ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠠᠭᠠᠷ ᠮᠠᠨᠳᠠᠯ᠎ᠤᠨ ᠣᠷᠴᠢᠨ ᠲᠣᠭᠤᠷᠢᠨ᠎ᠤ ᠬᠠᠮᠢᠶᠠᠷᠤᠯᠲᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠭᠠᠷ ᠮᠠᠨᠳᠠᠯ᠎ᠤᠨ ᠣᠷᠴᠢᠨ ᠲᠣᠭᠣᠷᠢᠨ᠎ᠤ ᠬᠠᠮᠢᠶᠠᠷᠤᠯᠲᠠ᠎ᠶᠢᠨ ᠰᠤᠳᠤᠯᠤᠨ ᠰᠤᠷᠤᠯᠴᠠᠬᠤ ᠠᠩᠭᠢ ᠡᠷᠬᠢᠯᠡᠪᠡ
ᠨᠡᠶ᠋ᠢᠲᠡᠯᠡᠭᠰᠡᠨ ᠴᠠᠭ᠄ 2025-11-14

      《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠬᠤ ᠠᠵᠢᠯᠯᠠᠭ᠎ᠠ᠎ᠶᠢᠨ ᠬᠡᠷᠡᠭᠵᠢᠭᠦᠯᠬᠦ ᠲᠥᠰᠥᠯ 》᠎ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠥᠬᠥ ᠣᠷᠣᠨ᠎ᠤ ᠠᠭᠠᠷ ᠮᠠᠨᠳᠠᠯ᠎ᠤᠨ ᠣᠷᠴᠢᠨ ᠲᠣᠭᠣᠷᠢᠨ᠎ᠤ ᠬᠠᠮᠢᠶᠠᠷᠤᠯᠲᠠ᠎ᠶᠢᠨ ᠠᠵᠢᠯᠲᠠᠨ᠎ᠤ ᠲᠥᠷᠥ᠎ᠶᠢᠨ ᠪᠣᠳᠣᠯᠭ᠎ᠠ᠎ᠶᠢᠨ ᠬᠢᠷᠢ ᠲᠦᠪᠰᠢᠨ ᠪᠠ ᠲᠤᠬᠠᠢᠯᠠᠭᠰᠠᠨ ᠠᠵᠢᠯ᠎ᠤᠨ ᠴᠢᠳᠠᠪᠤᠷᠢ᠎ᠶᠢ ᠬᠦᠴᠦᠯᠡᠨ ᠳᠡᠭᠡᠭᠰᠢᠯᠡᠭᠦᠯᠵᠦ᠂ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠢ ᠴᠢᠨᠠᠷ ᠰᠠᠢᠲᠠᠢ ᠲᠡᠭᠦᠰᠬᠡᠬᠦ᠎ᠶᠢ ᠲᠦᠯᠬᠢᠨ ᠠᠬᠢᠭᠤᠯᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠠᠵᠢᠯ᠎ᠢ ᠰᠢᠨᠵᠢᠯᠡᠬᠦ ᠤᠬᠠᠭᠠᠨᠴᠢ᠎ᠪᠠᠷ ᠲᠥᠯᠥᠪᠯᠡᠬᠦ᠎ᠶᠢᠨ ᠲᠥᠯᠥᠭᠡ᠂ ᠣᠢᠷ᠎ᠠ᠎ᠳᠤ᠂ ᠪᠥᠬᠥ ᠣᠷᠣᠨ᠎ᠤ ᠠᠭᠠᠷ ᠮᠠᠨᠳᠠᠯ᠎ᠤᠨ ᠣᠷᠴᠢᠨ ᠲᠣᠭᠣᠷᠢᠨ᠎ᠤ ᠬᠠᠮᠢᠶᠠᠷᠤᠯᠲᠠ᠎ᠶᠢᠨ ᠰᠤᠳᠤᠯᠤᠨ ᠰᠤᠷᠤᠯᠴᠠᠬᠤ ᠠᠩᠭᠢ ᠬᠥᠬᠡᠬᠣᠲᠠ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠲᠢᠩᠬᠢᠮ᠎ᠦᠨ ᠳᠠᠷᠤᠭ᠎ᠠ ᠸᠠᠩ ᠢ ᠯᠢᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
      ᠸᠠᠩ ᠢ ᠯᠢᠩ ᠮᠠᠨ᠎ᠤ ᠣᠷᠣᠨ᠎ᠤ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠬᠤᠭᠤᠴᠠᠭᠠᠨ᠎ᠳᠠᠬᠢ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠤᠨ ᠦᠷ᠎ᠡ ᠪᠦᠲᠦᠮᠵᠢ᠎ᠶᠢ ᠪᠦᠬᠦ ᠲᠠᠯ᠎ᠠ᠎ᠪᠠᠷ ᠳ᠋ᠦᠩᠨᠡᠵᠦ᠂ ᠣᠳᠣᠬᠠᠨ᠎ᠤ ᠠᠵᠢᠯ᠎ᠳᠤ ᠣᠷᠣᠰᠢᠵᠤ ᠪᠠᠢᠭ᠎ᠠ ᠠᠰᠠᠭᠤᠳᠠᠯ᠎ᠢ ᠵᠠᠳᠠᠯᠵᠤ᠂ ᠳᠠᠷᠠᠭᠠᠴᠢ᠎ᠶᠢᠨ ᠠᠯᠬᠤᠮ᠎ᠤᠨ ᠠᠵᠢᠯ᠎ᠳᠤ ᠲᠣᠬᠢᠷᠠᠭᠤᠯᠤᠯᠲᠠ ᠪᠠᠢᠷᠢᠯᠠᠭᠤᠯᠤᠯᠲᠠ ᠬᠢᠵᠡᠢ᠃ ᠨᠢᠭᠡ᠎ᠳᠦ᠂ ᠣᠳᠣᠬᠠᠨ᠎ᠳᠤ ᠲᠤᠯᠭᠠᠷᠠᠵᠤ ᠪᠠᠢᠭ᠎ᠠ ᠪᠠᠢᠳᠠᠯ᠎ᠢ ᠭᠦᠨᠵᠡᠭᠡᠢ ᠲᠠᠨᠢᠵᠤ᠂ ᠬᠥᠬᠡ ᠣᠭᠲᠠᠷᠭᠤᠢ᠎ᠶᠢ ᠬᠠᠮᠠᠭᠠᠯᠠᠬᠤ ᠳᠠᠢᠯᠠᠯᠳᠤᠭᠠᠨ᠎ᠢ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠎ᠶᠢᠨ ᠴᠢᠬᠤᠯᠠ᠎ᠠᠴᠠ ᠴᠢᠬᠤᠯᠠ ᠵᠦᠢᠯ ᠪᠣᠯᠭᠠᠵᠤ᠂ ᠤᠯᠤᠰ ᠲᠦᠷᠦ᠎ᠶᠢᠨ ᠵᠣᠭᠰᠣᠴᠠ᠎ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭ᠎ᠠ᠎ᠶᠢ ᠱᠠᠲᠤ ᠱᠠᠲᠤ᠎ᠪᠠᠷ ᠪᠣᠳᠠᠲᠠᠢᠵᠢᠭᠤᠯᠵᠤ᠂ ᠳᠠᠷᠤᠯᠲᠠ᠎ᠶᠢ ᠳᠠᠮᠵᠢᠭᠤᠯᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ᠎ᠢᠶᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠠᠵᠢᠯ᠎ᠢᠶᠠᠨ ᠰᠠᠢᠲᠤᠷ ᠠᠳᠬᠤᠵᠤ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠬᠣᠶᠠᠷ᠎ᠲᠤ ᠂ ᠬᠢᠨᠠᠨ ᠰᠢᠯᠭᠠᠬᠤ ᠬᠠᠷᠠᠯᠲᠠ ᠡᠭᠦᠷᠭᠡ᠎ᠶᠢ ᠴᠢᠩᠭ᠎ᠠ ᠠᠩᠬᠠᠷᠴᠤ ᠂ ᠠᠭᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠬᠤ ᠠᠵᠢᠯᠯᠠᠭ᠎ᠠ᠎ᠶᠢᠨ ᠬᠡᠷᠡᠭᠵᠢᠭᠦᠯᠬᠦ ᠲᠥᠰᠥᠯ ᠪᠣᠯᠣᠨ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠬᠢᠨᠠᠨ ᠰᠢᠯᠭᠠᠬᠤ ᠱᠠᠭᠠᠷᠳᠠᠯᠭ᠎ᠠ᠎ᠲᠠᠢ ᠬᠠᠷᠢᠴᠠᠭᠤᠯᠵᠤ᠂ ᠡᠯ᠎ᠡ ᠵᠦᠢᠯ᠎ᠦᠨ ᠠᠵᠢᠯ᠎ᠢ ᠨᠠᠢᠳᠠᠪᠤᠷᠢᠵᠢᠭᠤᠯᠬᠤ᠎ᠶᠢ ᠲᠦᠷᠭᠡᠳᠬᠡᠨ ᠠᠬᠢᠭᠤᠯᠵᠤ᠂ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠡᠯ᠎ᠡ ᠵᠦᠢᠯ᠎ᠦᠨ ᠬᠠᠷᠠᠯᠲᠠ ᠡᠭᠦᠷᠭᠡ᠎ᠶᠢ ᠪᠡᠶᠡᠯᠡᠭᠦᠯᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ ᠃ ᠭᠤᠷᠪᠠ᠎ᠳᠤ᠂ ᠠᠵᠤ ᠦᠢᠯᠡᠳᠪᠦᠷᠢ᠂ ᠲᠠᠷᠠᠬᠠᠢ ᠨᠡᠭᠦᠷᠡᠰᠦᠨ᠎ᠦ ᠪᠣᠬᠢᠷᠲᠤᠯ᠎ᠢ ᠵᠠᠰᠠᠬᠤ᠎ᠶᠢ ᠴᠢᠩᠭᠠᠳᠬᠠᠵᠤ᠂ ᠮᠠᠰᠢᠨ ᠲᠡᠷᠭᠡ᠂ ᠤᠯᠠᠨ ᠡᠬᠢᠲᠦ ᠪᠣᠬᠢᠷᠲᠤᠯ᠎ᠢ ᠨᠠᠷᠢᠯᠢᠭ᠍ᠵᠢᠭᠤᠯᠤᠨ ᠬᠠᠮᠢᠶᠠᠷᠤᠨ ᠡᠵᠡᠮᠳᠡᠬᠦ ᠡᠷᠴᠢᠮ᠎ᠢ ᠴᠢᠩᠭᠠᠷᠠᠭᠤᠯᠵᠤ᠂ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ᠎ᠶᠢ ᠴᠢᠩᠭᠠᠳᠬᠠᠵᠤ᠂ ᠣᠷᠣᠨ ᠪᠦᠰᠡ᠎ᠶᠢᠨ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠵᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠪᠦᠲᠦᠮᠵᠢᠲᠡᠢ ᠠᠷᠭᠠᠴᠠᠬᠤ ᠬᠡᠷᠡᠭᠲᠡᠢ᠃ ᠳᠥᠷᠪᠡ᠎ᠳᠦ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠠᠵᠢᠯ᠎ᠢ ᠤᠷᠢᠳᠴᠢᠯᠠᠨ ᠲᠥᠯᠥᠪᠯᠡᠵᠦ᠂ ᠪᠦᠲᠦᠴᠡ᠎ᠶᠢ ᠲᠣᠬᠢᠷᠠᠭᠤᠯᠬᠤ᠂ ᠡᠬᠢ ᠡᠭᠦᠰᠦᠯ᠎ᠡᠴᠡ ᠨᠢ ᠵᠠᠰᠠᠬᠤ᠂ ᠨᠠᠷᠢᠯᠢᠭ᠍ᠵᠢᠭᠤᠯᠤᠨ ᠬᠠᠮᠢᠶᠠᠷᠤᠨ ᠡᠵᠡᠮᠳᠡᠬᠦ ᠲᠠᠯ᠎ᠠ᠎ᠪᠠᠷ ᠬᠦᠴᠦ ᠲᠠᠯᠪᠢᠵᠤ᠂ ᠠᠵᠢᠯ᠎ᠤᠨ ᠰᠡᠳᠬᠢᠴᠡ ᠪᠠ ᠠᠷᠭ᠎ᠠ ᠬᠡᠮᠵᠢᠶ᠎ᠡ᠎ᠶᠢ ᠰᠢᠨᠡᠴᠢᠯᠡᠵᠦ᠂ ᠭᠣᠣᠯᠳᠠᠯᠭ᠎ᠠ᠎ᠲᠠᠢ ᠠᠵᠢᠯ ᠪᠠ ᠴᠢᠬᠤᠯᠠ ᠶᠡᠬᠡ ᠲᠥᠷᠥᠯ ᠵᠦᠢᠯᠡᠰ᠎ᠢ ᠲᠥᠯᠥᠪᠯᠡᠵᠦ᠂ ᠨᠡᠩ ᠬᠦᠴᠦᠲᠡᠢ᠂ ᠨᠡᠩ ᠥᠨᠳᠥᠷ ᠪᠦᠲᠦᠮᠵᠢᠲᠡᠶ ᠠᠵᠢᠯᠯᠠᠭ᠎ᠠ᠎ᠪᠠᠷ ᠠᠭᠠᠷ᠎ᠤᠨ ᠴᠢᠨᠠᠷ ᠴᠢᠨᠰᠠᠭ᠎ᠠ᠎ᠶᠢ ᠲᠡᠭᠡᠭᠰᠢᠯᠡᠬᠦᠯᠬᠦ ᠬᠡᠷᠡᠭᠲᠡᠢ᠃
      ᠲᠣᠰ ᠤᠳᠠᠭᠠᠨ᠎ᠤ ᠪᠣᠯᠪᠠᠰᠤᠷᠠᠯ᠎ᠳᠤ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠤᠨ ᠰᠡᠳᠬᠢᠴᠡ᠂ ᠪᠣᠯᠣᠳ ᠲᠡᠮᠦᠷ᠂ ᠼᠧᠮᠧᠨ᠋ᠲ᠂ ᠬᠡᠦᠷᠰᠢᠭᠦᠯᠬᠦ ᠠᠵᠢᠯ ᠲᠥᠷᠥᠯ᠎ᠦᠨ ᠬᠡᠲᠦ ᠳᠣᠣᠷ᠎ᠠ ᠭᠠᠳᠠᠭᠰᠢᠯᠠᠭᠤᠯᠤᠯᠲᠠ᠂ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠲᠤᠰᠬᠠᠢ ᠪᠡᠯᠡ ᠮᠥᠩᠭᠥ ᠂ ᠭᠣᠣᠯᠳᠠᠯᠭ᠎ᠠ᠎ᠲᠠᠢ ᠠᠵᠢᠯ ᠲᠥᠷᠥᠯ᠎ᠦᠨ ᠳᠡᠭᠳᠡᠮᠡᠬᠡᠢ ᠴᠢᠨᠠᠷᠲᠠᠢ ᠣᠷᠭᠠᠨᠢᠭ᠋ ᠪᠣᠳᠠᠰ᠎ᠢ ᠵᠠᠰᠠᠬᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠭᠣᠣᠯᠳᠠᠯᠭ᠎ᠠ᠎ᠲᠠᠢ ᠠᠵᠢᠯ ᠲᠥᠷᠥᠯ᠎ᠦᠨ ᠠᠮᠵᠢᠯᠲᠠ ᠪᠦᠲᠦᠮᠵᠢ᠎ᠶᠢᠨ ᠲᠠᠰ ᠂ ᠣᠽᠣᠨ᠎ᠤ ᠳᠠᠪᠬᠤᠷᠭ᠎ᠠ᠎ᠶᠢ ᠬᠣᠷᠣᠭᠳᠠᠭᠤᠯᠬᠤ ᠪᠣᠳᠠᠰ᠎ᠤᠨ ᠬᠢᠨᠠᠯᠲᠠ ᠬᠠᠮᠢᠶᠠᠷᠤᠯᠲᠠ ᠂ ᠰᠢᠯᠵᠢᠮᠡᠯ ᠡᠬᠢ ᠰᠤᠷᠪᠤᠯᠵᠢ ᠂ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠵᠡᠷᠭᠡ ᠠᠭᠤᠯᠭ᠎ᠠ᠎ᠶᠢᠨ ᠲᠣᠭᠣᠷᠢᠨ᠎ᠳᠤ ᠬᠢᠴᠢᠶᠡᠯ ᠣᠷᠣᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠡᠯ᠎ᠡ ᠬᠠᠮᠢᠶ᠎ᠠ ᠪᠦᠬᠦᠢ ᠲᠤᠬᠠᠢᠯᠠᠭᠰᠠᠨ ᠠᠵᠢᠯ᠎ᠤᠨ ᠭᠠᠵᠠᠷ ᠲᠠᠰᠤᠭ᠂ ᠬᠠᠷᠢᠶ᠎ᠠ ᠠᠵᠢᠯ ᠦᠢᠯᠡᠰ᠎ᠦᠨ ᠨᠢᠭᠡᠴᠢ᠎ᠶᠢᠨ ᠬᠠᠷᠢᠭᠤᠴᠠᠯᠭᠠᠲᠠᠨ᠂ ᠠᠢᠮᠠᠭ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠶᠢᠨ ᠬᠤᠪᠢᠳᠠᠨ ᠬᠠᠮᠢᠶᠠᠷᠴᠤ ᠪᠠᠢᠭ᠎ᠠ ᠬᠠᠷᠢᠭᠤᠴᠠᠯᠭᠠᠲᠠᠨ᠂ ᠠᠭᠠᠷ ᠮᠠᠨᠳᠠᠯ᠎ᠤᠨ ᠰᠠᠯᠠᠭᠠᠨ᠎ᠤ ᠰᠠᠯᠠᠭᠠᠨ ᠳᠠᠷᠤᠭ᠎ᠠ ᠵᠢᠴᠢ ᠬᠠᠮᠢᠶ᠎ᠠ ᠪᠦᠬᠦᠢ ᠠᠵᠢᠯᠲᠠᠳ ᠪᠣᠯᠪᠠᠰᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号