ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠠᠭᠠᠷ ᠮᠠᠨᠳᠠᠯ᠎ᠤᠨ ᠣᠷᠴᠢᠨ ᠲᠣᠭᠤᠷᠢᠨ᠎ᠤ ᠬᠠᠮᠢᠶᠠᠷᠤᠯᠲᠠ
ᠰᠡᠳᠬᠢᠯ᠎ᠢᠶᠡᠨ ᠨᠢᠭᠡᠳᠬᠡᠨ ᠬᠦᠴᠦᠨ᠎ᠢᠶᠡᠨ ᠬᠠᠮᠲᠤᠳᠬᠠᠵᠤ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠨ ᠡᠷᠡᠮᠡᠬᠡᠢᠯᠡᠨ ᠤᠷᠤᠭᠰᠢᠯᠠᠵᠤ ᠰᠢᠨ᠎ᠡ ᠬᠠᠭᠤᠳᠠᠰᠤ᠎ᠶᠢ ᠪᠢᠴᠢᠭᠯᠡᠨᠡᠮ ︱ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠶ᠎ᠠ
ᠨᠡᠶ᠋ᠢᠲᠡᠯᠡᠭᠰᠡᠨ ᠴᠠᠭ᠄ 2025-12-03

      ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠠᠴᠠ 《 ᠡᠬᠢ ᠡᠭᠦᠰᠦᠯ᠎ᠡᠴᠡ ᠨᠢ ᠵᠠᠰᠠᠬᠤ᠎ᠶᠢ ᠨᠡᠩ ᠴᠢᠬᠤᠯᠠᠴᠢᠯᠠᠵᠤ᠂ ᠪᠣᠬᠢᠷᠲᠤᠯ᠎ᠢ ᠪᠠᠭᠠᠰᠬᠠᠵᠤ ᠨᠡᠭᠦᠷᠡᠰᠦᠲᠥ᠋ᠷᠥᠭᠴᠢ᠎ᠶᠢ ᠪᠠᠭᠠᠰᠬᠠᠬᠤ᠎ᠶᠢ ᠬᠠᠮᠵᠢᠯᠴᠠᠭᠤᠯᠬᠤ᠂ ᠤᠯᠠᠨ ᠪᠣᠬᠢᠷᠲᠤᠯ ᠪᠣᠳᠠᠰ᠎ᠢ ᠡᠵᠡᠮᠳᠡᠬᠦ᠎ᠶᠢ ᠬᠠᠮᠵᠢᠯᠴᠠᠭᠤᠯᠬᠤ᠂ ᠣᠷᠣᠨ ᠪᠦᠰᠡ᠎ᠶᠢᠨ ᠵᠠᠰᠠᠯᠲᠠ᠎ᠶᠢ ᠬᠠᠮᠵᠢᠯᠴᠠᠭᠤᠯᠬᠤ᠎ᠶᠢ ᠴᠢᠩᠭᠠᠳᠬᠠᠵᠤ᠂ ᠬᠥᠬᠡ ᠣᠭᠲᠠᠷᠭᠤᠢ᠂ ᠴᠡᠩᠬᠡᠷ ᠤᠰᠤ᠂ ᠴᠡᠪᠡᠷ ᠬᠥᠷᠥᠰᠥ᠎ᠶᠢ ᠬᠠᠮᠠᠭᠠᠯᠠᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠬᠦ ᠬᠡᠷᠡᠭᠲᠡᠢ 》 ᠭᠡᠵᠦ ᠳᠤᠷᠠᠳᠴᠤ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭᠠᠨ᠎ᠤ ᠠᠭᠠᠷ ᠮᠠᠨᠳᠠᠯ᠎ᠤᠨ ᠣᠷᠴᠢᠨ ᠲᠣᠭᠣᠷᠢᠨ᠎ᠢ ᠵᠠᠰᠠᠬᠤ᠎ᠳᠤ ᠴᠢᠭᠯᠡᠯ᠎ᠢ ᠲᠣᠳᠣᠷᠬᠠᠢ ᠵᠢᠭᠠᠵᠤ ᠥᠭᠴᠡᠢ᠃
      ᠠᠷᠪᠠᠨ ᠳᠥᠷᠪᠡᠳᠦᠭᠡᠷ ᠲᠠᠪᠤᠨ ᠵᠢᠯ᠎ᠦᠨ ᠲᠥᠯᠦᠪᠵᠢᠭᠦᠯᠭᠡ᠎ᠡᠴᠡ ᠨᠠᠭᠠᠰᠢ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲᠧᠮ᠎ᠦᠨ ᠬᠢᠨ ᠳᠡᠭᠡᠳᠦ ᠬᠡᠮᠵᠢᠶᠡᠨ᠎ᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠡᠷ ᠬᠥᠬᠡ ᠣᠭᠲᠠᠷᠭᠤᠢ᠎ᠶᠢ ᠬᠠᠮᠠᠭᠠᠯᠠᠬᠤ ᠳᠠᠢᠯᠠᠯᠳᠤᠭᠠᠨ᠎ᠢ ᠭᠦᠨᠵᠡᠭᠡᠢ ᠬᠢᠵᠦ᠂ ᠪᠥᠬᠥ ᠣᠷᠣᠨ᠎ᠤ 96%᠎ᠶᠢᠨ ᠢᠯᠴᠢ᠎ᠶᠢᠨ ᠴᠠᠬᠢᠯᠭᠠᠨ᠎ᠤ ᠮᠠᠰᠢᠨ ᠴᠣᠭᠴᠠᠯᠠᠪᠤᠷᠢ᠂ 71%᠎ᠶᠢᠨ ᠪᠦᠳᠦᠭᠦᠯᠢᠭ ᠪᠣᠯᠣᠳ ᠦᠢᠯᠡᠳᠪᠦᠷᠢᠯᠡᠬᠦ ᠴᠢᠳᠠᠪᠤᠷᠢ᠎ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ᠎ᠶᠢᠨ ᠥᠭᠡᠷᠡᠴᠢᠯᠡᠯᠲᠡ᠎ᠶᠢ ᠪᠡᠶᠡᠯᠡᠭᠦᠯᠵᠦ᠂ 4 ᠪᠣᠯᠣᠳ ᠲᠡᠮᠦᠷ᠂ ᠴᠠᠬᠢᠯᠭᠠᠨ ᠵᠠᠳᠠᠯᠤᠯ᠎ᠤᠨ ᠬᠥᠩᠭᠡᠨ ᠴᠠᠭᠠᠨ᠎ᠤ ᠠᠵᠤ ᠠᠬᠤᠢᠯᠠᠯ᠎ᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠮᠵᠢᠯᠲᠠ ᠪᠦᠲᠦᠮᠵᠢ᠎ᠶᠢᠨ A ᠲᠠᠰ᠎ᠤᠨ ᠠᠵᠤ ᠠᠬᠤᠢᠯᠠᠯ᠎ᠢ ᠠᠮᠵᠢᠯᠲᠠ᠎ᠲᠠᠢ ᠡᠭᠦᠳᠦᠨ ᠪᠠᠶ᠋ᠢᠭᠤᠯᠬᠤ᠎ᠶᠢ ᠲᠦᠯᠬᠢᠨ ᠠᠬᠢᠭᠤᠯᠵᠤ᠂ 《 ᠥᠪᠡᠷᠲᠡᠭᠡᠨ ᠵᠠᠰᠠᠬᠤ ᠣᠷᠣᠨ ︱ ᠠᠢᠮᠠᠭ ᠬᠣᠲᠠ ︱ ᠬᠣᠰᠢᠭᠤ ᠰᠢᠶᠠᠨ ︱ ᠠᠵᠤ ᠠᠬᠤᠢᠯᠠᠯ 》᠎ᠤᠨ ᠳᠥᠷᠪᠡᠨ ᠱᠠᠲᠤᠨ᠎ᠤ ᠬᠦᠨᠳᠦ ᠪᠣᠬᠢᠷᠲᠤᠯ᠎ᠤᠨ ᠪᠠᠴᠢᠮ ᠪᠠᠢᠳᠠᠯ᠎ᠢ ᠠᠷᠭᠠᠴᠠᠬᠤ ᠪᠡᠯᠡᠳᠬᠡᠯ ᠲᠥᠰᠥᠯ᠎ᠦᠨ ᠰᠢᠰᠲᠧᠮᠵᠢ᠎ᠶᠢ ᠪᠠᠢᠭᠤᠯᠤᠨ᠂ ᠬᠥᠬᠡᠬᠣᠲᠠ ᠪᠤᠭᠤᠲᠤ ᠣᠷᠳᠣᠰ᠂ ᠦᠬᠠᠢ ᠬᠣᠲᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭᠠᠷ ᠮᠠᠨᠳᠠᠯ᠎ᠤᠨ ᠪᠣᠬᠢᠷᠲᠤᠯ᠎ᠢ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ᠎ᠶᠢ ᠴᠢᠩᠭᠠᠷᠠᠭᠤᠯᠤᠨ᠂ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠬᠤ᠎ᠶᠢ ᠠᠬᠢᠭᠤᠯᠪᠠ᠃ 2025 ᠣᠨ᠎ᠤ 1 ︱ 10 ᠰᠠᠷ᠎ᠠ᠎ᠳᠤ᠂ ᠪᠥᠬᠥ ᠣᠷᠣᠨ᠎ᠤ ᠰᠢᠯᠢᠳᠡᠭ ᠡᠳᠦᠷ᠎ᠦᠨ ᠲᠣᠭ᠎ᠠ᠎ᠶᠢᠨ ᠬᠠᠷᠢᠴᠠᠯ 91.8% ᠪᠠᠢᠵᠤ᠂ 2020 ᠣᠨ᠎ᠤ ᠠᠳᠠᠯᠢ ᠬᠤᠭᠤᠴᠠᠭᠠᠨ᠎ᠤ ᠬᠢ᠎ᠡᠴᠡ 1.7 ᠵᠠᠭᠤᠨ᠎ᠤ ᠨᠢᠭᠡᠴᠢ ᠳᠡᠭᠡᠭᠰᠢᠯᠡᠵᠦ ᠂ ᠵᠢᠷᠭᠤᠭᠠᠨ ᠵᠦᠢᠯ᠎ᠦᠨ ᠪᠣᠬᠢᠷᠲᠤᠯ ᠪᠣᠳᠠᠰ᠎ᠤᠨ ᠥᠳᠬᠡᠴᠡ ᠴᠥᠮ ᠠᠳᠠᠯᠢ ᠬᠤᠭᠤᠴᠠᠭᠠᠨ᠎ᠤ ᠬᠢ᠎ᠡᠴᠡ ᠪᠠᠭᠤᠷᠠᠪᠠ᠃ ᠡᠭᠦᠨ᠎ᠳᠦ ᠂ ᠪᠥᠬᠥ ᠣᠷᠣᠨ᠎ᠤ PM2.5 ᠵᠢᠨ ᠥᠳᠬᠡᠴᠡ 21 ᠮᠢᠺᠷᠥᠭ᠌ᠷᠠᠮ/ᠪᠣᠰᠣᠭ᠎ᠠ ᠳᠥᠷᠪᠡᠯᠵᠢᠨ ᠮᠧᠲᠷ᠂ ᠦᠬᠠᠢ ᠬᠣᠲᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ PM2.5 ᠵᠢᠨ ᠥᠳᠬᠡᠴᠡ 22 ᠮᠢᠺᠷᠥᠭ᠌ᠷᠠᠮ/ᠪᠣᠰᠣᠭ᠎ᠠ ᠳᠥᠷᠪᠡᠯᠵᠢᠨ ᠮᠧᠲᠷ ᠪᠠᠢᠵᠤ᠂ ᠬᠣᠶᠠᠷ ᠵᠦᠢᠯ᠎ᠦᠨ ᠭᠦᠢᠴᠡᠳᠬᠡᠯ ᠲᠣᠭ᠎ᠠ ᠨᠢ ᠴᠥᠮ ᠳᠡᠯᠡᠬᠡᠢ᠎ᠶᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶᠢᠨ ᠰᠢᠯᠵᠢᠯᠲᠡ᠎ᠶᠢᠨ ᠬᠤᠭᠤᠴᠠᠭᠠᠨ᠎ᠤ ᠬᠣᠶᠠᠳᠤᠭᠠᠷ ᠱᠠᠲᠤᠨ᠎ᠤ ᠬᠠᠷᠠᠯᠲᠠ᠎ᠶᠢᠨ ᠬᠡᠮᠵᠢᠭᠳᠡᠯ᠎ᠳᠦ ᠬᠦᠷᠴᠦ᠂ ᠲᠡᠦᠬᠡ᠎ᠶᠢᠨ ᠠᠳᠠᠯᠢ ᠬᠤᠭᠤᠴᠠᠭᠠᠨ᠎ᠤ ᠬᠠᠮᠤᠭ᠎ᠤᠨ ᠰᠠᠢᠨ ᠬᠢᠷᠢ ᠲᠦᠪᠰᠢᠨ᠎ᠢ ᠡᠭᠦᠳᠪᠡ᠃
      《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠦᠪᠵᠢᠭᠦᠯᠭᠡ᠎ᠶᠢ ᠪᠠᠷᠠᠯᠠᠬᠤᠶ᠎ᠠ᠂ ᠪᠢᠳᠡ PM2.5᠎ᠶᠢᠨ ᠥᠳᠬᠡᠴᠡ᠎ᠶᠢ ᠪᠠᠭᠤᠷᠠᠭᠤᠯᠬᠤ᠎ᠪᠠᠷ ᠭᠣᠣᠯ ᠱᠤᠭᠤᠮ ᠪᠣᠯᠭᠠᠵᠤ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠢ ᠪᠦᠲᠦᠭᠡᠨ ᠪᠠᠶ᠋ᠢᠭᠤᠯᠬᠤ ᠬᠠᠷᠠᠯᠲᠠ᠎ᠶᠢ ᠬᠠᠷᠭᠤᠭᠤᠯᠵᠤ᠂ ᠭᠣᠣᠯᠳᠠᠯᠭ᠎ᠠ᠎ᠲᠠᠢ ᠣᠷᠣᠨ ᠪᠦᠰᠡ᠂ ᠭᠣᠣᠯᠳᠠᠯᠭ᠎ᠠ᠎ᠲᠠᠢ ᠬᠦᠷᠢᠶ᠎ᠡ᠂ ᠭᠣᠣᠯᠳᠠᠯᠭ᠎ᠠ᠎ᠲᠠᠢ ᠠᠵᠢᠯ ᠲᠦᠷᠦᠯ᠎ᠦᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ᠎ᠶᠢ ᠬᠦᠴᠦᠯᠡᠨ ᠴᠢᠩᠭᠠᠳᠬᠠᠵᠤ᠂ ᠬᠥᠬᠡ ᠣᠭᠲᠠᠷᠭᠤᠢ ᠴᠠᠭᠠᠨ ᠡᠭᠦᠯᠡ᠂ ᠤᠳᠤᠨ ᠮᠡᠴᠢᠳ ᠭᠢᠯᠠᠯᠵᠠᠬᠤ᠎ᠶᠢ ᠬᠡᠪ᠎ᠦᠨ ᠪᠠᠢᠳᠠᠯ ᠪᠣᠯᠭᠠᠨ᠎ᠠ᠃
      ᠨᠢᠭᠡ᠎ᠳᠦ᠂ ᠡᠬᠢ ᠡᠭᠦᠰᠦᠯ᠎ᠡᠴᠡ ᠨᠢ ᠰᠡᠷᠭᠡᠢᠯᠡᠨ ᠡᠵᠡᠮᠳᠡᠬᠦ᠎ᠶᠢ ᠪᠠᠷᠢᠮᠲᠠᠯᠠᠵᠤ᠂ ᠤᠯᠤᠰ᠎ᠤᠨ ᠠᠵᠤ ᠦᠢᠯᠡᠰ᠂ ᠡᠨᠧᠷᠭᠢ᠂ ᠵᠠᠮ ᠲᠡᠭᠡᠭᠡᠪᠦᠷᠢ᠎ᠶᠢᠨ ᠪᠦᠲᠦᠴᠡ᠎ᠶᠢᠨ ᠲᠣᠬᠢᠷᠠᠭᠤᠯᠤᠯᠲᠠ ᠵᠡᠷᠭᠡ ᠲᠠᠯ᠎ᠠ᠎ᠶᠢᠨ ᠴᠢᠬᠤᠯᠠ ᠶᠡᠬᠡ ᠲᠦᠷᠦ᠎ᠶᠢᠨ ᠪᠣᠳᠣᠯᠭ᠎ᠠ᠎ᠶᠢ ᠭᠦᠢᠴᠡᠳ ᠰᠠᠢᠲᠤᠷ ᠬᠡᠷᠡᠭᠯᠡᠵᠦ᠂ ᠪᠣᠬᠢᠷᠲᠤᠯ᠎ᠢ ᠪᠠᠭᠠᠰᠬᠠᠵᠤ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠢ ᠪᠠᠭᠠᠰᠬᠠᠬᠤ᠎ᠶᠢ ᠬᠠᠮᠵᠢᠯᠴᠠᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠤᠨ᠎ᠠ᠃
      ᠬᠣᠶᠠᠷ᠎ᠲᠤ᠂ ᠭᠣᠣᠯᠳᠠᠯᠭ᠎ᠠ᠎ᠲᠠᠢ ᠠᠵᠢᠯ ᠲᠦᠷᠦᠯ᠎ᠦᠨ ᠪᠣᠬᠢᠷᠲᠤᠯ᠎ᠢ ᠵᠠᠰᠠᠬᠤ᠎ᠶᠢ ᠴᠢᠩᠭᠠᠳᠬᠠᠵᠤ᠂ ᠪᠣᠯᠣᠳ ᠲᠡᠮᠦᠷ᠂ ᠼᠧᠮᠧᠨ᠋ᠲ ᠵᠡᠷᠭᠡ ᠠᠵᠢᠯ ᠲᠦᠷᠦᠯ᠎ᠦᠨ ᠬᠡᠳᠤ ᠳᠣᠣᠷ᠎ᠠ ᠭᠠᠳᠠᠭᠰᠢᠯᠠᠭᠤᠯᠤᠯᠲᠠ᠎ᠶᠢᠨ ᠥᠭᠡᠷᠡᠴᠢᠯᠡᠯᠲᠡ ᠪᠣᠯᠣᠨ ᠬᠢᠮᠢ᠎ᠶᠢᠨ ᠠᠵᠤ ᠦᠢᠯᠡᠳᠪᠦᠷᠢ᠂ ᠢᠰᠬᠡᠯᠲᠡ ᠵᠡᠷᠭᠡ ᠠᠵᠢᠯ ᠲᠦᠷᠦᠯ᠎ᠦᠨ ᠳᠡᠭᠳᠡᠮᠡᠬᠡᠢ ᠴᠢᠨᠠᠷᠲᠠᠢ ᠣᠷᠭᠠᠨᠢᠭ᠋ ᠪᠣᠳᠠᠰ᠎ᠢ ᠶᠡᠷᠦᠩᠬᠡᠢᠯᠡᠨ ᠵᠠᠰᠠᠬᠤ᠎ᠶᠢ ᠭᠦᠨᠵᠡᠭᠡᠢ ᠬᠡᠷᠡᠭᠵᠢᠭᠦᠯᠵᠦ᠂ ᠳᠣᠣᠷ᠎ᠠ VOCs ᠎ᠤᠨ ᠤᠭ ᠮᠠᠲᠧᠷᠢᠶᠠᠯ ᠲᠤᠰᠠᠯᠠᠬᠤ ᠮᠠᠲᠧᠷᠢᠶᠠᠯ᠎ᠢ ᠡᠬᠢ ᠡᠭᠦᠰᠦᠯ᠎ᠡᠴᠡ ᠨᠢ ᠣᠷᠣᠯᠠᠭᠤᠯᠬᠤ᠎ᠶᠢ ᠶᠡᠬᠡ᠎ᠪᠡᠷ ᠠᠬᠢᠭᠤᠯᠵᠤ᠂ ᠤᠯᠠᠮᠵᠢᠯᠠᠯᠲᠤ ᠠᠵᠤ ᠦᠢᠯᠡᠰ᠎ᠦᠨ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠬᠦ᠎ᠶᠢ ᠲᠦᠷᠭᠡᠳᠬᠡᠨ᠎ᠡ᠃
      ᠭᠤᠷᠪᠠ᠎ᠳᠤ᠂ ᠭᠣᠣᠯᠳᠠᠯᠭ᠎ᠠ᠎ᠲᠠᠢ ᠣᠷᠣᠨ ᠪᠦᠰᠡ᠎ᠶᠢᠨ ᠪᠣᠬᠢᠷᠲᠤᠯ᠎ᠢ ᠵᠠᠰᠠᠬᠤ ᠡᠷᠴᠢᠮ᠎ᠢᠶᠡᠨ ᠴᠢᠩᠭᠠᠷᠠᠭᠤᠯᠵᠤ ᠂ ᠬᠥᠬᠡᠬᠣᠲᠠ ᠪᠤᠭᠤᠲᠤ ᠣᠷᠳᠣᠰ᠂ ᠦᠬᠠᠢ ᠬᠣᠲᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭᠠᠷ ᠮᠠᠨᠳᠠᠯ᠎ᠤᠨ ᠪᠣᠬᠢᠷᠲᠤᠯ᠎ᠢ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ᠎ᠶᠢ ᠲᠠᠰᠤᠷᠠᠯᠲᠠ ᠦᠭᠡᠢ ᠭᠦᠨᠵᠡᠭᠡᠢᠷᠡᠭᠦᠯᠦᠨ᠂ ᠭᠣᠣᠯᠳᠠᠯᠭ᠎ᠠ᠎ᠲᠠᠢ ᠠᠵᠢᠯ ᠲᠥᠷᠥᠯ᠎ᠦᠨ ᠠᠵᠢᠯ᠎ᠤᠨ ᠠᠮᠵᠢᠯᠲᠠ ᠪᠦᠲᠦᠮᠵᠢ᠎ᠶᠢᠨ ᠲᠠᠰ ᠬᠤᠪᠢᠶᠠᠭᠰᠠᠨ ᠬᠠᠮᠢᠶᠠᠷᠤᠯᠲᠠ᠎ᠶᠢ ᠴᠢᠩᠭᠠᠳᠬᠠᠵᠤ᠂ ᠨᠠᠩ ᠣᠯᠠᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠤᠨ ᠠᠮᠵᠢᠯᠲᠠ ᠪᠦᠲᠦᠮᠵᠢ᠎ᠶᠢᠨ A ᠲᠠᠰ᠎ᠤᠨ ᠠᠵᠤ ᠠᠬᠤᠢᠯᠠᠯ᠎ᠢ ᠴᠢᠷᠮᠠᠢᠨ ᠡᠭᠦᠳᠦᠨ ᠪᠠᠢᠭᠤᠯᠵᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠦᠨᠳᠦᠰᠦᠨ᠎ᠳᠡᠭᠡᠨ ᠠᠷᠢᠯᠭᠠᠨ᠎ᠠ᠃
      ᠳᠥᠷᠪᠡ᠎ᠳᠦ᠂ ᠬᠢᠨᠠᠨ ᠬᠡᠮᠵᠢᠵᠦ ᠬᠢᠨᠠᠨ ᠡᠵᠡᠮᠳᠡᠬᠦ ᠰᠢᠰᠲᠧᠮ᠎ᠢ ᠲᠡᠭᠦᠯᠳᠡᠷᠵᠢᠭᠦᠯᠵᠦ᠂ ᠳᠠᠭᠤ ᠱᠤᠤᠭᠢᠶᠠᠨ᠂ ᠢᠳᠡᠭᠡᠨ ᠤᠮᠳᠠᠭᠠᠨ᠎ᠤ ᠲᠤᠰᠤᠨ ᠤᠳᠤᠭ᠎ᠠ᠂ ᠦᠮᠡᠬᠡᠢ ᠦᠨᠦᠷ᠎ᠦᠨ ᠪᠣᠬᠢᠷᠲᠤᠯ᠎ᠢ ᠬᠠᠮᠢᠶᠠᠷᠤᠨ ᠡᠵᠡᠮᠳᠡᠬᠦ ᠡᠷᠴᠢᠮ᠎ᠢᠶᠡᠨ ᠴᠢᠩᠭᠠᠷᠠᠭᠤᠯᠵᠤ᠂ ᠠᠷᠠᠳ ᠤᠯᠠᠨ᠎ᠤ ᠳᠡᠷᠭᠡᠳᠡᠬᠢ ᠣᠷᠴᠢᠨ ᠲᠣᠭᠣᠷᠢᠨ᠎ᠤ ᠠᠰᠠᠭᠤᠳᠠᠯ᠎ᠢ ᠬᠦᠴᠦᠯᠡᠨ ᠰᠠᠢᠲᠤᠷ ᠰᠢᠢᠳᠪᠦᠷᠢᠯᠡᠨ᠎ᠡ᠃
      ᠲᠠᠪᠤ᠎ᠳᠤ᠂ ᠰᠢᠨᠵᠢᠯᠡᠬᠦ ᠤᠬᠠᠭᠠᠨ ᠮᠡᠷᠭᠡᠵᠢᠯ᠎ᠦᠨ ᠲᠤᠯᠭᠠᠭᠤᠷᠢᠯᠠᠯ᠎ᠢ ᠴᠢᠩᠭᠠᠳᠬᠠᠵᠤ᠂ ᠲᠤᠭᠠᠴᠢᠯᠠᠯᠳᠠ᠎ᠪᠠᠷ ᠴᠢᠳᠠᠪᠤᠷᠢ ᠣᠯᠭᠣᠬᠤ᠎ᠶᠢ ᠴᠢᠩᠭᠠᠳᠬᠠᠵᠤ᠂ ᠣᠶᠤᠨᠴᠢᠯᠠᠭᠰᠠᠨ ᠬᠢᠨᠠᠨ ᠬᠠᠮᠢᠶᠠᠷᠤᠯᠲᠠ᠎ᠶᠢᠨ ᠴᠢᠳᠠᠪᠤᠷᠢ᠎ᠶᠢ ᠳᠡᠭᠡᠭᠰᠢᠯᠡᠭᠦᠯᠵᠦ᠂ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠤᠨ ᠰᠢᠨᠵᠢᠯᠡᠬᠦ ᠤᠬᠠᠭᠠᠨᠴᠢᠯᠠᠯᠲᠠ᠂ ᠣᠨᠣᠪᠴᠢᠵᠢᠭᠤᠯᠤᠯᠲᠠ᠎ᠶᠢᠨ ᠲᠦᠪᠰᠢᠨ᠎ᠢ ᠳᠡᠭᠡᠭᠰᠢᠯᠡᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号