᠭᠤᠨ ᠵᠶ᠋ᠠᠷ ᠠᠬᠢᠭᠤᠯᠤᠨ᠎ᠠ᠃ ᠰᠢᠲᠠᠭ᠋ᠠᠯᠭ᠎ᠠ ᠵᠢᠨ ᠲᠥᠷᠥᠯ᠎ᠤᠨ ᠨᠡᠭᠦᠷᠡᠰᠦᠨ ᠬᠡᠢ ᠡᠭᠦᠰᠬᠡᠬᠦ ᠵᠤᠤᠬ᠎ᠠ ᠵᠢ ᠴᠡᠪᠡᠷ ᠡᠨᠧᠷᠭᠢ᠎ᠪᠠᠷ ᠣᠷᠣᠯᠠᠭᠤᠯᠬᠤ ᠵᠢ ᠠᠬᠢᠭᠤᠯᠬᠤ ᠪᠤᠶᠤ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠬᠦᠷᠢᠶᠡᠯᠡᠩ ᠲᠣᠭᠣᠷᠢᠭ (ᠪᠦᠯᠦᠭᠵᠢᠯ)᠎ᠤᠨ ᠲᠥᠪᠯᠡᠷᠡᠭᠦᠯᠦᠨ ᠬᠡᠢ ᠬᠠᠩᠭ᠋ᠠᠬᠤ᠂ ᠲᠠᠷᠠᠬᠠᠢ ᠬᠡᠷᠡᠭᠯᠡᠬᠦ ᠵᠢ ᠬᠡᠷᠡᠭᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠂ ᠡᠨᠧᠷᠭᠢ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      (ᠶᠢᠰᠦ) ᠠᠷᠢᠭᠤᠨ ᠴᠡᠪᠡᠷ ᠵᠶ᠋ᠡᠷ ᠳᠤᠯᠠᠭ᠋ᠠᠯᠠᠬᠤ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠤᠨ᠎ᠠ᠃ ᠲᠥᠪ᠎ᠤᠨ ᠡᠳ᠋᠎ᠤᠨ ᠵᠠᠰᠠᠭ᠎ᠠᠴᠠ ᠤᠮᠠᠷᠠᠲᠤ ᠣᠷᠣᠨ᠎ᠤ ᠠᠷᠢᠭᠤᠨ ᠴᠡᠪᠡᠷ ᠵᠶ᠋ᠡᠷ ᠳᠤᠯᠠᠭ᠋ᠠᠯᠠᠬᠤ ᠵᠢ ᠳᠡᠮᠵᠢᠬᠦ ᠬᠡᠪᠴᠢᠶᠡᠨ᠎ᠳᠤ ᠣᠷᠣᠭᠤᠯᠤᠭᠰᠠᠨ ᠬᠣᠲᠠ᠎ᠨᠤᠭᠤᠳ ᠥᠭᠡᠷᠡᠴᠢᠯᠡᠬᠦ ᠡᠭᠦᠷᠭᠡ᠎ᠪᠠᠨ ᠶᠠᠰᠤ ᠴᠢᠨᠠᠷ᠎ᠢ ᠪᠠᠲᠤᠯᠠᠨ ᠲᠣᠭ᠎ᠠ ᠬᠡᠮᠵᠢᠶ᠎ᠡ ᠵᠢ ᠪᠠᠲᠤᠯᠠᠬᠤ ᠬᠡᠷᠡᠭᠲᠡᠶ᠃ ᠪᠠᠷᠢᠯᠭ᠎ᠠ ᠵᠢᠨ ᠡᠨᠧᠷᠭᠢ ᠵᠢᠨ ᠠᠰᠢᠭᠯᠠᠮᠵᠢ ᠵᠢᠨ ᠬᠢᠷᠢ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠨᠢᠭᠡᠨᠲᠡ ᠪᠠᠢ᠌ᠭ᠎ᠠ ᠬᠥᠳᠡᠭᠡ ᠲᠣᠰᠬᠤᠨ᠎ᠤ ᠭᠡᠷ ᠪᠠᠢ᠌ᠰᠢᠩ᠎ᠤᠨ ᠡᠨᠧᠷᠭᠢ ᠠᠷᠪᠢᠯᠠᠬᠤ ᠮᠠᠯᠵᠢᠬᠤ ᠲᠠᠷᠢᠶᠠᠯᠠᠬᠤ ᠣᠷᠣᠨ᠎ᠤ ᠰᠠᠭᠤᠭ᠋ᠠᠯᠢ ᠠᠷᠠᠳ᠎ᠤᠨ ᠠᠮᠢᠳᠤᠷᠠᠯ᠂ ᠲᠥᠬᠥᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠵᠢᠨ ᠰᠤᠯᠠ ᠨᠡᠭᠦᠷᠡᠰᠦ᠎ᠪᠠᠷ ᠣᠷᠣᠯᠠᠭᠤᠯᠬᠤ ᠵᠢ ᠯᠠᠪᠳᠠᠭᠤᠨ ᠵᠶ᠋ᠠᠷ ᠠᠬᠢᠭᠤᠯᠤᠨ᠎ᠠ᠃ ᠡᠯ᠎ᠡ ᠭᠠᠵᠠᠷ ᠣᠷᠣᠨ᠎ᠨᠤᠭᠤᠳ ᠠᠷᠢᠭᠤᠨ ᠴᠡᠪᠡᠷ ᠵᠶ᠋ᠡᠷ ᠳᠤᠯᠠᠭ᠋ᠠᠯᠠᠬᠤ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠪᠡᠶᠡᠯᠡᠭᠦᠯᠦᠭᠰᠡᠨ ᠭᠠᠵᠠᠷ ᠣᠷᠣᠨ᠎ᠢ ᠪᠣᠬᠢᠷᠲᠤᠯ ᠶᠡᠬᠡᠲᠡᠢ ᠲᠦᠯᠡᠰᠢ ᠵᠢᠨ ᠰᠢᠲᠠᠬᠤ ᠵᠢ ᠴᠠᠭ᠋ᠠᠵᠠᠯᠠᠬᠤ ᠣᠷᠣᠨ ᠪᠣᠯᠭ᠋ᠠᠨ ᠬᠠᠤᠯᠢ ᠶᠣᠰᠣᠭ᠋ᠠᠷ ᠬᠤᠪᠢᠶᠠᠷᠢᠯᠠᠨ ᠲᠣᠭᠲᠠᠭ᠋ᠠᠵᠤ᠂ ᠬᠢᠨᠠᠯᠲᠠ ᠲᠠᠯᠪᠢᠵᠤ ᠪᠠᠢ᠌ᠴᠠᠭ᠋ᠠᠬᠤ ᠡᠷᠴᠢᠮ ᠵᠶ᠋ᠡᠨ ᠴᠢᠩᠭ᠋ᠠᠷᠠᠭᠤᠯᠤᠨ᠂ ᠲᠠᠷᠠᠬᠠᠢ ᠨᠡᠭᠦᠷᠡᠰᠦ ᠵᠢ ᠳᠠᠬᠢᠨ ᠰᠢᠲᠠᠭ᠋ᠠᠬᠤ ᠵᠢ ᠰᠡᠷᠭᠡᠢ᠌ᠯᠡᠨ ᠬᠣᠷᠢᠭᠯᠠᠨ᠎ᠠ; ᠠᠷᠢᠭᠤᠨ ᠴᠡᠪᠡᠷ ᠵᠶ᠋ᠡᠷ ᠳᠤᠯᠠᠭ᠋ᠠᠯᠠᠬᠤ ᠵᠢ ᠲᠦᠷ ᠬᠡᠷᠡᠭᠵᠢᠭᠦᠯᠦᠭᠡᠳᠦᠢ ᠭᠠᠵᠠᠷ ᠣᠷᠣᠨ᠎ᠳᠤ᠂ ᠲᠠᠸᠠᠷ᠎ᠤᠨ ᠨᠡᠭᠦᠷᠡᠰᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠬᠤ ᠪᠠ ᠬᠠᠮᠢᠶᠠᠷᠬᠤ ᠵᠢ ᠴᠢᠩᠭ᠋ᠠᠷᠠᠭᠤᠯᠤᠨ᠎ᠠ᠃ 2025 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ᠂ ᠭᠣᠣᠯᠳᠠᠯᠭ᠎ᠠ᠎ᠲᠠᠢ ᠣᠷᠣᠨ ᠪᠦᠰᠡ ᠵᠢᠨ ᠬᠣᠲᠠᠨ᠎ᠳᠠᠬᠢ ᠲᠣᠰᠬᠤᠨ᠂ ᠬᠣᠲᠠ ᠬᠥᠳᠡᠭᠡ ᠵᠢᠨ ᠠᠭᠤᠯᠵᠠᠷ ᠬᠡᠰᠡᠭ᠎ᠤᠨ ᠲᠠᠷᠠᠬᠠᠢ ᠪᠤᠲᠠᠷᠬᠠᠢ ᠨᠡᠭᠦᠷᠡᠰᠦ ᠵᠢ ᠦᠨᠳᠦᠰᠦᠨ᠎ᠳᠡᠭᠡᠨ ᠦᠭᠡᠢ ᠪᠣᠯᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      ᠳᠥᠷᠪᠡ᠂ ᠵᠠᠮ ᠬᠠᠷᠢᠯᠴᠠᠭ᠋ᠠᠨ᠎ᠤ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠎ᠠ
      (ᠠᠷᠪᠠ) ᠪᠠᠷᠠᠭ᠋ᠠᠨ᠎ᠤ ᠲᠡᠭᠡᠭᠡᠪᠦᠷᠢ ᠵᠢᠨ ᠪᠦᠲᠦᠴᠡ ᠵᠢ ᠦᠷᠭᠦᠯᠵᠢᠯᠡᠨ ᠰᠢᠯᠢᠳᠡᠭᠵᠢᠭᠦᠯᠦᠨ ᠲᠣᠬᠢᠷᠠᠭᠤᠯᠤᠨ᠎ᠠ᠃ ᠨᠡᠭᠦᠷᠡᠰᠦ᠂ ᠬᠦᠳᠡᠷ ᠵᠡᠷᠭᠡ ᠶᠡᠬᠡ ᠬᠡᠮᠵᠢᠶᠡᠨ᠎ᠤ ᠪᠠᠷᠠᠭ᠎ᠠ ᠵᠢᠨ ᠳᠤᠮᠳᠠ ᠪᠠ ᠬᠣᠯᠠ ᠵᠠᠢ ᠵᠢᠨ ᠲᠡᠭᠡᠭᠡᠪᠦᠷᠢ᠎ᠳᠤ ᠡᠩ ᠲᠡᠷᠢᠭᠦᠨ᠎ᠳᠤ ᠲᠡᠮᠦᠷ ᠵᠠᠮ᠎ᠤᠨ ᠲᠡᠭᠡᠭᠡᠪᠦᠷᠢ ᠵᠢ ᠬᠡᠷᠡᠭᠯᠡᠵᠦ᠂ ᠣᠢ᠌ᠷ᠎ᠠ ᠵᠠᠢ ᠵᠢᠨ ᠲᠡᠭᠡᠭᠡᠪᠦᠷᠢ᠎ᠳᠤ ᠪᠢᠲᠡᠭᠦᠯᠢᠭ ᠪᠦᠰᠡ ᠵᠢᠨ ᠬᠣᠩᠭᠢᠯ ᠵᠠᠮ᠂ ᠬᠣᠭᠣᠯᠠᠢ ᠪᠤᠶᠤ ᠰᠢᠨ᠎ᠡ ᠡᠨᠧᠷᠭᠢ ᠵᠢᠨ ᠲᠡᠷᠭᠡ ᠵᠢ ᠡᠩ ᠲᠡᠷᠢᠭᠦᠨ᠎ᠳᠤ ᠬᠡᠷᠡᠭᠯᠡᠨ᠎ᠡ᠃ ᠠᠷᠢᠭᠤᠨ ᠴᠡᠪᠡᠷ ᠲᠡᠭᠡᠭᠡᠪᠦᠷᠢ ᠵᠢ ᠨᠡᠭᠦᠷᠡᠰᠦᠨ ᠠᠭᠤᠷᠬᠠᠢ᠂ ᠪᠣᠯᠣᠳ ᠲᠡᠮᠦᠷ᠂ ᠢᠯᠴᠢ ᠵᠢᠨ ᠴᠠᠬᠢᠯᠭ᠋ᠠᠨ᠂ ᠥᠩᠭᠡᠲᠦ ᠲᠡᠮᠦᠷᠯᠢᠭ᠂ ᠬᠡᠦᠷᠰᠢᠭᠦᠯᠬᠦ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠡᠷᠭᠡ ᠠᠵᠢᠯ ᠲᠥᠷᠥᠯ᠎ᠤᠨ ᠰᠢᠨ᠎ᠡ᠎ᠪᠠᠷ ᠥᠭᠡᠷᠡᠴᠢᠯᠡᠵᠦ ᠥᠷᠭᠡᠳᠬᠡᠨ ᠪᠠᠢ᠌ᠭᠤᠯᠬᠤ ᠲᠥᠷᠥᠯ ᠵᠦᠢ᠍ᠯ᠎ᠤᠨ ᠬᠢᠨᠠᠨ ᠬᠠᠷᠭᠤᠭᠤᠯᠬᠤ ᠪᠠ ᠬᠢᠨᠠᠨ ᠬᠠᠮᠢᠶᠠᠷᠬᠤ ᠭᠣᠣᠯᠳᠠᠯᠭ᠎ᠠ ᠪᠣᠯᠭ᠋ᠠᠬᠤ ᠵᠢ ᠰᠦᠪᠡᠭᠴᠢᠯᠡᠨ᠎ᠡ᠃ ᠶᠡᠬᠡ ᠬᠡᠮᠵᠢᠶᠡᠨ᠎ᠤ ᠪᠠᠷᠠᠭ᠎ᠠ ᠵᠢᠨ ᠵᠢᠯ᠎ᠤᠨ ᠲᠡᠭᠡᠭᠡᠪᠦᠷᠢ ᠵᠢᠨ ᠬᠡᠮᠵᠢᠶ᠎ᠡ᠎ᠨᠢ 150 ᠲᠦᠮᠡᠨ ᠲᠣᠨ᠎ᠠᠴᠠ ᠳᠡᠭᠡᠭᠰᠢᠬᠢ ᠪᠠᠷᠠᠭ᠎ᠠ ᠵᠢᠨ ᠭᠦᠢ᠍ᠯᠭᠡᠭᠡᠨ᠎ᠤ ᠬᠦᠷᠢᠶᠡᠯᠡᠩ ᠲᠣᠭᠣᠷᠢᠭ᠂ ᠦᠢ᠍ᠯᠡᠳᠪᠦᠷᠢ ᠠᠭᠤᠷᠬᠠᠢ ᠵᠢᠨ ᠠᠵᠤ ᠠᠬᠤᠢ᠌ᠯᠠᠯ ᠪᠣᠯᠣᠨ ᠨᠡᠭᠦᠷᠡᠰᠦ ᠬᠠᠳᠠᠭ᠋ᠠᠯᠠᠬᠤ ᠰᠠᠭᠤᠷᠢᠨ ᠭᠠᠵᠠᠷ᠎ᠢ ᠰᠢᠨ᠎ᠡ᠎ᠪᠠᠷ ᠪᠠᠢ᠌ᠭᠤᠯᠬᠤ ᠪᠠ ᠨᠡᠭᠦᠯᠭᠡᠨ ᠪᠠᠢ᠌ᠭᠤᠯᠬᠤ᠎ᠳᠤ᠂ ᠵᠠᠷᠴᠢᠮ ᠳᠡᠭᠡᠷ᠎ᠡ᠎ᠪᠠᠨ ᠲᠡᠮᠦᠷ ᠵᠠᠮ᠎ᠤᠨ ᠲᠤᠰᠬᠠᠢ ᠬᠡᠷᠡᠭᠯᠡᠭᠡᠨ᠎ᠤ ᠱᠤᠭᠤᠮ ᠪᠤᠶᠤ ᠬᠣᠭᠣᠯᠠᠢ᠎ᠳᠤ ᠵᠠᠯᠭ᠋ᠠᠵᠤ ᠣᠷᠣᠭᠤᠯᠤᠨ᠎ᠠ᠃ 2025 ᠣᠨ ᠪᠣᠯᠬᠤ᠎ᠳᠤ᠂ ᠪᠥᠬᠥ ᠣᠷᠣᠨ᠎ᠤ ᠲᠡᠮᠦᠷ ᠵᠠᠮ᠎ᠤᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠵᠢ 2020 ᠣᠨ᠎ᠤ᠎ᠬᠢ᠎ᠠᠴᠠ 10% ᠣᠷᠴᠢᠮ ᠨᠡᠮᠡᠭᠳᠡᠭᠦᠯᠵᠦ᠂ 500 ᠺᠢᠯᠣᠮᠧᠲᠷ᠎ᠠᠴᠠ ᠳᠡᠭᠡᠭᠰᠢ ᠵᠠᠢ᠎ᠲᠠᠢ ᠮᠤᠵᠢ (ᠣᠷᠣᠨ᠂ ᠬᠣᠲᠠ) ᠠᠯᠤᠰᠯᠠᠨ ᠭᠠᠳᠠᠭᠰᠢ ᠲᠡᠭᠡᠭᠡᠪᠦᠷᠢᠯᠡᠬᠦ ᠨᠡᠭᠦᠷᠡᠰᠦ ᠪᠠ ᠬᠡᠦᠷᠡᠰᠦ ᠵᠢ ᠲᠡᠮᠦᠷ ᠵᠠᠮ ᠵᠶ᠋ᠠᠷ ᠲᠡᠭᠡᠭᠡᠪᠦᠷᠢᠯᠡᠬᠦ ᠬᠠᠷᠢᠴᠠᠯ᠎ᠢ 90%᠎ᠠᠴᠠ ᠳᠡᠭᠡᠭᠰᠢ᠎ᠳᠤ ᠬᠦᠷᠦᠭᠦᠯᠬᠦ᠎ᠪᠠᠷ ᠴᠢᠷᠮᠠᠢ᠌ᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ ᠵᠡᠷᠭᠡ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      (ᠠᠷᠪᠠᠨ ᠨᠢᠭᠡ) ᠮᠠᠰᠢᠨᠲᠤ ᠲᠡᠷᠭᠡᠨ᠎ᠤ ᠴᠡᠪᠡᠷᠵᠢᠭᠦᠯᠦᠯᠲᠡ ᠵᠢᠨ ᠬᠢᠷᠢ ᠲᠦᠪᠰᠢᠨ᠎ᠢ ᠲᠦᠷᠭᠡᠳᠬᠡᠨ ᠳᠡᠭᠡᠭᠰᠢᠯᠡᠭᠦᠯᠦᠨ᠎ᠡ᠃ ᠬᠥᠬᠡᠬᠣᠲᠠ ᠪᠤᠭᠤᠲᠤ ᠣᠷᠳᠣᠰ᠂ ᠦᠬᠠᠢ ᠬᠣᠲᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠳᠤ ᠴᠡᠪᠡᠷᠵᠢᠭᠦᠯᠦᠭᠰᠡᠨ ᠲᠡᠭᠡᠭᠡᠪᠦᠷᠢ ᠵᠢᠨ ᠲᠤᠷᠰᠢᠯᠲᠠ ᠵᠢᠨ ᠴᠡᠭ ᠪᠣᠯᠬᠤ ᠬᠣᠲᠠ ᠵᠢᠨ ᠪᠦᠲᠦᠭᠡᠨ ᠪᠠᠢ᠌ᠭᠤᠯᠤᠯᠲᠠ ᠵᠢ ᠥᠷᠨᠢᠭᠦᠯᠵᠦ᠂ ᠴᠡᠪᠡᠷᠵᠢᠭᠦᠯᠦᠭᠰᠡᠨ ᠲᠡᠭᠡᠭᠡᠪᠦᠷᠢ ᠵᠢᠨ ᠤᠷᠢᠳᠠᠪᠠᠷ ᠬᠥᠲᠥᠯᠥᠨ ᠳᠠᠭ᠋ᠠᠭᠤᠯᠬᠤ ᠣᠷᠣᠨ᠎ᠢ ᠪᠠᠢ᠌ᠭᠤᠯᠤᠨ᠎ᠠ᠃ ᠢᠯᠴᠢ ᠵᠢᠨ ᠴᠠᠬᠢᠯᠭ᠋ᠠᠨ᠂ ᠪᠣᠯᠣᠳ ᠲᠡᠮᠦᠷ᠂ ᠨᠡᠭᠦᠷᠡᠰᠦ᠂ ᠬᠡᠦᠷᠰᠢᠭᠦᠯᠬᠦ᠂ ᠥᠩᠭᠡᠲᠦ ᠲᠡᠮᠦᠷᠯᠢᠭ᠂ ᠱᠦᠢ᠍ᠨᠢ ᠵᠡᠷᠭᠡ ᠠᠵᠢᠯ ᠲᠥᠷᠥᠯ ᠪᠠ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠣᠷᠢᠭ᠎ᠲᠤ 《ᠰᠢᠨ᠎ᠡ ᠡᠨᠧᠷᠭᠢ ᠵᠢᠨ ᠬᠦᠨᠳᠦ ᠺᠠᠷᠲ + ᠲᠠᠷᠠᠬᠠᠢ ᠪᠤᠲᠠᠷᠬᠠᠢ ᠪᠠᠢ᠌ᠭᠰᠠᠨ᠎ᠢ ᠲᠥᠪᠯᠡᠷᠡᠭᠦᠯᠦᠨ ᠥᠭᠡᠷᠡᠴᠢᠯᠡᠬᠦ》 ᠲᠡᠭᠡᠭᠡᠪᠦᠷᠢ ᠵᠢᠨ ᠵᠠᠭᠪᠤᠷ᠎ᠢ ᠳᠡᠯᠭᠡᠷᠡᠭᠦᠯᠦᠨ᠎ᠡ᠃ ᠬᠣᠲᠠ ᠵᠢᠨ ᠪᠠᠢ᠌ᠭᠤᠯᠤᠭᠰᠠᠨ ᠲᠣᠭᠣᠷᠢᠭ᠎ᠤᠨ ᠰᠢᠨ᠎ᠡ᠎ᠪᠠᠷ ᠨᠡᠮᠡᠭᠳᠡᠭᠰᠡᠨ ᠪᠠ ᠰᠢᠨᠡᠳᠬᠡᠭᠰᠡᠨ ᠨᠠᠢ᠌ᠳᠠ ᠵᠢᠨ ᠵᠠᠮ ᠬᠠᠷᠢᠯᠴᠠᠭ᠎ᠠ᠂ ᠣᠷᠴᠢᠨ ᠲᠣᠭᠣᠷᠢᠨ᠎ᠤ ᠠᠷᠢᠭᠤᠨ ᠴᠡᠪᠡᠷ᠂ ᠲᠦᠷᠢᠶᠡᠰᠦᠯᠡᠭᠦᠯᠬᠦ᠂ ᠠᠵᠢᠯ᠎ᠳᠤ ᠭᠠᠷᠬᠤ᠂ ᠪᠠᠷᠠᠭ᠋ᠠᠨ᠎ᠤ ᠭᠦᠢ᠍ᠯᠭᠡᠭᠡᠨ᠎ᠤ ᠬᠥᠩᠭᠡᠨ ᠬᠡᠯᠪᠡᠷᠢ ᠵᠢᠨ ᠲᠣᠬᠢᠷᠠᠭᠤᠯᠤᠨ ᠬᠦᠷᠭᠡᠬᠦ ᠲᠡᠷᠭᠡ ᠬᠥᠰᠬᠡ᠎ᠳᠤ ᠰᠢᠨ᠎ᠡ ᠡᠨᠧᠷᠭᠢ᠂ ᠴᠡᠪᠡᠷ ᠡᠨᠧᠷᠭᠢ ᠵᠢᠨ ᠮᠠᠰᠢᠨ ᠲᠡᠷᠭᠡ ᠬᠡᠷᠡᠭᠯᠡᠬᠦ ᠵᠢ ᠲᠦᠷᠭᠡᠳᠬᠡᠨ ᠠᠬᠢᠭᠤᠯᠤᠨ᠎ᠠ᠃ ᠣᠨ᠎ᠤ ᠪᠠᠢ᠌ᠴᠠᠭ᠋ᠠᠯᠲᠠ ᠵᠢᠨ ᠪᠠᠢ᠌ᠭᠤᠯᠤᠮᠵᠢ᠎ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠢ ᠴᠢᠩᠭ᠋ᠠᠷᠠᠭᠤᠯᠤᠨ᠂ ᠬᠦᠨᠳᠦ ᠬᠡᠯᠪᠡᠷᠢ ᠵᠢᠨ ᠪᠠᠷᠠᠭ᠋ᠠᠨ᠎ᠤ ᠲᠡᠷᠭᠡ ᠵᠢᠨ ᠵᠠᠮ᠎ᠤᠨ ᠪᠠᠢ᠌ᠴᠠᠭ᠋ᠠᠯᠲᠠ ᠪᠠ ᠵᠠᠮ᠎ᠤᠨ ᠪᠠᠢ᠌ᠴᠠᠭ᠋ᠠᠯᠲᠠ ᠪᠠ ᠡᠷᠦᠬᠡ᠎ᠳᠤ ᠬᠦᠷᠴᠦ ᠪᠠᠢ᠌ᠴᠠᠭ᠋ᠠᠬᠤ ᠵᠢ ᠴᠢᠩᠭ᠋ᠠᠳᠬᠠᠵᠤ᠂ ᠡᠯ᠎ᠡ ᠲᠥᠷᠥᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠭᠦᠨ᠎ᠡ᠃ 2025 ᠣᠨ ᠪᠣᠯᠬᠤ᠎ᠳᠤ᠂ ᠰᠢᠨ᠎ᠡ ᠡᠨᠧᠷᠭᠢ ᠵᠢᠨ ᠰᠤᠷᠪᠤᠯᠵᠢ ᠪᠠ ᠤᠯᠤᠰ᠎ᠤᠨ ᠵᠢᠷᠭᠤᠳᠤᠭ᠋ᠠᠷ ᠬᠤᠭᠤᠴᠠᠭ᠋ᠠᠨ᠎ᠤ ᠭᠠᠳᠠᠭᠰᠢᠯᠠᠭᠤᠯᠬᠤ ᠪᠠᠷᠢᠮᠵᠢᠶᠠᠲᠤ ᠪᠠᠷᠠᠭ᠋ᠠᠨ᠎ᠤ ᠲᠡᠷᠭᠡ ᠵᠢᠨ ᠬᠠᠳᠠᠭ᠋ᠠᠯᠠᠯᠲᠠ ᠵᠢᠨ ᠬᠡᠮᠵᠢᠶ᠎ᠡ ᠵᠢᠨ ᠡᠵᠡᠯᠡᠬᠦ ᠬᠠᠷᠢᠴᠠᠯ᠎ᠢ 40% ᠪᠣᠯᠲᠠᠯ᠎ᠠ ᠳᠡᠭᠡᠭᠰᠢᠯᠡᠭᠦᠯᠵᠦ᠂ ᠰᠢᠨ᠎ᠡ ᠡᠨᠧᠷᠭᠢ ᠵᠢᠨ ᠰᠤᠷᠪᠤᠯᠵᠢ ᠵᠢᠴᠢ ᠴᠡᠪᠡᠷ ᠡᠨᠧᠷᠭᠢ ᠵᠢᠨ ᠰᠤᠷᠪᠤᠯᠵᠢ ᠵᠢᠨ ᠨᠠᠢ᠌ᠳᠠ ᠵᠢᠨ ᠮᠠᠰᠢᠨ ᠲᠡᠷᠭᠡᠨ᠎ᠤ ᠬᠠᠷᠢᠴᠠᠯ᠎ᠢ 80%᠎ᠳᠤ ᠬᠦᠷᠦᠭᠦᠯᠵᠦ᠂ ᠳᠡᠭᠡᠳᠦ ᠬᠤᠷᠳᠤᠴᠠᠲᠤ ᠵᠠᠰᠠᠮᠠᠯ ᠵᠠᠮ᠎ᠤᠨ ᠦᠢ᠍ᠯᠡᠴᠢᠯᠡᠭᠡᠨ᠎ᠤ ᠲᠣᠭᠣᠷᠢᠭ᠎ᠤᠨ ᠲᠦᠷᠭᠡᠨ ᠴᠡᠨᠡᠭᠯᠡᠬᠦ ᠥᠷᠲᠡᠭᠡ ᠵᠢᠨ ᠪᠦᠷᠬᠦᠴᠡ ᠵᠢᠨ ᠨᠣᠷᠮ᠎ᠠ ᠵᠢ 60%᠎ᠳᠤ ᠬᠦᠷᠦᠭᠦᠯᠬᠦ᠎ᠪᠠᠷ ᠴᠢᠷᠮᠠᠢ᠌ᠵᠤ᠂ ᠴᠠᠢ᠌ᠶᠢᠦ ᠲᠣᠰᠣᠨ᠎ᠤ ᠪᠠᠷᠠᠭ᠋ᠠᠨ᠎ᠤ ᠲᠡᠷᠭᠡ ᠵᠢᠨ ᠭᠠᠳᠠᠭᠰᠢᠯᠠᠭᠤᠯᠤᠯᠲᠠ ᠵᠢᠨ ᠪᠠᠢ᠌ᠴᠠᠭ᠋ᠠᠨ ᠬᠡᠮᠵᠢᠯᠲᠡ ᠵᠢᠨ ᠨᠤᠷᠮ᠎ᠠ ᠵᠢ 90 % ᠵᠢ ᠳᠠᠪᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠨᠧᠷᠭᠢ ᠵᠢᠨ ᠲᠣᠪᠴᠢᠶ᠎ᠠ ᠵᠡᠷᠭᠡ᠎ᠨᠢ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠠᠴᠠ ᠰᠢᠲᠠᠭ᠋ᠠᠯᠭ᠎ᠠ ᠵᠢᠨ ᠨᠡᠭᠦᠷᠡᠰᠦ ᠵᠢ ᠰᠤᠯᠠ ᠰᠢᠲᠠᠭ᠋ᠠᠬᠤ ᠵᠢ ᠶᠡᠷᠦᠩᠬᠡᠢ᠌ᠯᠡᠨ ᠵᠠᠰᠠᠬᠤ ᠢᠳᠡᠪᠬᠢᠲᠡᠢ ᠲᠦᠯᠬᠢᠨ ᠠᠬᠢᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠣᠷᠳᠣᠰ ᠬᠣᠲᠠ᠎ᠳᠤ ᠬᠦᠷᠴᠦ ᠨᠠᠮᠤᠷ ᠡᠪᠦᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠵᠤ ᠬᠠᠪᠰᠤᠷᠤᠨ ᠲᠡᠳᠬᠦᠬᠦ ᠵᠢᠯᠣᠭᠣᠳᠤᠯᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠭᠠᠵᠠᠷ᠎ᠤᠨ ᠨᠠᠮ᠎ᠤᠨ ᠡᠭᠦᠷ ᠪᠣᠯᠣᠨ ᠪᠠᠶᠠᠨᠨᠠᠭᠤᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠨᠠᠮ᠎ᠤᠨ ᠡᠭᠦᠷ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠡᠷᠬᠢᠯᠡᠪᠡ
ᠥᠪᠥᠷ ᠮᠣᠩᠭᠣᠯ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠡᠬᠢᠯᠡᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠤᠤᠷ᠎ᠠ ᠨᠡᠭᠦᠷᠡᠰᠦᠳᠦ᠋ᠷᠦᠭᠴᠢᠳᠤ ᠬᠦᠭᠵᠢᠭᠦᠯᠦᠯᠳᠡ ᠵᠢᠨ ᠲᠥᠪ᠎ᠨᠢ ᠵᠢᠶᠠᠩᠰᠦ ᠮᠤᠵᠢ ᠪᠣᠯᠤᠨ ᠱᠠᠩᠬᠠᠢ ᠬᠤᠳᠠ᠎ᠳᠤ ᠬᠦᠷᠴᠦ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠠᠵᠢᠯ᠎ᠤᠨ ᠪᠠᠶ᠋ᠢᠴᠠᠭ᠋ᠠᠨ ᠰᠤᠳᠤᠯᠤᠯᠲᠠ ᠬᠢᠪᠡ
 
             蒙ICP备05000248号