2025 ᠣᠨ᠎ᠤ ᠡᠬᠢᠨ᠎ᠳᠦ ᠂ ᠪᠥᠬᠥ ᠣᠷᠣᠨ᠎ᠤ ᠠᠭᠠᠷ᠎ᠤᠨ ᠶᠠᠰᠤ ᠴᠢᠨᠠᠷ ᠶᠡᠬᠡ ᠬᠡᠮᠵᠢᠶ᠎ᠡ᠎ᠪᠡᠷ ᠰᠠᠢᠵᠢᠷᠠᠵᠤ ᠂ 1—2 ᠳ᠋ᠤᠭᠠᠷ ᠰᠠᠷ᠎ᠠ᠎ᠳᠤ ᠪᠥᠬᠥ ᠣᠷᠣᠨ᠎ᠤ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ ᠰᠢᠯᠢᠳᠡᠭ ᠰᠠᠢᠨ ᠡᠳᠦᠷ᠎ᠦᠨ ᠲᠣᠭ᠎ᠠ᠎ᠶᠢᠨ ᠬᠠᠷᠢᠴᠠᠯ ᠳᠤᠮᠳᠠᠴᠢ᠎ᠪᠠᠷ 94.0% ᠪᠠᠢᠵᠤ ᠂ ᠠᠳᠠᠯᠢ ᠬᠤᠭᠤᠴᠠᠭᠠᠨ᠎ᠤ ᠬᠢ᠎ᠡᠴᠡ 5.7 ᠵᠠᠭᠤᠨ᠎ᠤ ᠨᠢᠭᠡᠴᠢ ᠳᠡᠭᠡᠭᠰᠢᠯᠡᠪᠡ ; ᠬᠦᠨᠳᠦ ᠪᠣᠬᠢᠷᠲᠤᠯ᠎ᠲᠠᠢ ᠡᠳᠦᠷ᠎ᠦᠨ ᠲᠣᠭ᠎ᠠ᠎ᠶᠢᠨ ᠬᠠᠷᠢᠴᠠᠯ 0.8% ᠪᠠᠢᠵᠤ ᠂ ᠠᠳᠠᠯᠢ ᠬᠤᠭᠤᠴᠠᠭᠠᠨ᠎ᠤ ᠬᠢ᠎ᠡᠴᠡ 0.3 ᠵᠠᠭᠤᠨ᠎ᠤ ᠨᠢᠭᠡᠴᠢ ᠪᠠᠭᠤᠷᠠᠵᠤ ᠂ ᠵᠢᠷᠭᠤᠭᠠᠨ ᠵᠦᠢᠯ᠎ᠦᠨ ᠪᠣᠬᠢᠷᠲᠤᠯ ᠪᠣᠳᠠᠰ᠎ᠤᠨ ᠳᠤᠮᠳᠠᠴᠢ ᠥᠳᠬᠡᠴᠡ᠎ᠶᠢᠨ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ 《 ᠵᠢᠷᠭᠤᠭᠠᠨ ᠪᠠᠭᠤᠷᠠᠯᠲᠠ 》᠎ᠶᠢ ᠪᠡᠶᠡᠯᠡᠭᠦᠯᠪᠡ ᠃ ᠨᠠᠷᠢᠨ ᠮᠥᠬᠥᠯᠢᠭᠲᠦ ᠪᠣᠳᠠᠰ᠎ᠤᠨ ᠥᠳᠬᠡᠴᠡ ( PM2.5 ) 27 ᠮᠢᠺᠷᠥᠭ᠌ᠷᠠᠮ / ᠪᠣᠰᠣᠭ᠎ᠠ ᠳᠥᠷᠪᠡᠯᠵᠢᠨ ᠮᠧᠲᠷ ᠪᠠᠢᠵᠤ ᠂ 2015 ᠣᠨ᠎ᠳᠤ ᠬᠢᠨᠠᠨ ᠬᠡᠮᠵᠢᠭᠰᠡᠨ ᠲᠣᠭ᠎ᠠ ᠪᠠᠷᠢᠮᠲᠠ᠎ᠲᠠᠢ ᠪᠣᠯᠤᠭᠰᠠᠨ᠎ᠠᠴᠠ ᠨᠠᠭᠠᠰᠢᠬᠢ ᠠᠳᠠᠯᠢ ᠬᠤᠭᠤᠴᠠᠭᠠᠨ᠎ᠤ ᠬᠠᠮᠤᠭ᠎ᠤᠨ ᠳᠣᠣᠷ᠎ᠠ ᠬᠡᠮᠵᠢᠶ᠎ᠡ ᠪᠣᠯᠣᠨ᠎ᠠ ᠃ 2 ᠳ᠋ᠤᠭᠠᠷ ᠰᠠᠷ᠎ᠠ᠎ᠳᠤ ᠂ ᠪᠤᠭᠤᠲᠤ ᠬᠣᠲᠠ ᠂ ᠬᠥᠬᠡᠬᠣᠲᠠ 168 ᠭᠣᠣᠯᠳᠠᠯᠭ᠎ᠠ᠎ᠲᠠᠢ ᠬᠣᠲᠠ᠎ᠶᠢᠨ PM2.5 ᠵᠢᠨ ᠥᠳᠬᠡᠴᠡ᠎ᠪᠡᠷ ᠨᠡᠯᠢᠶᠡᠳ ᠳᠣᠣᠷ᠎ᠠ ᠡᠮᠦᠨ᠎ᠡ 20 ᠬᠣᠲᠠ᠎ᠶᠢᠨ ᠳᠣᠲᠣᠷ᠎ᠠ ᠂ ᠲᠣᠰ ᠲᠣᠰ 14 ᠂ 15 ᠳ᠋ᠤᠭᠠᠷ᠎ᠲᠤ ᠵᠢᠭ᠍ᠰᠠᠭᠠᠭᠳᠠᠵᠤ ᠂ ᠳᠤᠯᠠᠭᠠᠯᠠᠭ᠎ᠠ᠎ᠶᠢᠨ ᠤᠯᠠᠷᠢᠯ᠎ᠤᠨ ᠲᠡᠦᠬᠡ᠎ᠶᠢᠨ ᠠᠳᠠᠯᠢ ᠬᠤᠭᠤᠴᠠᠭᠠᠨ᠎ᠤ ᠬᠠᠮᠤᠭ᠎ᠤᠨ ᠰᠠᠢᠨ ᠳ᠋ᠤᠭᠠᠷ᠎ᠲᠤ ᠵᠢᠭ᠍ᠰᠠᠭᠠᠭᠳᠠᠵᠠᠢ᠃
ᠨᠢᠭᠡ᠎ᠳᠦ᠂ ᠢᠳᠡᠪᠬᠢᠲᠡᠢ᠎ᠪᠡᠷ ᠲᠣᠬᠢᠷᠠᠭᠤᠯᠤᠨ ᠪᠠᠢᠷᠢᠯᠠᠭᠤᠯᠵᠤ ᠂ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠳᠡᠭᠡᠳᠦ ᠪᠠᠢᠷᠢᠨ᠎ᠡᠴᠡ ᠲᠦᠯᠬᠢᠨ ᠠᠬᠢᠭᠤᠯᠤᠨ᠎ᠠ ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠥᠬᠥ ᠣᠷᠣᠨ᠎ᠤ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠠᠵᠢᠯ᠎ᠤᠨ ᠸᠢᠳᠢᠤ᠋ ᠬᠤᠷᠠᠯ᠎ᠢ ᠬᠤᠷᠠᠯᠳᠤᠭᠤᠯᠵᠤ ᠂ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠰᠡᠭᠦᠯᠴᠢ᠎ᠶᠢᠨ ᠡᠭᠦᠷᠭᠡ᠎ᠶᠢ ᠪᠠᠢᠷᠢᠯᠠᠭᠤᠯᠤᠨ ᠲᠣᠬᠢᠷᠠᠭᠤᠯᠪᠠ ᠃ ᠰᠠᠷ᠎ᠠ ᠪᠦᠷᠢ ᠪᠥᠬᠥ ᠣᠷᠣᠨ᠎ᠤ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠤᠨ ᠨᠡᠢᠭᠡᠮᠯᠢᠭ᠎ᠦᠨ ᠬᠤᠳᠠᠯᠳᠤᠭᠠᠨ᠎ᠤ ᠡᠪᠯᠡᠯ᠎ᠢ ᠬᠤᠷᠠᠯᠳᠤᠭᠤᠯᠵᠤ ᠂ ᠣᠷᠣᠨ ᠨᠤᠲᠤᠭ᠎ᠤᠨ ᠬᠠᠷᠢᠭᠤᠴᠠᠯᠭ᠎ᠠ᠎ᠶᠢ ᠤᠯᠠᠮ ᠨᠢᠭᠡ ᠠᠯᠬᠤᠮ ᠪᠣᠳᠠᠲᠠᠢᠵᠢᠭᠤᠯᠵᠤ ᠂ ᠡᠯ᠎ᠡ ᠵᠦᠢᠯ᠎ᠦᠨ ᠠᠵᠢᠯ᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ᠎ᠶᠢ ᠠᠬᠢᠭᠤᠯᠤᠨ᠎ᠠ᠃
ᠬᠣᠶᠠᠷ᠎ᠲᠤ ᠂ ᠠᠵᠢᠯ᠎ᠤᠨ ᠭᠣᠣᠯᠳᠠᠯᠭ᠎ᠠ᠎ᠪᠠᠨ ᠲᠤᠪᠤᠢ᠍ᠢᠯᠭᠠᠵᠤ᠂ ᠠᠵᠤ ᠦᠢᠯᠡᠳᠪᠦᠷᠢ᠎ᠶᠢᠨ ᠪᠣᠬᠢᠷᠲᠤᠯ᠎ᠢ ᠵᠠᠰᠠᠬᠤ ᠠᠵᠢᠯ᠎ᠢ ᠴᠢᠩᠭᠠᠳᠬᠠᠨ᠎ᠠ᠃ ᠲᠥᠪ᠎ᠦᠨ ᠲᠤᠰᠬᠠᠢ ᠪᠡᠯᠡ ᠮᠥᠩᠭᠥ᠎ᠶᠢ 2.1 ᠳ᠋ᠦᠩᠰᠢᠭᠤᠷ ᠲᠥᠭᠥᠷᠢᠭ ᠴᠢᠷᠮᠠᠢᠨ ᠣᠯᠵᠤ ᠂ ᠭᠣᠣᠯᠳᠠᠭᠤ ᠠᠵᠤ ᠦᠢᠯᠡᠳᠪᠦᠷᠢ᠎ᠶᠢᠨ ᠠᠵᠤ ᠠᠬᠤᠢᠯᠠᠯ᠎ᠤᠨ ᠥᠭᠡᠷᠡᠴᠢᠯᠡᠯᠲᠡ᠎ᠶᠢᠨ ᠲᠥᠷᠥᠯ ᠵᠦᠢᠯ᠎ᠢ ᠳᠡᠮᠵᠢᠬᠦ᠎ᠳᠦ ᠬᠡᠷᠡᠭᠯᠡᠵᠦ᠂ ᠪᠣᠯᠣᠳ ᠲᠡᠮᠦᠷ ᠂ ᠬᠡᠦᠷᠰᠢᠭᠦᠯᠬᠦ ᠂ ᠼᠧᠮᠧᠨ᠋ᠲ ᠂ ᠨᠡᠭᠦᠷᠡᠰᠦ ᠰᠢᠲᠠᠭᠠᠬᠤ ᠵᠤᠤᠬ᠎ᠠ᠎ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ᠎ᠶᠢᠨ ᠥᠭᠡᠷᠡᠴᠢᠯᠡᠯᠲᠡ ᠂ ᠳᠡᠭᠳᠡᠮᠡᠬᠡᠢ ᠴᠢᠨᠠᠷᠲᠠᠢ ᠣᠷᠭᠠᠨᠢᠭ᠋ ᠪᠣᠳᠠᠰ᠎ᠢ ᠶᠡᠷᠦᠩᠬᠡᠢᠯᠡᠨ ᠵᠠᠰᠠᠬᠤ᠎ᠶᠢ ᠠᠬᠢᠭᠤᠯᠤᠨ᠎ᠠ᠃
ᠭᠤᠷᠪᠠ᠎ᠳᠤ᠂ ᠠᠵᠢᠯ᠎ᠤᠨ ᠠᠷᠭ᠎ᠠ ᠬᠡᠯᠪᠡᠷᠢ᠎ᠶᠢᠨ ᠰᠢᠨ᠎ᠡ᠎ᠶᠢ ᠡᠭᠦᠳᠴᠦ᠂ ᠡᠰᠢ ᠰᠦᠷᠡᠯ᠎ᠢ ᠬᠠᠮᠢᠶᠠᠷᠤᠨ ᠡᠵᠡᠮᠳᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃ ᠢᠷᠡᠬᠦ ᠠᠷᠪᠠᠨ ᠡᠳᠦᠷ᠎ᠦᠨ ᠠᠭᠠᠷ᠎ᠤᠨ ᠴᠢᠨᠠᠷ ᠴᠢᠨᠰᠠᠭ᠎ᠠ᠎ᠶᠢ ᠤᠷᠢᠳᠴᠢᠯᠠᠨ ᠮᠡᠳᠡᠭᠡᠯᠡᠭᠰᠡᠨ ᠦᠷ᠎ᠡ ᠳ᠋ᠦᠩ᠎ᠢ ᠡᠯ᠎ᠡ ᠠᠢᠮᠠᠭ ᠬᠣᠲᠠ᠎ᠳᠤ ᠡᠳᠦᠷ ᠪᠦᠷᠢ ᠬᠦᠷᠭᠡᠨ᠎ᠡ ᠃ 《 ᠥᠪᠡᠷᠲᠡᠭᠡᠨ ᠵᠠᠰᠠᠬᠤ ᠣᠷᠣᠨ᠎ᠤ ᠡᠰᠢ ᠰᠦᠷᠡᠯ᠎ᠢ ᠵᠠᠳᠠᠭᠠᠢ ᠰᠢᠲᠠᠭᠠᠬᠤ᠎ᠶᠢ ᠴᠠᠭᠠᠵᠠᠯᠠᠬᠤ ᠂ ᠰᠢᠲᠠᠭᠠᠬᠤ᠎ᠶᠢ ᠬᠢᠵᠠᠭᠠᠷᠯᠠᠬᠤ ᠣᠷᠣᠨ ᠪᠦᠰᠡ᠎ᠶᠢ ᠵᠠᠭᠠᠭᠯᠠᠨ ᠲᠣᠭᠲᠠᠭᠠᠬᠤ ᠵᠢᠯᠤᠭᠣᠳᠬᠤ ᠲᠥᠰᠥᠯ ( ᠲᠤᠷᠰᠢᠨ ᠬᠡᠷᠡᠭᠵᠢᠭᠦᠯᠬᠦ ) 》᠎ᠢ ᠨᠠᠢᠷᠠᠭᠤᠯᠤᠨ ᠵᠣᠬᠢᠶᠠᠵᠤ ᠂ ᠬᠥᠬᠡᠬᠣᠲᠠ ᠂ ᠪᠤᠭᠤᠲᠤ ᠬᠣᠲᠠ᠎ᠶᠢᠨ ᠲᠦᠮᠡᠳ᠎ᠦᠨ ᠲᠠᠯ᠎ᠠ ᠭᠠᠵᠠᠷ᠎ᠤᠨ ᠡᠰᠢ ᠰᠦᠷᠡᠯ᠎ᠢ ᠴᠠᠭᠠᠵᠠᠯᠠᠬᠤ ᠪᠠ ᠰᠢᠲᠠᠭᠠᠬᠤ᠎ᠶᠢ ᠬᠢᠵᠠᠭᠠᠷᠯᠠᠬᠤ ᠣᠷᠣᠨ᠎ᠤ ᠬᠣᠯᠪᠤᠭᠠᠯᠠᠨ ᠬᠥᠳᠡᠯᠦᠯᠴᠡᠵᠦ ᠬᠠᠮᠢᠶᠠᠷᠤᠨ ᠡᠵᠡᠮᠳᠡᠬᠦ ᠲᠣᠭᠲᠠᠴᠠ᠎ᠶᠢ ᠪᠠᠢᠭᠤᠯᠵᠤ ᠂ ᠴᠠᠭ ᠠᠭᠤᠷ᠎ᠤᠨ ᠨᠥᠬᠥᠴᠡᠯ᠎ᠲᠠᠢ ᠤᠶᠠᠯᠳᠤᠭᠤᠯᠤᠨ ᠂ ᠰᠣᠯᠪᠢᠴᠠᠭᠤᠯᠤᠨ ᠂ ᠡᠮᠬᠢ ᠵᠢᠷᠤᠮ᠎ᠲᠠᠢ᠎ᠪᠠᠷ ᠰᠢᠲᠠᠭᠠᠵᠤ ᠠᠷᠢᠯᠭᠠᠪᠠ ᠃ ᠡᠨᠡ ᠵᠢᠯ᠎ᠡᠴᠡ ᠨᠠᠭᠠᠰᠢ ᠡᠰᠢ ᠰᠦᠷᠡᠯ᠎ᠢ ᠰᠢᠲᠠᠭᠠᠭᠰᠠᠠᠴᠠ ᠪᠣᠯᠣᠭᠰᠠᠨ ᠬᠦᠨᠳᠦ ᠪᠣᠬᠢᠷᠲᠤᠯ᠎ᠲᠠᠢ ᠴᠠᠭ ᠠᠭᠤᠷ ᠭᠠᠷᠤᠭᠰᠠᠨ ᠦᠭᠡᠢ᠃
ᠳᠥᠷᠪᠡ᠎ᠳᠦ᠂ ᠲᠠᠷᠠᠬᠠᠢ ᠨᠡᠭᠦᠷᠡᠰᠦ᠎ᠶᠢ ᠵᠠᠰᠠᠬᠤ᠎ᠶᠢ ᠬᠡᠷᠡᠭᠵᠢᠭᠦᠯᠵᠦ᠂ ᠠᠷᠢᠭᠤᠨ ᠴᠡᠪᠡᠷ᠎ᠢᠶᠡᠷ ᠳᠤᠯᠠᠭᠠᠯᠠᠬᠤ ᠥᠭᠡᠷᠡᠴᠢᠯᠡᠯᠲᠡ᠎ᠶᠢ ᠲᠦᠯᠬᠢᠨ ᠠᠬᠢᠭᠤᠯᠤᠨ᠎ᠠ᠃ 2025 ᠣᠨ᠎ᠤ ᠲᠥᠪ᠎ᠦᠨ ᠲᠤᠰᠬᠠᠢ ᠵᠦᠢᠯ᠎ᠦᠨ ᠪᠡᠯᠡ ᠮᠥᠩᠭᠥ᠎ᠶᠢ 6.8 ᠳ᠋ᠦᠩᠰᠢᠭᠤᠷ ᠲᠥᠭᠥᠷᠢᠭ ᠴᠢᠷᠮᠠᠢᠨ ᠣᠯᠵᠤ᠂ ᠬᠥᠬᠡᠬᠣᠲᠠ᠂ ᠤᠯᠠᠭᠠᠨᠴᠠᠪ ᠬᠣᠲᠠ᠂ ᠪᠠᠶᠠᠨᠨᠠᠭᠤᠷ ᠬᠣᠲᠠ᠎ᠶᠢᠨ ᠤᠯᠤᠰ᠎ᠤᠨ ᠤᠮᠠᠷᠠᠲᠤ ᠣᠷᠣᠨ᠎ᠤ ᠡᠪᠦᠯ᠎ᠦᠨ ᠤᠯᠠᠷᠢᠯ᠎ᠤᠨ ᠠᠷᠢᠭᠤᠨ ᠴᠡᠪᠡᠷ ᠳᠤᠯᠠᠭᠠᠯᠠᠭ᠎ᠠ᠎ᠶᠢᠨ ᠬᠣᠲᠠ᠎ᠶᠢᠨ ᠥᠭᠡᠷᠡᠴᠢᠯᠡᠯᠲᠡ᠎ᠶᠢᠨ ᠡᠭᠦᠷᠭᠡ᠎ᠶᠢ ᠲᠡᠭᠦᠯᠳᠡᠷᠵᠢᠭᠦᠯᠬᠦ᠎ᠳᠦ ᠬᠦᠴᠦᠨ ᠨᠡᠮᠡᠷᠢᠯᠡᠨ᠎ᠡ᠃
ᠲᠠᠪᠤ᠎ᠳᠤ᠂ ᠭᠣᠣᠯᠳᠠᠯᠭ᠎ᠠ᠎ᠲᠠᠢ ᠠᠰᠠᠭᠤᠳᠠᠯ᠎ᠢ ᠴᠢᠩᠭ᠎ᠠ ᠠᠩᠬᠠᠷᠴᠤ᠂ ᠰᠢᠯᠵᠢᠮᠡᠯ ᠡᠬᠢ ᠰᠤᠷᠪᠤᠯᠵᠢ᠎ᠶᠢ ᠬᠠᠮᠢᠶᠠᠷᠤᠨ ᠡᠵᠡᠮᠳᠡᠬᠦ ᠡᠷᠴᠢᠮ᠎ᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠪᠥᠬᠥ ᠣᠷᠣᠨ᠎ᠤ 664 ᠮᠠᠰᠢᠨ ᠲᠡᠷᠭᠡᠨ᠎ᠦ ᠭᠠᠳᠠᠭᠰᠢᠯᠠᠭᠤᠯᠤᠯᠲᠠ᠎ᠶᠢ ᠰᠢᠯᠭᠠᠨ ᠪᠠᠢᠴᠠᠭᠠᠬᠤ ᠪᠠᠢᠭᠤᠯᠤᠮᠵᠢ᠎ᠳᠤ ᠨᠢᠭᠡᠳ ᠨᠢᠭᠡ᠎ᠪᠡᠷ ᠪᠠᠢᠴᠠᠭᠠᠯᠲᠠ ᠬᠢᠵᠦ ᠂ ᠣᠲᠣ᠌ ᠨᠢᠭᠡᠨᠲᠡ 409 ᠮᠠᠰᠢᠨ ᠲᠡᠷᠭᠡᠨ᠎ᠦ ᠭᠠᠳᠠᠭᠰᠢᠯᠠᠭᠤᠯᠤᠯᠲᠠ᠎ᠶᠢ ᠪᠡᠶᠡᠯᠡᠭᠦᠯᠪᠡ᠃
ᠵᠢᠷᠭᠤᠭ᠎ᠠ᠎ᠳᠤ᠂ ᠭᠣᠣᠯᠳᠠᠯᠭ᠎ᠠ᠎ᠲᠠᠢ ᠣᠷᠣᠨ ᠪᠦᠰᠡ᠎ᠶᠢᠨ ᠬᠠᠮᠲᠤᠷᠠᠨ ᠰᠡᠷᠭᠡᠢᠯᠡᠵᠦ ᠬᠠᠮᠲᠤᠷᠠᠨ ᠬᠢᠵᠠᠭᠠᠷᠯᠠᠬᠤ᠎ᠶᠢ ᠴᠢᠩᠭᠠᠳᠬᠠᠵᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠪᠦᠲᠦᠮᠵᠢᠲᠡᠶ᠎ᠪᠡᠷ ᠠᠷᠭᠠᠴᠠᠨ᠎ᠠ᠃ 《 ᠪᠦᠬᠦᠯᠢ ᠴᠣᠭᠴᠠ᠎ᠶᠢᠨ ᠳᠠᠢᠯᠠᠯᠳᠤᠭᠠᠨ 》 ᠪᠣᠯᠣᠨ 《 ᠬᠠᠮᠵᠢᠯᠴᠠᠬᠤ ᠳᠠᠢᠯᠠᠯᠳᠤᠭᠠᠨ 》᠎ᠢ ᠰᠠᠢᠲᠤᠷ ᠬᠢᠬᠦ ᠶᠡᠷᠦᠩᠬᠡᠢ ᠱᠠᠭᠠᠷᠳᠠᠯᠭ᠎ᠠ ᠶᠣᠰᠣᠭᠠᠷ᠂ 《ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭᠠᠷ ᠮᠠᠨᠳᠠᠯ᠎ᠤᠨ ᠪᠣᠬᠢᠷᠲᠤᠯ᠎ᠢ ᠬᠠᠮᠲᠤᠷᠠᠨ ᠰᠡᠷᠭᠡᠢᠯᠡᠵᠦ ᠬᠠᠮᠲᠤᠷᠠᠨ ᠡᠵᠡᠮᠳᠡᠬᠦ ᠵᠢᠵᠢᠭᠦᠷ ᠠᠵᠢᠯ᠎ᠤᠨ ᠳᠦᠷᠢᠮ ( ᠲᠤᠷᠰᠢᠨ ᠬᠡᠷᠡᠭᠵᠢᠭᠦᠯᠬᠦ ) 》᠎ᠢ ᠳᠠᠷᠤᠮᠠᠯᠯᠠᠨ ᠲᠠᠷᠬᠠᠭᠠᠵᠤ᠂ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠢ ᠰᠠᠢᠵᠢᠷᠠᠭᠤᠯᠬᠤ ᠨᠥᠬᠥᠪᠦᠷᠢ᠎ᠶᠢᠨ ᠲᠣᠭᠲᠠᠴᠠ᠎ᠶᠢ ᠰᠦᠪᠡᠭᠴᠢᠯᠡᠨ ᠪᠠᠢᠭᠤᠯᠤᠨ᠎ᠠ᠃