ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠠᠭᠠᠷ ᠮᠠᠨᠳᠠᠯ᠎ᠤᠨ ᠣᠷᠴᠢᠨ ᠲᠣᠭᠤᠷᠢᠨ᠎ᠤ ᠬᠠᠮᠢᠶᠠᠷᠤᠯᠲᠠ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠳᠦᠷᠢᠮ ( ᠲᠥᠰᠥᠯ ) 》᠎ᠤᠨ ᠬᠠᠤᠯᠢ ᠲᠣᠭᠲᠠᠭᠠᠬᠤ ᠪᠠᠢᠴᠠᠭᠠᠨ ᠰᠤᠳᠤᠯᠤᠯᠲᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-11-06

 ᠮᠠᠨ᠎ᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠢ ᠴᠢᠩᠭᠠᠳᠬᠠᠵᠤ ᠂ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠬᠠᠤᠯᠢ ᠴᠠᠭᠠᠵᠠ᠎ᠶᠢᠨ ᠳᠦᠷᠢᠮ᠎ᠦᠨ ᠰᠢᠰᠲᠧᠮᠵᠢ᠎ᠶᠢ ᠪᠦᠷᠢᠨᠰᠢᠭᠦᠯᠦᠨ ᠲᠡᠭᠦᠯᠳᠡᠷᠵᠢᠭᠦᠯᠬᠦ᠎ᠶᠢᠨ ᠲᠥᠯᠥᠭᠡ ᠂ ᠣᠢᠷ᠎ᠠ᠎ᠳᠤ ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠮᠲᠤᠷᠠᠭᠰᠠᠨ ᠪᠠᠢᠴᠠᠭᠠᠨ ᠰᠤᠳᠤᠯᠬᠤ ᠳᠤᠭᠤᠢᠯᠠᠩ ᠪᠠᠢᠭᠤᠯᠵᠤ ᠂ ᠱᠠᠩᠬᠠᠢ ᠬᠣᠲᠠ᠂ ᠵᠢᠶᠠᠩᠰᠤ ᠮᠤᠵᠢ ᠂ ᠪᠤᠭᠤᠲᠤ ᠬᠣᠲᠠ ᠂ ᠣᠷᠳᠣᠰ ᠬᠣᠲᠠ᠎ᠳᠤ ᠬᠦᠷᠴᠦ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠳᠦᠷᠢᠮ ( ᠲᠥᠰᠥᠯ ) 》᠎ᠤᠨ ᠲᠤᠬᠠᠢ ᠬᠠᠤᠯᠢ ᠲᠣᠭᠲᠠᠭᠠᠬᠤ ᠪᠠᠢᠴᠠᠭᠠᠨ ᠰᠤᠳᠤᠯᠤᠯᠲᠠ ᠥᠷᠨᠢᠭᠦᠯᠪᠡ ᠃

 ᠪᠠᠢᠴᠠᠭᠠᠨ ᠰᠤᠳᠤᠯᠬᠤ ᠳᠤᠭᠤᠢᠯᠠᠩ᠎ᠤᠨ ᠬᠢᠨ ᠲᠤᠬᠠᠢ᠎ᠶᠢᠨ ᠲᠠᠯᠠᠪᠤᠷ᠎ᠲᠤ ᠶᠠᠷᠢᠯᠴᠠᠬᠤ ᠂ ᠲᠤᠬᠠᠢ᠎ᠶᠢᠨ ᠭᠠᠵᠠᠷ ᠲᠤᠨᠢ ᠰᠢᠨᠵᠢᠯᠡᠨ ᠪᠠᠢᠴᠠᠭᠠᠬᠤ ᠵᠡᠷᠭᠡ ᠬᠡᠯᠪᠡᠷᠢ᠎ᠪᠡᠷ ᠳᠠᠮᠵᠢᠭᠤᠯᠤᠨ ᠂ ᠣᠷᠣᠨ᠎ᠤ ᠳᠣᠲᠣᠷ᠎ᠠ ᠭᠠᠳᠠᠨᠠᠬᠢ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠤᠨ ᠬᠠᠮᠢᠶ᠎ᠠ ᠪᠦᠬᠦᠢ ᠪᠠᠢᠳᠠᠯ ᠂ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠦᠷᠦ᠎ᠶᠢᠨ ᠪᠣᠳᠣᠯᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠠᠨ ᠪᠠᠢᠳᠠᠯ ᠂ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠰᠠᠯᠠᠭ᠎ᠠ ᠮᠥᠴᠢᠷ᠎ᠦᠨ ᠡᠭᠦᠷᠭᠡ ᠬᠠᠷᠢᠭᠤᠴᠠᠯᠭ᠎ᠠ᠎ᠶᠢᠨ ᠬᠤᠪᠢᠶᠠᠷᠢᠯᠠᠯ ᠵᠢᠴᠢ ᠨᠠᠢᠳᠠᠪᠤᠷᠢᠵᠢᠭᠤᠯᠤᠭᠰᠠᠨ ᠪᠠᠢᠳᠠᠯ ᠂ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠳᠦᠷᠢᠮ ᠪᠤᠶᠤ ᠬᠠᠮᠢᠶ᠎ᠠ ᠪᠦᠬᠦᠢ ᠲᠦᠷᠦ᠎ᠶᠢᠨ ᠪᠣᠳᠣᠯᠭ᠎ᠠ᠎ᠶᠢ ᠲᠣᠭᠲᠠᠭᠠᠵᠤ ᠵᠠᠰᠠᠪᠤᠷᠢ ᠣᠷᠣᠭᠤᠯᠤᠭᠰᠠᠨ ᠪᠠᠢᠳᠠᠯ᠎ᠢ ᠭᠦᠨᠵᠡᠭᠡᠢ ᠣᠢᠯᠠᠭᠠᠵᠤ ᠂ ᠵᠢᠴᠢ ᠨᠡᠢᠭᠡᠮ᠎ᠦᠨ ᠠᠮᠢᠳᠤᠷᠠᠯ᠂ ᠪᠠᠷᠢᠯᠭ᠎ᠠ᠎ᠶᠢᠨ ᠠᠵᠢᠯ᠂ ᠵᠠᠮ ᠲᠡᠭᠡᠭᠡᠪᠦᠷᠢ᠂ ᠠᠵᠤ ᠦᠢᠯᠡᠳᠪᠦᠷᠢ᠎ᠶᠢᠨ ᠦᠢᠯᠡᠳᠪᠦᠷᠢᠯᠡᠯ ᠵᠡᠷᠭᠡ ᠲᠠᠭᠤ ᠱᠤᠤᠭᠢᠶᠠᠨ᠎ᠢ ᠵᠠᠰᠠᠬᠤ ᠪᠠ ᠬᠢᠨᠠᠯᠲᠠ ᠬᠠᠮᠢᠶᠠᠷᠤᠯᠲᠠ᠎ᠶᠢᠨ ᠲᠠᠯ᠎ᠠ᠎ᠪᠠᠷ ᠣᠷᠣᠰᠢᠵᠤ ᠪᠠᠢᠭ᠎ᠠ ᠭᠣᠣᠯ ᠠᠰᠠᠭᠤᠳᠠᠯ᠂ ᠰᠢᠯᠲᠠᠭᠠᠨ ᠬᠢᠭᠡᠳ ᠰᠢᠢᠳᠪᠦᠷᠢᠯᠡᠬᠦ ᠠᠷᠭ᠎ᠠ ᠬᠡᠮᠵᠢᠶ᠎ᠡ ᠵᠡᠷᠭᠡ᠎ᠶᠢ ᠭᠦᠨᠵᠡᠭᠡᠢ ᠣᠢᠯᠠᠭᠠᠪᠠ᠃

 ᠪᠠᠢᠴᠠᠭᠠᠨ ᠰᠤᠳᠤᠯᠬᠤ ᠳᠤᠭᠤᠢᠯᠠᠩ᠎ᠤᠨ ᠬᠢᠨ ᠱᠠᠩᠬᠠᠢ ᠬᠣᠲᠠ᠎ᠶᠢᠨ ᠠᠮᠢ ᠠᠬᠤᠢ ᠣᠷᠴᠢᠨ ᠠᠬᠤᠢ᠎ᠶᠢᠨ ᠲᠣᠪᠴᠢᠶ᠎ᠠ᠎ᠲᠠᠢ ᠶᠠᠷᠢᠯᠴᠠᠵᠤ ᠰᠠᠨᠠᠯ᠎ᠢᠶᠠᠨ ᠰᠣᠯᠢᠯᠴᠠᠪᠠ

 ᠲᠤᠬᠠᠢ᠎ᠶᠢᠨ ᠲᠠᠯᠠᠪᠤᠷ᠎ᠲᠤ ᠪᠤᠭᠤᠲᠤ ᠬᠣᠲᠠ᠎ᠶᠢᠨ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢᠲᠤ ᠣᠷᠣᠨ᠎ᠤ ᠠᠦ᠋ᠲ᠋ᠣ᠋ ᠬᠢᠨᠠᠨ ᠬᠡᠮᠵᠢᠬᠦ ᠥᠷᠲᠡᠭᠡ ᠴᠡᠭ᠎ᠦᠨ ᠠᠵᠢᠯᠯᠠᠭᠠᠨ᠎ᠤ ᠪᠠᠢᠳᠠᠯ᠎ᠢ ᠪᠠᠢᠴᠠᠭᠠᠨ ᠰᠤᠳᠤᠯᠪᠠ
 ᠪᠠᠢᠴᠠᠭᠠᠨ ᠰᠤᠳᠤᠯᠤᠯᠲᠠ᠎ᠪᠠᠷ ᠲᠠᠮᠵᠢᠨ ᠂ ᠪᠠᠢᠴᠠᠭᠠᠨ ᠰᠤᠳᠤᠯᠬᠤ ᠳᠤᠭᠤᠢᠯᠠᠩ᠎ᠤᠨ ᠬᠢᠨ ᠪᠤᠰᠤᠳ ᠮᠤᠵᠢ ᠬᠣᠲᠠ᠎ᠶᠢᠨ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ ᠵᠢᠴᠢ ᠬᠠᠤᠯᠢ ᠲᠣᠭᠲᠠᠭᠠᠬᠤ ᠠᠵᠢᠯ᠎ᠤᠨ ᠲᠡᠷᠢᠭᠦᠨ᠎ᠦ ᠲᠤᠷᠰᠢᠯᠭ᠎ᠠ᠎ᠶᠢ ᠰᠣᠷᠣᠯᠴᠠᠵᠤ ᠂ ᠮᠠᠨ᠎ᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ᠎ᠳᠤ ᠣᠷᠣᠰᠢᠵᠤ ᠪᠠᠢᠭ᠎ᠠ ᠨᠡᠢᠳᠡᠮ᠎ᠦᠨ ᠠᠰᠠᠭᠤᠳᠠᠯ ᠪᠠ ᠠᠵᠢᠯ᠎ᠤᠨ ᠳᠤᠲᠠᠭᠤᠳᠠᠯ᠎ᠢ ᠣᠢᠯᠠᠭᠠᠪᠠ ᠃ ᠲᠠᠷᠠᠭᠠᠴᠢ᠎ᠶᠢᠨ ᠠᠯᠬᠤᠮ᠎ᠳᠤ ᠬᠠᠤᠯᠢ ᠲᠣᠭᠲᠠᠭᠠᠯᠲᠠ᠎ᠶᠢᠨ ᠪᠠᠢᠴᠠᠭᠠᠨ ᠰᠤᠳᠤᠯᠤᠯᠲᠠ᠎ᠶᠢᠨ ᠦᠷ᠎ᠡ ᠪᠦᠲᠦᠭᠡᠯ᠎ᠲᠠᠢ ᠤᠶᠠᠯᠳᠤᠭᠤᠯᠤᠨ ᠂ ᠥᠪᠡᠷᠲᠡᠭᠡᠨ ᠵᠠᠰᠠᠬᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠳᠦᠷᠢᠮ᠎ᠦᠨ ᠬᠠᠮᠢᠶ᠎ᠠ ᠪᠦᠬᠦᠢ ᠵᠦᠢᠯ ᠵᠤᠷᠪᠤᠰ᠎ᠢ ᠴᠠᠭ ᠲᠤᠬᠠᠢ ᠳ᠋ᠤᠨᠢ ᠵᠠᠰᠠᠨ ᠲᠡᠭᠦᠯᠳᠡᠷᠵᠢᠭᠦᠯᠵᠦ ᠂ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠤᠨ ᠬᠠᠮᠢᠶᠠᠷᠤᠯᠲᠠ᠎ᠶᠢᠨ ᠬᠦᠴᠢᠷᠳᠡᠯ ᠂ ᠪᠠᠴᠢᠮ ᠰᠢᠢᠳᠪᠦᠷᠢᠯᠡᠬᠦ ᠴᠢᠬᠤᠯᠠᠲᠠᠢ ᠭᠣᠣᠯᠳᠠᠯᠭ᠎ᠠ ᠂ ᠠᠷᠠᠳ ᠣᠯᠠᠨ᠎ᠤ ᠠᠩᠬᠠᠷᠤᠯ ᠲᠠᠯᠪᠢᠵᠤ ᠪᠠᠢᠭ᠎ᠠ ᠬᠠᠯᠠᠮᠰᠢᠯ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠂ ᠡᠯ᠎ᠡ ᠰᠠᠯᠠᠭ᠎ᠠ ᠮᠥᠴᠢᠷ᠎ᠦᠨ ᠡᠭᠦᠷᠭᠡ ᠬᠠᠷᠢᠭᠤᠴᠠᠯᠭ᠎ᠠ᠎ᠶᠢ ᠲᠣᠳᠣᠷᠬᠠᠢᠯᠠᠵᠤ ᠂ ᠪᠠᠲᠤᠯᠠᠭ᠎ᠠ᠎ᠶᠢᠨ ᠠᠷᠭ᠎ᠠ ᠬᠡᠮᠵᠢᠶ᠎ᠡ᠎ᠶᠢ ᠴᠢᠩᠭᠠᠳᠬᠠᠨ ᠂ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠳᠦᠷᠢᠮ᠎ᠦᠨ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠢᠴᠠ ᠴᠢᠨᠠᠷ᠎ᠢ ᠴᠢᠩᠭᠠᠷᠠᠭᠤᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号