ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠠᠭᠠᠷ ᠮᠠᠨᠳᠠᠯ᠎ᠤᠨ ᠣᠷᠴᠢᠨ ᠲᠣᠭᠤᠷᠢᠨ᠎ᠤ ᠬᠠᠮᠢᠶᠠᠷᠤᠯᠲᠠ
ᠥᠪᠥᠷ ᠮᠣᠩᠭᠣᠯ᠎ᠤᠨ ᠨᠢᠭᠡᠳᠦᠭᠡᠷ ᠤᠯᠠᠷᠢᠯ᠎ᠤᠨ ᠠᠭᠠᠷ᠎ᠤᠨ ᠴᠢᠨᠠᠷ ᠴᠢᠨᠰᠠᠭ᠎ᠠ ᠲᠡᠦᠬᠡ᠎ᠶᠢᠨ ᠬᠠᠮᠤᠭ᠎ᠤᠨ ᠰᠠᠢᠨ ᠬᠢᠷᠢ ᠲᠦᠪᠰᠢᠨ᠎ᠢ ᠡᠭᠦᠳᠪᠡ
ᠨᠡᠶ᠋ᠢᠲᠡᠯᠡᠭᠰᠡᠨ ᠴᠠᠭ᠄ 2025-11-08

      ᠡᠨᠡ ᠵᠢᠯ᠎ᠦᠨ ᠨᠢᠭᠡᠳᠦᠭᠡᠷ ᠤᠯᠠᠷᠢᠯ᠎ᠳᠤ ᠂ ᠥᠪᠥᠷ ᠮᠣᠩᠭᠣᠯ᠎ᠤᠨ ᠪᠥᠬᠥ ᠣᠷᠣᠨ᠎ᠤ ᠵᠢᠵᠢᠭ ᠮᠥᠬᠥᠯᠢᠭᠲᠦ ᠪᠣᠳᠠᠰ ( PM2.5 ) ᠎ᠤᠨ ᠥᠳᠬᠡᠴᠡ 26 ᠮᠢᠺᠷᠥᠭ᠌ᠷᠠᠮ / ᠪᠣᠰᠣᠭ᠎ᠠ ᠳᠥᠷᠪᠡᠯᠵᠢᠨ ᠮᠧᠲᠷ ᠪᠠᠢᠵᠤ ᠂ ᠠᠳᠠᠯᠢ ᠬᠤᠭᠤᠴᠠᠭᠠᠨ᠎ᠤ ᠬᠢ᠎ᠡᠴᠡ 21.2% ᠪᠠᠭᠤᠷᠠᠵᠤ᠂ ᠰᠢᠯᠢᠳᠡᠭ ᠡᠳᠦᠷ᠎ᠦᠨ ᠲᠣᠭ᠎ᠠ᠎ᠶᠢᠨ ᠬᠠᠷᠢᠴᠠᠯ 90.3% ᠬᠦᠷᠴᠦ ᠂ ᠠᠳᠠᠯᠢ ᠬᠤᠭᠤᠴᠠᠭᠠᠨ᠎ᠤ ᠬᠢ᠎ᠡᠴᠡ 2.6 ᠵᠠᠭᠤᠨ᠎ᠤ ᠨᠢᠭᠡᠴᠢ ᠳᠡᠭᠡᠭᠰᠢᠯᠡᠵᠦ᠂ ᠠᠭᠠᠷ᠎ᠤᠨ ᠶᠠᠰᠤ ᠴᠢᠨᠠᠷ 2015 ᠣᠨ᠎ᠳᠤ ᠬᠢᠨᠠᠨ ᠬᠡᠮᠵᠢᠭᠰᠡᠨ ᠲᠣᠭ᠎ᠠ ᠪᠠᠷᠢᠮᠲᠠ᠎ᠲᠠᠢ ᠪᠣᠯᠤᠭᠰᠠᠨ᠎ᠠᠴᠠ ᠨᠠᠭᠠᠰᠢᠬᠢ ᠠᠳᠠᠯᠢ ᠬᠤᠭᠤᠴᠠᠭᠠᠨ᠎ᠤ ᠬᠠᠮᠤᠭ᠎ᠤᠨ ᠰᠠᠢᠨ ᠬᠢᠷᠢ ᠲᠦᠪᠰᠢᠨ᠎ᠳᠦ ᠬᠦᠷᠴᠡᠢ᠃ ᠪᠤᠭᠤᠲᠤ ᠬᠣᠲᠠ ᠂ ᠬᠥᠬᠡᠬᠣᠲᠠ ᠲᠣᠰ ᠲᠣᠰ ᠪᠥᠬᠥ ᠤᠯᠤᠰ᠎ᠤᠨ 168 ᠭᠣᠣᠯᠳᠠᠯᠭ᠎ᠠ᠎ᠲᠠᠢ ᠬᠣᠲᠠ᠎ᠶᠢᠨ ᠠᠭᠠᠷ᠎ᠤᠨ ᠶᠠᠰᠤ ᠴᠢᠨᠠᠷ᠎ᠢ ᠰᠠᠢᠵᠢᠷᠠᠭᠤᠯᠤᠭᠰᠠᠨ ᠬᠡᠮᠵᠢᠶ᠎ᠡ᠎ᠶᠢᠨ ᠨᠢᠭᠡᠳᠦᠭᠡᠷ ᠂ ᠬᠣᠶᠠᠳᠤᠭᠠᠷ ᠪᠠᠢᠷᠢᠨ᠎ᠳᠤ ᠵᠢᠭ᠍ᠰᠠᠭᠠᠭᠳᠠᠵᠠᠢ᠃
      ᠣᠢᠯᠠᠭᠠᠭᠰᠠᠨ᠎ᠢᠶᠠᠷ᠂ ᠡᠨᠡ ᠵᠢᠯ᠎ᠡᠴᠡ ᠨᠠᠭᠠᠰᠢ᠂ ᠮᠠᠨ᠎ᠤ ᠣᠷᠣᠨ ᠬᠥᠬᠡ ᠣᠭᠲᠠᠷᠭᠤᠢ᠎ᠶᠢ ᠬᠠᠮᠠᠭᠠᠯᠠᠬᠤ ᠳᠠᠢᠯᠠᠯᠳᠤᠭᠠᠨ᠎ᠢ ᠦᠷᠭᠦᠯᠵᠢᠯᠡᠨ ᠭᠦᠨᠵᠡᠭᠡᠢ ᠰᠠᠢᠲᠤᠷ ᠬᠢᠵᠦ᠂ ᠨᠠᠮᠤᠷ ᠡᠪᠦᠯ᠎ᠦᠨ ᠤᠯᠠᠷᠢᠯ᠎ᠤᠨ ᠠᠭᠠᠷ᠎ᠤᠨ ᠶᠠᠰᠤ ᠴᠢᠨᠠᠷ᠎ᠢ ᠪᠦᠬᠦ ᠬᠦᠴᠦᠨ᠎ᠢᠶᠡᠷ᠎ᠢᠶᠡᠨ ᠪᠠᠲᠤᠯᠠᠵᠤ᠂ ᠭᠣᠣᠯᠳᠠᠯᠭ᠎ᠠ᠎ᠲᠠᠢ ᠴᠠᠭ᠂ ᠣᠷᠣᠨ ᠪᠦᠰᠡ ᠪᠣᠯᠣᠨ ᠠᠵᠢᠯ ᠲᠦᠷᠦᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠬᠠᠮᠤᠭ᠎ᠤᠨ ᠬᠠᠲᠠᠭᠤ ᠠᠷᠭ᠎ᠠ ᠬᠡᠮᠵᠢᠶ᠎ᠡ᠂ ᠬᠠᠮᠤᠭ᠎ᠤᠨ ᠴᠢᠩᠭ᠎ᠠ ᠪᠠᠷᠢᠮᠵᠢᠶ᠎ᠠ᠎ᠪᠠᠷ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ᠎ᠶᠢ ᠠᠬᠢᠭᠤᠯᠤᠭᠠᠳ ᠢᠯᠡᠳᠲᠡ ᠦᠷ᠎ᠡ ᠪᠦᠲᠦᠮᠵᠢ ᠣᠯᠵᠠᠢ᠃ ᠠᠵᠤ ᠦᠢᠯᠡᠳᠪᠦᠷᠢ᠎ᠶᠢᠨ ᠪᠣᠬᠢᠷᠲᠤᠯ᠎ᠢ ᠵᠠᠰᠠᠬᠤ ᠠᠵᠢᠯ᠎ᠢ ᠴᠢᠩᠭᠠᠳᠬᠠᠬᠤ ᠲᠠᠯ᠎ᠠ᠎ᠪᠠᠷ᠂ ᠲᠥᠪ᠎ᠦᠨ 2.1 ᠳ᠋ᠦᠩᠰᠢᠭᠤᠷ ᠲᠥᠭᠥᠷᠢᠭ᠎ᠦᠨ ᠲᠤᠰᠬᠠᠢ ᠪᠡᠯᠡ ᠮᠥᠩᠭᠥ᠎ᠶᠢ ᠭᠣᠣᠯᠳᠠᠭᠤ ᠠᠵᠤ ᠦᠢᠯᠡᠳᠪᠦᠷᠢ᠎ᠶᠢᠨ ᠠᠵᠤ ᠠᠬᠤᠢᠯᠠᠯ᠎ᠤᠨ ᠥᠭᠡᠷᠡᠴᠢᠯᠡᠯᠲᠡ᠎ᠶᠢᠨ ᠵᠦᠢᠯᠡᠰ᠎ᠢ ᠳᠡᠮᠵᠢᠬᠦ᠎ᠳᠦ ᠬᠡᠷᠡᠭᠯᠡᠵᠦ᠂ ᠪᠣᠯᠣᠳ ᠲᠡᠮᠦᠷ᠂ ᠬᠡᠦᠷᠰᠢᠭᠦᠯᠬᠦ᠂ ᠼᠧᠮᠧᠨ᠋ᠲ᠂ ᠨᠡᠭᠦᠷᠡᠰᠦ ᠰᠢᠲᠠᠭᠠᠬᠤ ᠵᠤᠤᠬ᠎ᠠ᠎ᠶᠢᠨ ᠬᠡᠳᠤ ᠳᠣᠣᠷ᠎ᠠ ᠭᠠᠳᠠᠭᠰᠢᠯᠠᠭᠤᠯᠤᠯᠲᠠ᠎ᠶᠢᠨ ᠥᠭᠡᠷᠡᠴᠢᠯᠡᠯᠲᠡ᠂ ᠳᠡᠭᠳᠡᠮᠡᠬᠡᠢ ᠴᠢᠨᠠᠷᠲᠠᠢ ᠣᠷᠭᠠᠨᠢᠭ᠋ ᠪᠣᠳᠠᠰ᠎ᠢ ᠶᠡᠷᠦᠩᠬᠡᠢᠯᠡᠨ ᠵᠠᠰᠠᠬᠤ᠎ᠶᠢ ᠲᠦᠯᠬᠢᠨ ᠠᠬᠢᠭᠤᠯᠪᠠ᠃ ᠡᠭᠦᠨ᠎ᠦ ᠬᠠᠮᠲᠤ᠂ ᠡᠰᠢ ᠰᠦᠷᠡᠯ᠎ᠢ ᠬᠠᠮᠢᠶᠠᠷᠤᠨ ᠡᠵᠡᠮᠳᠡᠬᠦ ᠠᠷᠭ᠎ᠠ ᠮᠠᠶᠢᠭ᠋᠎ᠤᠨ ᠰᠢᠨ᠎ᠡ᠎ᠶᠢ ᠡᠭᠦᠳᠬᠦ᠎ᠶᠢ ᠴᠢᠩᠭᠠᠳᠬᠠᠵᠤ ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠰᠢ ᠰᠦᠷᠡᠯ᠎ᠢ ᠵᠠᠳᠠᠭᠠᠢ ᠰᠢᠲᠠᠭᠠᠬᠤ᠎ᠶᠢ ᠴᠠᠭᠠᠵᠠᠯᠠᠬᠤ ᠂ ᠰᠢᠲᠠᠭᠠᠬᠤ᠎ᠶᠢ ᠬᠢᠵᠠᠭᠠᠷᠯᠠᠬᠤ ᠣᠷᠣᠨ ᠪᠦᠰᠡ᠎ᠶᠢ ᠵᠠᠭᠠᠭᠯᠠᠨ ᠲᠣᠭᠲᠠᠭᠠᠬᠤ ᠵᠢᠯᠤᠭᠣᠳᠬᠤ ᠲᠥᠰᠥᠯ ( ᠲᠤᠷᠰᠢᠨ ᠬᠡᠷᠡᠭᠵᠢᠭᠦᠯᠬᠦ ) 》᠎ᠢ ᠨᠠᠢᠷᠠᠭᠤᠯᠤᠨ ᠵᠣᠬᠢᠶᠠᠵᠤ ᠂ ᠡᠰᠢ ᠰᠦᠷᠡᠯ᠎ᠢ ᠲᠥᠯᠥᠪᠯᠡᠭᠡ ᠲᠠᠢ᠎ᠪᠠᠷ ᠵᠠᠳᠠᠭᠠᠢ ᠰᠢᠲᠠᠭᠠᠬᠤ᠎ᠶᠢ ᠬᠠᠮᠢᠶᠠᠷᠤᠨ ᠡᠵᠡᠮᠳᠡᠬᠦ ᠠᠵᠢᠯ᠎ᠢ ᠰᠦᠪᠡᠭᠴᠢᠯᠡᠨ ᠥᠷᠨᠢᠭᠦᠯᠪᠡ᠃ ᠡᠨᠡ ᠵᠢᠯ᠎ᠡᠴᠡ ᠨᠠᠭᠠᠰᠢ ᠂ ᠪᠥᠬᠥ ᠣᠷᠣᠨ᠎ᠳᠤ ᠡᠰᠢ ᠰᠦᠷᠡᠯ᠎ᠢ ᠰᠢᠲᠠᠭᠠᠬᠤ᠎ᠠᠴᠠ ᠪᠣᠯᠤᠭᠰᠠᠨ ᠬᠦᠨᠳᠦ ᠪᠣᠬᠢᠷᠲᠤᠯ᠎ᠲᠠᠢ ᠴᠠᠭ ᠠᠭᠤᠷ ᠭᠠᠷᠤᠭᠰᠠᠨ ᠦᠭᠡᠢ᠃ ᠰᠢᠯᠵᠢᠮᠡᠯ ᠮᠡᠳᠡᠭᠡ ᠬᠣᠯᠪᠣᠭᠠᠨ᠎ᠤ ᠡᠬᠢ ᠰᠤᠷᠪᠤᠯᠵᠢ᠎ᠶᠢ ᠬᠠᠮᠢᠶᠠᠷᠤᠨ ᠡᠵᠡᠮᠳᠡᠬᠦ᠎ᠶᠢ ᠴᠢᠩᠭ᠎ᠠ ᠠᠩᠬᠠᠷᠴᠤ᠂ ᠪᠥᠬᠥ ᠣᠷᠣᠨ᠎ᠤ 664 ᠮᠠᠰᠢᠨᠲᠤ ᠲᠡᠷᠭᠡᠨ᠎ᠦ ᠭᠠᠳᠠᠭᠰᠢᠯᠠᠭᠤᠯᠤᠯᠲᠠ᠎ᠶᠢ ᠰᠢᠯᠭᠠᠨ ᠪᠠᠢᠴᠠᠭᠠᠬᠤ ᠪᠠᠢᠭᠤᠯᠤᠮᠵᠢ᠎ᠳᠤ ᠨᠢᠭᠡᠳ ᠨᠢᠭᠡ᠎ᠪᠡᠷ ᠪᠠᠢᠴᠠᠭᠠᠯᠲᠠ ᠬᠢᠵᠦ᠂ ᠮᠠᠰᠢᠨᠲᠤ ᠲᠡᠷᠭᠡᠨ᠎ᠦ ᠭᠠᠳᠠᠭᠰᠢᠯᠠᠭᠤᠯᠤᠯᠲᠠ᠎ᠶᠢ ᠰᠢᠯᠭᠠᠨ ᠪᠠᠢᠴᠠᠭᠠᠬᠤ ᠬᠦᠷᠢᠶᠡᠨ᠎ᠳᠡᠬᠢ ᠬᠤᠳᠠᠯ ᠬᠡᠯᠡᠵᠦ ᠬᠠᠭᠤᠷᠮᠠᠭ᠎ᠢᠶᠠᠷ ᠵᠣᠬᠢᠶᠠᠬᠤ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ ᠂ ᠲᠦᠷᠦᠭᠦᠬᠡᠨ 422 ᠪᠠᠢᠭᠤᠯᠤᠮᠵᠢ᠎ᠶᠢᠨ ᠪᠠᠢᠴᠠᠭᠠᠯᠲᠠ᠎ᠶᠢ ᠨᠢᠭᠡᠨᠲᠡ ᠪᠡᠶᠡᠯᠡᠭᠦᠯᠦᠭᠰᠡᠨ ᠪᠥᠭᠡᠳ ᠤᠯᠤᠰ᠎ᠤᠨ ᠭᠤᠷᠪᠠᠳᠤᠭᠠᠷ ᠵᠢᠴᠢ ᠲᠡᠭᠦᠨ᠎ᠡᠴᠡ ᠳᠣᠷᠣᠭ᠍ᠰᠢᠬᠢ ᠪᠠᠷᠢᠮᠵᠢᠶᠠᠲᠤ ᠡᠵᠡᠩᠨᠡᠯᠲᠡ᠎ᠶᠢᠨ ᠲᠥᠷᠥᠯ᠎ᠦᠨ ᠴᠠᠢᠶᠢᠦ ᠲᠣᠰᠣᠨ᠎ᠤ ᠪᠠᠷᠠᠭᠠᠨ᠎ᠤ ᠲᠡᠷᠭᠡ᠎ᠶᠢ ᠰᠢᠭᠰᠢᠭᠳᠡᠭᠦᠯᠦᠨ ᠰᠢᠨᠡᠳᠬᠡᠬᠦ᠎ᠶᠢ ᠲᠦᠯᠬᠢᠨ ᠠᠬᠢᠭᠤᠯᠪᠠ᠃
      ᠡᠭᠦᠨ᠎ᠡᠴᠡ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠡᠴᠡ ᠭᠣᠣᠯᠳᠠᠯᠭ᠎ᠠ᠎ᠲᠠᠢ ᠣᠷᠣᠨ ᠪᠦᠰᠡ᠎ᠶᠢᠨ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ᠎ᠶᠢ ᠤᠯᠠᠮ ᠨᠢᠭᠡ ᠠᠯᠬᠤᠮ ᠴᠢᠩᠭᠠᠳᠬᠠᠵᠤ᠂ 《 ᠪᠦᠬᠦᠯᠢ ᠴᠣᠭᠴᠠ᠎ᠶᠢᠨ ᠪᠠᠢᠯᠳᠤᠭᠠᠨ 》 ᠪᠠ 《ᠬᠠᠮᠵᠢᠯᠴᠠᠬᠤ ᠪᠠᠢᠯᠳᠤᠭᠠᠨ 》᠎ᠢ ᠰᠠᠢᠲᠤᠷ ᠬᠢᠬᠦ ᠶᠡᠷᠦᠩᠬᠡᠢ ᠱᠠᠭᠠᠷᠳᠠᠯᠭ᠎ᠠ ᠶᠣᠰᠣᠭᠠᠷ ᠂ 《 ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭᠠᠷ ᠮᠠᠨᠳᠠᠯ᠎ᠤᠨ ᠪᠣᠬᠢᠷᠲᠤᠯ᠎ᠢ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ ᠡᠭᠡᠯᠵᠢ᠎ᠶᠢᠨ ᠠᠵᠢᠯ᠎ᠤᠨ ᠳᠦᠷᠢᠮ (ᠲᠤᠷᠰᠢᠨ

ᠬᠡᠷᠡᠭᠵᠢᠭᠦᠯᠬᠦ )》᠎ᠢ ᠳᠠᠷᠤᠮᠠᠯᠯᠠᠨ ᠲᠠᠷᠬᠠᠭᠠᠵᠤ᠂ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠢ ᠰᠠᠢᠵᠢᠷᠠᠭᠤᠯᠬᠤ ᠨᠥᠬᠥᠪᠦᠷᠢ᠎ᠶᠢᠨ ᠲᠣᠭᠲᠠᠴᠠ᠎ᠶᠢ ᠰᠦᠪᠡᠭᠴᠢᠯᠡᠨ ᠪᠠᠢᠭᠤᠯᠪᠠ ᠃ 1—3 ᠰᠠᠷ᠎ᠠ᠎ᠳᠤ ᠂ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ ᠰᠢᠯᠢᠳᠡᠭ ᠰᠠᠢᠨ ᠡᠳᠦᠷ᠎ᠦᠨ ᠲᠣᠭ᠎ᠠ᠎ᠶᠢᠨ ᠬᠠᠷᠢᠴᠠᠯ 81.5% ᠪᠠᠢᠵᠤ ᠂ ᠠᠳᠠᠯᠢ ᠬᠤᠭᠤᠴᠠᠭᠠᠨ᠎ᠤ ᠬᠢ᠎ᠡᠴᠡ 6.4 ᠵᠠᠭᠤᠨ᠎ᠤ ᠨᠢᠭᠡᠴᠢ ᠳᠡᠭᠡᠭᠰᠢᠯᠡᠵᠦ ᠂ ᠵᠢᠷᠭᠤᠭᠠᠨ ᠵᠦᠢᠯ᠎ᠦᠨ ᠪᠣᠬᠢᠷᠲᠤᠯ ᠪᠣᠳᠠᠰ᠎ᠤᠨ ᠥᠳᠬᠡᠴᠡ᠎ᠶᠢᠨ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ 《 ᠵᠢᠷᠭᠤᠭᠠᠨ ᠪᠠᠭᠤᠷᠠᠯᠲᠠ 》 ᠶ᠋ᠢ ᠪᠡᠶᠡᠯᠡᠭᠦᠯᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号