ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠲᠦᠷᠦᠭᠦᠬᠡᠨ ᠨᠡᠢᠲᠡᠯᠡᠭᠰᠡᠨ ᠲᠣᠭ᠎ᠠ ᠪᠠᠷᠢᠮᠲᠠ᠎ᠠᠴᠠ ᠦᠵᠡᠪᠡᠯ᠂ ᠡᠨᠡ ᠵᠢᠯ᠎ᠦᠨ ᠨᠢᠭᠡᠳᠦᠭᠡᠷ ᠤᠯᠠᠷᠢᠯ᠎ᠳᠤ᠂ ᠪᠥᠬᠥ ᠥᠪᠡᠷᠲᠡᠭᠡᠨ ᠵᠠᠰᠠᠬᠤ ᠣᠷᠣᠨ᠎ᠤ PM2.5 ᠵᠢᠨ ᠥᠳᠬᠡᠴᠡ 26 ᠮᠢᠺᠷᠥᠭ᠌ᠷᠠᠮ / ᠪᠣᠰᠣᠭ᠎ᠠ ᠳᠥᠷᠪᠡᠯᠵᠢᠨ ᠮᠧᠲᠷ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 21.2% ᠵᠢᠡᠷ ᠪᠠᠭᠤᠷᠠᠵᠤ ᠂ ᠰᠢᠯᠢᠳᠡᠭ ᠰᠠᠢᠨ ᠡᠳᠦᠷ᠎ᠦᠨ ᠲᠣᠭ᠎ᠠ᠎ᠶᠢᠨ ᠬᠠᠷᠢᠴᠠᠯ 90.3% ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 2.6 ᠵᠠᠭᠤᠨ᠎ᠤ ᠨᠢᠭᠡᠴᠢ ᠳᠡᠭᠡᠭᠰᠢᠯᠡᠵᠦ ᠂ ᠠᠭᠠᠷ᠎ᠤᠨ ᠶᠠᠰᠤ ᠴᠢᠨᠠᠷ 2015 ᠣᠨ᠎ᠳᠤ ᠬᠢᠨᠠᠨ ᠬᠡᠮᠵᠢᠭᠰᠡᠨ ᠲᠣᠭ᠎ᠠ ᠪᠠᠷᠢᠮᠲᠠ᠎ᠲᠠᠢ ᠪᠣᠯᠤᠭᠰᠠᠨ᠎ᠠᠴᠠ ᠨᠠᠭᠠᠰᠢᠬᠢ ᠠᠳᠠᠯᠢ ᠬᠤᠭᠤᠴᠠᠭᠠᠨ᠎ᠤ ᠬᠠᠮᠤᠭ᠎ᠤᠨ ᠰᠠᠢᠨ ᠬᠢᠷᠢ ᠲᠦᠪᠰᠢᠨ᠎ᠳᠦ ᠬᠦᠷᠴᠡᠢ ᠃ ᠡᠭᠦᠨ᠎ᠳᠦ ᠂ ᠪᠤᠭᠤᠲᠤ ᠬᠣᠲᠠ᠂ ᠬᠥᠬᠡᠬᠣᠲᠠ ᠲᠣᠰ ᠲᠣᠰ ᠪᠥᠬᠥ ᠤᠯᠤᠰ᠎ᠤᠨ 168 ᠭᠣᠣᠯᠳᠠᠯᠭ᠎ᠠ᠎ᠲᠠᠢ ᠬᠣᠲᠠ᠎ᠶᠢᠨ ᠠᠭᠠᠷ᠎ᠤᠨ ᠶᠠᠰᠤ ᠴᠢᠨᠠᠷ᠎ᠢ ᠰᠠᠢᠵᠢᠷᠠᠭᠤᠯᠤᠭᠰᠠᠨ ᠬᠡᠮᠵᠢᠶ᠎ᠡ᠎ᠶᠢᠨ ᠨᠢᠭᠡᠳᠦᠭᠡᠷ ᠂ ᠬᠣᠶᠠᠳᠤᠭᠠᠷ ᠪᠠᠢᠷᠢᠨ᠎ᠳᠤ ᠵᠢᠭ᠍ᠰᠠᠭᠠᠭᠳᠠᠵᠠᠢ ᠃
ᠬᠥᠬᠡ ᠣᠭᠲᠠᠷᠭᠤᠢ᠎ᠶᠢ ᠬᠠᠮᠠᠭᠠᠯᠠᠬᠤ ᠳᠠᠢᠯᠠᠯᠳᠤᠭᠠᠨ᠎ᠢ ᠦᠷᠭᠦᠯᠵᠢᠯᠡᠨ ᠭᠦᠨᠵᠡᠭᠡᠢ ᠰᠠᠢᠲᠤᠷ ᠬᠢᠵᠦ᠂ ᠨᠠᠮᠤᠷ ᠡᠪᠦᠯ᠎ᠦᠨ ᠤᠯᠠᠷᠢᠯ᠎ᠤᠨ ᠠᠭᠠᠷ᠎ᠤᠨ ᠶᠠᠰᠤ ᠴᠢᠨᠠᠷ᠎ᠢ ᠪᠦᠬᠦ ᠬᠦᠴᠦᠨ᠎ᠢᠶᠡᠷ᠎ᠢᠶᠡᠨ ᠪᠠᠲᠤᠯᠠᠬᠤ᠎ᠶᠢᠨ ᠲᠥᠯᠥᠭᠡ᠂ ᠥᠪᠥᠷ ᠮᠣᠩᠭᠣᠯ ᠠᠵᠢᠯ᠎ᠢᠶᠠᠨ ᠨᠢᠭᠡᠳᠦᠯᠲᠡᠢ ᠲᠥᠯᠥᠪᠵᠢᠭᠦᠯᠬᠦ᠎ᠪᠡᠨ ᠴᠢᠩᠭᠠᠳᠬᠠᠵᠤ᠂ ᠭᠣᠣᠯᠳᠠᠯᠭ᠎ᠠ᠎ᠲᠠᠢ ᠴᠠᠭ ᠬᠤᠭᠤᠴᠠᠭ᠎ᠠ᠂ ᠣᠷᠣᠨ ᠪᠦᠰᠡ ᠪᠣᠯᠣᠨ ᠠᠵᠢᠯ ᠲᠦᠷᠦᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠬᠠᠮᠤᠭ᠎ᠤᠨ ᠬᠠᠲᠠᠭᠤ ᠠᠷᠭ᠎ᠠ ᠬᠡᠮᠵᠢᠶ᠎ᠡ᠂ ᠬᠠᠮᠤᠭ᠎ᠤᠨ ᠴᠢᠩᠭ᠎ᠠ ᠪᠠᠷᠢᠮᠵᠢᠶ᠎ᠠ᠎ᠪᠠᠷ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ᠎ᠶᠢ ᠠᠬᠢᠭᠤᠯᠪᠠ᠃
ᠲᠠᠨᠢᠯᠴᠠᠭᠤᠯᠤᠭᠰᠠᠨ᠎ᠢᠶᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠵᠤ ᠦᠢᠯᠡᠳᠪᠦᠷᠢ᠎ᠶᠢᠨ ᠪᠣᠬᠢᠷᠲᠤᠯ᠎ᠤᠨ ᠵᠠᠰᠠᠯᠲᠠ᠎ᠶᠢ ᠴᠢᠩᠭᠠᠳᠬᠠᠵᠤ ᠂ ᠭᠣᠣᠯᠳᠠᠯᠭ᠎ᠠ᠎ᠲᠠᠢ ᠠᠵᠢᠯ ᠲᠥᠷᠥᠯ᠎ᠦᠨ ᠬᠡᠢ᠎ᠳᠦ ᠬᠣᠯᠪᠣᠭᠳᠠᠭᠰᠠᠨ ᠪᠣᠬᠢᠷᠲᠤᠯ᠎ᠤᠨ ᠡᠬᠢ᠎ᠶᠢ ᠬᠥᠳᠡᠯᠦᠩᠭᠦᠢ᠎ᠪᠡᠷ ᠰᠢᠨᠡᠳᠬᠡᠵᠦ ᠂ ᠪᠣᠬᠢᠷᠲᠤᠯ᠎ᠤᠨ ᠣᠳᠣᠬᠢ ᠪᠠᠢᠳᠠᠯ᠎ᠢ ᠪᠥᠬᠥ ᠲᠠᠯ᠎ᠠ᠎ᠪᠠᠷ ᠡᠵᠡᠮᠰᠢᠪᠡ᠃ ᠪᠣᠯᠣᠳ ᠲᠡᠮᠦᠷ᠂ ᠬᠡᠦᠷᠰᠢᠭᠦᠯᠬᠦ᠂ ᠼᠧᠮᠧᠨ᠋ᠲ᠂ ᠨᠡᠭᠦᠷᠡᠰᠦ ᠰᠢᠲᠠᠭᠠᠬᠤ ᠵᠤᠤᠬ᠎ᠠ᠎ᠶᠢᠨ ᠬᠡᠳᠤ ᠳᠣᠣᠷ᠎ᠠ ᠭᠠᠳᠠᠭᠰᠢᠯᠠᠭᠤᠯᠤᠯᠲᠠ᠎ᠶᠢᠨ ᠥᠭᠡᠷᠡᠴᠢᠯᠡᠯᠲᠡ᠂ ᠳᠡᠭᠳᠡᠮᠡᠬᠡᠢ ᠴᠢᠨᠠᠷᠲᠠᠢ ᠣᠷᠭᠠᠨᠢᠭ᠋ ᠪᠣᠳᠠᠰ᠎ᠢ ᠶᠡᠷᠦᠩᠬᠡᠢᠯᠡᠨ ᠵᠠᠰᠠᠬᠤ᠎ᠶᠢ ᠠᠬᠢᠭᠤᠯᠪᠠ᠃ ᠡᠨᠡ ᠵᠢᠯ᠎ᠡᠴᠡ ᠨᠠᠭᠠᠰᠢ ᠂ ᠪᠥᠬᠥ ᠣᠷᠣᠨ᠎ᠳᠤ ᠡᠰᠢ ᠰᠦᠷᠡᠯ᠎ᠢ ᠰᠢᠲᠠᠭᠠᠬᠤ᠎ᠠᠴᠠ ᠪᠣᠯᠤᠭᠰᠠᠨ ᠬᠦᠨᠳᠦ ᠪᠣᠬᠢᠷᠲᠤᠯ᠎ᠲᠠᠢ ᠴᠠᠭ ᠠᠭᠤᠷ ᠭᠠᠷᠤᠭᠰᠠᠨ ᠦᠭᠡᠢ᠃ ᠪᠥᠬᠥ ᠣᠷᠣᠨ᠎ᠤ 664 ᠮᠠᠰᠢᠨᠲᠤ ᠲᠡᠷᠭᠡᠨ᠎ᠦ ᠭᠠᠳᠠᠭᠰᠢᠯᠠᠭᠤᠯᠤᠯᠲᠠ᠎ᠶᠢ ᠰᠢᠯᠭᠠᠨ ᠪᠠᠢᠴᠠᠭᠠᠬᠤ ᠪᠠᠢᠭᠤᠯᠤᠮᠵᠢ᠎ᠳᠤ ᠨᠢᠭᠡᠳ ᠨᠢᠭᠡ᠎ᠪᠡᠷ ᠪᠠᠢᠴᠠᠭᠠᠯᠲᠠ ᠬᠢᠵᠦ ᠂ ᠮᠠᠰᠢᠨᠲᠤ ᠲᠡᠷᠭᠡᠨ᠎ᠦ ᠭᠠᠳᠠᠭᠰᠢᠯᠠᠭᠤᠯᠤᠯᠲᠠ᠎ᠶᠢ ᠰᠢᠯᠭᠠᠨ ᠪᠠᠢᠴᠠᠭᠠᠬᠤ ᠬᠦᠷᠢᠶᠡᠨ᠎ᠳᠡᠬᠢ ᠬᠤᠳᠠᠯ ᠬᠡᠯᠡᠵᠦ ᠬᠠᠭᠤᠷᠮᠠᠭ᠎ᠢᠶᠠᠷ ᠵᠣᠬᠢᠶᠠᠬᠤ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ ᠂ ᠣᠳᠣᠬᠠᠨ᠎ᠳᠤ ᠨᠢᠭᠡᠨᠲᠡ 422 ᠪᠠᠢᠭᠤᠯᠤᠮᠵᠢ᠎ᠶᠢᠨ ᠪᠠᠢᠴᠠᠭᠠᠯᠲᠠ᠎ᠶᠢ ᠪᠡᠶᠡᠯᠡᠭᠦᠯᠪᠡ᠃
ᠡᠭᠦᠨ᠎ᠡᠴᠡ ᠭᠠᠳᠠᠨ᠎ᠠ ᠂ ᠭᠣᠣᠯᠳᠠᠯᠭ᠎ᠠ᠎ᠲᠠᠢ ᠣᠷᠣᠨ ᠪᠦᠰᠡ᠎ᠶᠢᠨ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ᠎ᠶᠢ ᠤᠯᠠᠮ ᠨᠢᠭᠡ ᠠᠯᠬᠤᠮ ᠴᠢᠩᠭᠠᠳᠬᠠᠵᠤ ᠂ 《ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭᠠᠷ ᠮᠠᠨᠳᠠᠯ᠎ᠤᠨ ᠪᠣᠬᠢᠷᠲᠤᠯ᠎ᠢ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ ᠡᠭᠡᠯᠵᠢ᠎ᠶᠢᠨ ᠠᠵᠢᠯ᠎ᠤᠨ ᠳᠦᠷᠢᠮ ( ᠲᠤᠷᠰᠢᠨ ᠬᠡᠷᠡᠭᠵᠢᠭᠦᠯᠬᠦ ) 》᠎ᠢ ᠳᠠᠷᠤᠮᠠᠯᠯᠠᠨ ᠲᠠᠷᠬᠠᠭᠠᠵᠤ᠂ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠢ ᠰᠠᠢᠵᠢᠷᠠᠭᠤᠯᠬᠤ ᠨᠥᠬᠥᠪᠦᠷᠢ᠎ᠶᠢᠨ ᠲᠣᠭᠲᠠᠴᠠ᠎ᠶᠢ ᠰᠦᠪᠡᠭᠴᠢᠯᠡᠨ ᠪᠠᠢᠭᠤᠯᠵᠠᠢ᠃ 1 ᠰᠠᠷ᠎ᠠ᠎ᠠᠴᠠ 3 ᠰᠠᠷ᠎ᠠ ᠪᠣᠯᠲᠠᠯ᠎ᠠ ᠂ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ ᠰᠢᠯᠢᠳᠡᠭ ᠰᠠᠢᠨ ᠡᠳᠦᠷ᠎ᠦᠨ ᠲᠣᠭ᠎ᠠ᠎ᠶᠢᠨ ᠬᠠᠷᠢᠴᠠᠯ 81.5% ᠪᠠᠢᠵᠤ ᠂ ᠠᠳᠠᠯᠢ ᠬᠤᠭᠤᠴᠠᠭᠠᠨ᠎ᠤ ᠬᠢ᠎ᠡᠴᠡ 6.4 ᠵᠠᠭᠤᠨ᠎ᠤ ᠨᠢᠭᠡᠴᠢ ᠳᠡᠭᠡᠭᠰᠢᠯᠡᠵᠦ ᠂ 6 ᠵᠦᠢᠯ᠎ᠦᠨ ᠪᠣᠬᠢᠷᠲᠤᠯ ᠪᠣᠳᠠᠰ᠎ᠤᠨ ᠥᠳᠬᠡᠴᠡ᠎ᠶᠢᠨ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ 《 ᠵᠢᠷᠭᠤᠭᠠᠨ ᠪᠠᠭᠤᠷᠠᠯᠲᠠ 》 ᠶ᠋ᠢ ᠪᠡᠶᠡᠯᠡᠭᠦᠯᠪᠡ᠃
《 ᠠᠷᠪᠠᠨ ᠳᠥᠷᠪᠡᠳᠦᠭᠡᠷ ᠲᠠᠪᠤᠨ ᠵᠢᠯ 》᠎ᠤᠨ ᠰᠡᠭᠦᠯ ᠬᠤᠷᠢᠶᠠᠬᠤ ᠡᠭᠦᠷᠭᠡ᠎ᠶᠢ ᠪᠡᠶᠡᠯᠡᠭᠦᠯᠬᠦ᠎ᠶᠢ ᠪᠠᠲᠤᠯᠠᠬᠤ᠎ᠶᠢᠨ ᠲᠥᠯᠥᠭᠡ᠂ ᠳᠠᠷᠠᠭᠠᠴᠢ᠎ᠶᠢᠨ ᠠᠯᠬᠤᠮ᠎ᠳᠤ᠂ ᠥᠪᠥᠷ ᠮᠣᠩᠭᠣᠯ ᠵᠤᠨ ᠨᠠᠮᠤᠷ᠎ᠤᠨ ᠤᠯᠠᠷᠢᠯ᠎ᠤᠨ ᠣᠽᠣᠨ᠎ᠤ ᠪᠣᠬᠢᠷᠲᠤᠯ᠎ᠤᠨ ᠪᠣᠭᠣᠮᠲᠠ ᠰᠢᠪᠲᠤᠯᠬᠤ ᠠᠵᠢᠯᠯᠠᠭ᠎ᠠ᠎ᠶᠢ ᠶᠡᠬᠡᠪᠡᠷ ᠶᠠᠪᠤᠭᠳᠠᠭᠤᠯᠤᠨ᠎ᠠ; ᠪᠣᠯᠣᠳ ᠲᠡᠮᠦᠷ᠂ ᠬᠡᠦᠷᠰᠢᠭᠦᠯᠦᠯᠲᠡ᠂ ᠼᠧᠮᠧᠨ᠋ᠲ ᠵᠡᠷᠭᠡ ᠭᠣᠣᠯᠳᠠᠯᠭ᠎ᠠ᠎ᠲᠠᠢ ᠠᠵᠢᠯ ᠲᠦᠷᠦᠯ᠎ᠦᠨ ᠪᠣᠬᠢᠷᠲᠤᠯ᠎ᠢ ᠭᠦᠨᠵᠡᠭᠡᠢ ᠵᠠᠰᠠᠬᠤ᠎ᠶᠢ ᠦᠷᠭᠦᠯᠵᠢᠯᠡᠨ ᠠᠬᠢᠭᠤᠯᠤᠨ᠎ᠠ; ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭᠠᠷ ᠮᠠᠨᠳᠠᠯ᠎ᠤᠨ ᠪᠣᠬᠢᠷᠲᠤᠯ᠎ᠢ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ᠎ᠶᠢ ᠭᠦᠨᠵᠡᠭᠡᠢᠷᠡᠭᠦᠯᠵᠦ᠂ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠢᠳᠠᠯ᠎ᠢ ᠠᠷᠭᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠨᠠᠷᠢᠨ ᠲᠠᠩᠰᠠ᠎ᠶᠢ ᠰᠢᠯᠢᠳᠡᠭᠵᠢᠭᠦᠯᠵᠦ᠂ ᠠᠵᠢᠯ᠎ᠤᠨ ᠠᠮᠵᠢᠯᠲᠠ ᠪᠦᠲᠦᠮᠵᠢ᠎ᠶᠢ ᠲᠡᠰ ᠬᠤᠪᠢᠶᠠᠨ ᠵᠦᠷᠢᠶᠡᠵᠢᠬᠦᠯᠦᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠎ᠶᠢ ᠭᠦᠨᠵᠡᠭᠡᠢᠷᠡᠭᠦᠯᠦᠨ᠎ᠡ; ᠴᠠᠢᠶᠢᠦ ᠲᠣᠰᠣᠨ᠎ᠤ ᠪᠠᠷᠠᠭᠠᠨ᠎ᠤ ᠲᠡᠷᠭᠡ᠎ᠶᠢᠨ ᠵᠠᠮ᠎ᠤᠨ ᠪᠠᠢᠴᠠᠭᠠᠯᠲᠠ᠎ᠶᠢ ᠴᠢᠩᠭᠠᠳᠬᠠᠵᠤ ᠂ ᠰᠢᠯᠵᠢᠮᠡᠯ ᠢᠷᠡᠯᠲᠡ᠎ᠶᠢᠨ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ᠎ᠶᠢ ᠪᠠᠭᠤᠷᠠᠭᠤᠯᠵᠤ ᠂ ᠪᠥᠬᠥ ᠣᠷᠣᠨ᠎ᠤ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠬᠤ᠎ᠶᠢ ᠠᠬᠢᠭᠤᠯᠤᠨ᠎ᠠ᠃