ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠬᠥᠷᠥᠰᠥ᠍ ᠰᠢᠷᠣᠢ ᠪᠠ ᠰᠠᠴᠤᠷᠠᠭ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠨᠠᠷ ᠥᠪᠡᠷᠲᠡᠭᠡᠨ ᠵᠠᠰᠠᠬᠤ ᠣᠷᠣᠨ᠎ᠤ ᠴᠥᠮ᠎ᠡ ᠵᠢᠨ ᠪᠠ ᠰᠠᠴᠤᠷᠠᠭ᠎ᠢ ᠬᠢᠨᠠᠨ ᠬᠡᠮᠵᠢᠬᠦ ᠲᠥᠪ᠎ᠲᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠢᠪᠡ
ᠨᠡᠶ᠋ᠢᠲᠡᠯᠡᠭᠰᠡᠨ ᠴᠠᠭ᠄ 2023-09-11

      8 ᠰᠠᠷ᠎ᠠ ᠵᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠨᠠᠷ ᠥᠪᠡᠷᠲᠡᠭᠡᠨ ᠵᠠᠰᠠᠬᠤ ᠣᠷᠣᠨ᠎ᠤ ᠴᠥᠮ᠎ᠡ ᠪᠣᠯᠣᠨ ᠰᠠᠴᠤᠷᠠᠭ᠎ᠢ ᠬᠢᠨᠠᠨ ᠬᠡᠮᠵᠢᠬᠦ ᠲᠥᠪ᠎ᠲᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠢᠵᠦ᠂ ᠲᠤᠷᠰᠢᠯᠲᠠ ᠵᠢᠨ ᠲᠠᠰᠤᠭ᠎ᠢ ᠪᠠᠢ᠌ᠴᠠᠭ᠋ᠠᠨ ᠦᠵᠡᠵᠦ᠂ ᠥᠪᠡᠷᠲᠡᠭᠡᠨ ᠵᠠᠰᠠᠬᠤ ᠣᠷᠣᠨ᠎ᠤ ᠴᠥᠮ᠎ᠡ ᠪᠣᠯᠣᠨ ᠰᠠᠴᠤᠷᠠᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢ ᠬᠢᠨᠠᠨ ᠬᠡᠮᠵᠢᠵᠦ ᠲᠣᠬᠢᠷᠠᠭᠤᠯᠬᠤ ᠲᠠᠪᠴᠠᠩ ᠵᠢᠴᠢ ᠰᠠᠴᠤᠷᠠᠭ ᠢᠳᠡᠪᠬᠢ ᠬᠠᠶᠠᠭᠳᠠᠮᠠᠯ ᠪᠣᠳᠠᠰ᠎ᠤᠨ ᠬᠥᠮᠥᠷᠭᠡ ᠵᠢᠨ ᠠᠯᠤᠰ᠎ᠠᠴᠠ ᠬᠠᠮᠢᠶᠠᠷᠴᠤ ᠬᠢᠨᠠᠨ ᠡᠵᠡᠮᠳᠡᠬᠦ ᠰᠢᠰᠲ᠋ᠧᠮ᠎ᠳᠤ ᠪᠠᠢ᠌ᠴᠠᠭ᠋ᠠᠨ ᠰᠤᠳᠤᠯᠤᠯᠲᠠ ᠬᠢᠵᠦ᠂ ᠰᠠᠴᠤᠷᠠᠭ᠎ᠢ ᠬᠢᠨᠠᠨ ᠬᠡᠮᠵᠢᠬᠦ ᠲᠥᠪ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠠᠢ᠃

      ᠶᠠᠷᠢᠯᠴᠠᠬᠤ ᠬᠤᠷᠠᠯ ᠳᠡᠭᠡᠷ᠎ᠡ᠂ ᠸᠠᠩ ᠸᠠᠩ ᠱᠧᠩ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠢ ᠬᠢᠨᠠᠨ ᠬᠡᠮᠵᠢᠬᠦ ᠲᠥᠪ᠎ᠤᠨ ᠥᠷᠭᠡᠨ ᠤᠯᠠᠨ ᠺᠠᠳ᠋ᠷ ᠠᠵᠢᠯᠲᠠᠳ᠎ᠲᠠᠢ ᠳᠣᠲᠣᠨᠣ᠎ᠪᠠᠷ ᠶᠠᠷᠢᠯᠴᠠᠵᠤ᠂ ᠰᠠᠴᠤᠷᠠᠭ᠎ᠢ ᠬᠢᠨᠠᠨ ᠬᠡᠮᠵᠢᠬᠦ ᠲᠥᠪ᠎ᠤᠨ ᠡᠯ᠎ᠡ ᠵᠦᠢ᠍ᠯ᠎ᠤᠨ ᠠᠵᠢᠯ ᠵᠢᠴᠢ ᠪᠦᠬᠦ ᠣᠷᠣᠨ᠎ᠤ ᠴᠥᠮ᠎ᠡ ᠵᠢᠨ ᠪᠠ ᠰᠠᠴᠤᠷᠠᠭ᠎ᠤᠨ ᠠᠮᠤᠷ ᠲᠦᠪᠰᠢᠨ᠎ᠢ ᠪᠠᠲᠤᠯᠠᠬᠤ ᠬᠢᠨᠠᠨ ᠬᠠᠮᠢᠶᠠᠷᠤᠯᠲᠠ ᠵᠢᠨ ᠠᠵᠢᠯ᠎ᠤᠨ ᠦᠷ᠎ᠡ ᠪᠦᠲᠦᠭᠡᠯ᠎ᠢ ᠭᠦᠢ᠍ᠴᠡᠳ ᠨᠤᠲᠠᠯᠠᠪᠠ᠃

      ᠸᠠᠩ ᠸᠠᠩ ᠱᠧᠩ᠂ ᠰᠠᠴᠤᠷᠠᠭ᠎ᠢ ᠬᠢᠨᠠᠨ ᠬᠡᠮᠵᠢᠬᠦ ᠲᠥᠪ᠎ᠤᠨ᠎ᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ 《ᠲᠠᠪᠤᠨ ᠶᠡᠬᠡ ᠡᠭᠦᠷᠭᠡ》 ᠵᠢ ᠬᠦᠴᠦ᠎ᠪᠠᠨ ᠲᠥᠪᠯᠡᠷᠡᠭᠦᠯᠦᠨ ᠨᠠᠢ᠌ᠳᠠᠪᠤᠷᠢᠵᠢᠭᠤᠯᠬᠤ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠠᠢ᠌ᠭᠤᠯᠬᠤ ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠨᠠᠢ᠌ᠳᠠᠪᠤᠷᠢᠵᠢᠭᠤᠯᠵᠤ᠂ ᠴᠥᠮ᠎ᠡ ᠵᠢᠨ ᠪᠠ ᠰᠠᠴᠤᠷᠠᠭ᠎ᠤᠨ ᠠᠮᠤᠷ ᠲᠦᠪᠰᠢᠨ᠎ᠤ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠡᠭᠦᠷᠭᠡᠯᠡᠬᠦ ᠬᠡᠷᠡᠭᠲᠡᠢ᠃ ᠠᠶᠤᠯᠭᠦᠢ ᠦᠢ᠍ᠯᠡᠳᠪᠦᠷᠢᠯᠡᠯ᠎ᠤᠨ ᠬᠣᠷᠢᠭ᠎ᠠ ᠱᠤᠭᠤᠮ᠎ᠤᠨ ᠰᠡᠳᠬᠢᠬᠦᠢ ᠪᠠ ᠤᠯᠠᠭ᠋ᠠᠨ ᠱᠤᠭᠤᠮ᠎ᠤᠨ ᠤᠬᠠᠮᠰᠠᠷ᠎ᠢ ᠪᠠᠲᠤ ᠪᠤᠢ ᠪᠣᠯᠭ᠋ᠠᠵᠤ᠂ ᠬᠠᠷᠢᠭᠤᠴᠠᠯᠭ᠎ᠠ ᠵᠢᠨ ᠰᠢᠰᠲ᠋ᠧᠮ᠎ᠢ ᠴᠢᠨᠠᠭᠰᠢᠳᠠ ᠴᠢᠩᠭ᠋ᠠᠳᠬᠠᠵᠤ᠂ ᠠᠮᠤᠷ ᠲᠦᠪᠰᠢᠨ᠎ᠤ ᠬᠡᠮ ᠰᠣᠭᠣᠭ᠎ᠢ ᠶᠡᠬᠡᠪᠡᠷ ᠪᠠᠢ᠌ᠴᠠᠭ᠋ᠠᠵᠤ ᠶᠡᠬᠡᠪᠡᠷ ᠴᠡᠭᠴᠡᠯᠡᠨ ᠵᠠᠰᠠᠬᠤ ᠵᠢ ᠴᠢᠩᠭ᠎ᠠ ᠨᠠᠷᠢᠨ ᠪᠣᠳᠠᠲᠠᠢ ᠰᠠᠶ᠋ᠢᠲᠤᠷ ᠠᠳᠬᠤᠬᠤ ᠬᠡᠷᠡᠭᠲᠡᠢ᠃ ᠬᠥᠮᠥᠷᠭᠡ ᠵᠢ ᠬᠦᠴᠦᠨ ᠦᠭᠡᠢ ᠪᠣᠯᠭ᠋ᠠᠬᠤ ᠪᠣᠯ ᠪᠥᠬᠥ ᠣᠷᠣᠨ᠎ᠤ ᠴᠢᠬᠤᠯᠠ ᠠᠮᠤᠷ ᠲᠦᠪᠰᠢᠨ᠎ᠤ ᠲᠦᠭᠰᠢᠭᠦᠷᠢ ᠵᠢᠨ ᠴᠡᠭ ᠮᠥᠨ᠂ ᠡᠷᠬᠡᠪᠰᠢ ᠴᠠᠭ ᠢᠮᠠᠭᠲᠠ ᠳᠡᠭᠡᠳᠦ ᠬᠡᠮᠵᠢᠶᠡᠨ᠎ᠤ ᠰᠣᠨᠣᠷ ᠰᠡᠷᠡᠮᠵᠢ᠎ᠲᠠᠢ ᠪᠠᠢ᠌ᠵᠤ᠂ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠎ᠳᠤ ᠲᠦᠰᠢᠭᠯᠡᠬᠦ ᠨᠢᠭᠡᠳᠦᠭᠡᠷ ᠬᠠᠷᠢᠭᠤᠴᠠᠯᠭ᠎ᠠ ᠵᠢ ᠪᠣᠳᠠᠲᠠᠢ᠎ᠪᠠᠷ ᠨᠠᠢ᠌ᠳᠠᠪᠤᠷᠢᠵᠢᠭᠤᠯᠤᠨ᠂ ᠴᠥᠭᠥᠷᠥᠮ᠎ᠤᠨ ᠣᠷᠣᠨ᠎ᠤ ᠬᠠᠮᠢᠶᠠᠷᠤᠯᠲᠠ ᠵᠢᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠴᠥᠮ᠎ᠡ ᠬᠢᠭᠡᠳ ᠰᠠᠴᠤᠷᠠᠭ᠎ᠤᠨ 《ᠠᠮᠤᠷ ᠲᠦᠪᠰᠢᠨ᠎ᠤ ᠪᠣᠭᠣᠮᠲᠠ》 ᠵᠢ ᠦᠨᠡᠨᠬᠦ ᠰᠠᠶ᠋ᠢᠲᠤᠷ ᠡᠵᠡᠮᠳᠡᠬᠦ ᠬᠡᠷᠡᠭᠲᠡᠶ᠃ ᠰᠠᠶ᠋ᠢᠨ ᠵᠶ᠋ᠠᠷ ᠡᠬᠢᠯᠡᠨ ᠰᠠᠶ᠋ᠢᠨ ᠵᠶ᠋ᠠᠷ ᠲᠡᠭᠦᠰᠬᠡᠵᠦ᠂ ᠭᠣᠣᠯ ᠰᠡᠳᠦᠪᠲᠦ ᠬᠥᠮᠦᠵᠢᠯ᠎ᠤᠨ ᠪᠣᠳᠠᠲᠤ ᠦᠷ᠎ᠡ ᠪᠦᠲᠦᠮᠵᠢ ᠣᠯᠬᠤ ᠵᠢ ᠪᠣᠯᠭᠣᠮᠵᠢᠲᠠᠢ᠎ᠪᠠᠷ ᠠᠬᠢᠭᠤᠯᠵᠤ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠵᠢᠯ᠎ᠤᠨ ᠰᠤᠷᠲᠠᠯ ᠵᠶ᠋ᠠᠨ ᠦᠷᠭᠦᠯᠵᠢᠯᠡᠨ ᠬᠤᠪᠢᠷᠠᠭᠤᠯᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠪᠣᠳᠠᠲᠤ ᠦᠷ᠎ᠡ ᠪᠦᠲᠦᠮᠵᠢ ᠣᠯᠬᠤ᠎ᠪᠠᠷ ᠴᠢᠷᠮᠠᠢ᠌ᠵᠤ᠂ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠦᠴᠢᠷ᠎ᠢ ᠮᠡᠳᠡᠵᠦ ᠪᠠᠶ᠋ᠢᠭ᠋ᠠᠳ ᠬᠦᠴᠦᠯᠡᠨ ᠤᠷᠤᠭᠰᠢᠯᠠᠵᠤ᠂ ᠪᠠᠷᠢᠮᠵᠢᠶ᠎ᠠ᠎ᠳᠤ ᠴᠢᠭᠯᠡᠭᠦᠯᠦᠨ 《ᠤᠳᠠᠭ᠋ᠠᠨ᠂ ᠪᠦᠳᠦᠭᠦᠯᠢᠭ᠂ ᠬᠡᠢ᠌ᠰᠪᠦᠷᠢ》᠂ 《ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭ᠋ᠠᠨ》᠎ᠤ ᠠᠰᠠᠭᠤᠳᠠᠯ᠎ᠢ ᠰᠢᠢ᠍ᠳᠪᠦᠷᠢᠯᠡᠵᠦ᠂ 《ᠪᠠᠷᠢᠮᠵᠢᠶ᠎ᠠ ᠵᠢ ᠳᠡᠭᠡᠭᠰᠢᠯᠡᠭᠦᠯᠬᠦ᠂ ᠬᠤᠷᠳᠤᠴᠠ ᠵᠢ ᠳᠡᠭᠡᠭᠰᠢᠯᠡᠭᠦᠯᠬᠦ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠲᠤᠰᠬᠠᠢ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠠᠵᠢᠯ᠎ᠢ 《ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠵᠢ ᠳᠡᠭᠡᠭᠰᠢᠯᠡᠭᠦᠯᠬᠦ》 ᠵᠢ ᠠᠬᠢᠭᠤᠯᠵᠤ᠂ ᠰᠠᠴᠤᠷᠠᠭ᠎ᠢ ᠬᠢᠨᠠᠨ ᠬᠡᠮᠵᠢᠬᠦ ᠵᠢᠴᠢ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠵᠢ ᠦᠷᠭᠦᠯᠵᠢᠯᠡᠨ ᠭᠦᠨᠵᠡᠭᠡᠢ᠌ᠷᠡᠭᠦᠯᠦᠨ ᠳᠡᠭᠡᠭᠰᠢᠯᠡᠭᠦᠯᠵᠦ᠂ ᠴᠥᠮ᠎ᠡ ᠬᠢᠭᠡᠳ ᠰᠠᠴᠤᠷᠠᠭ᠎ᠤᠨ ᠠᠮᠤᠷ ᠲᠦᠪᠰᠢᠨ᠎ᠤ ᠲᠦᠭᠰᠢᠭᠦᠷᠢ ᠵᠢ ᠤᠷᠢᠳᠴᠢᠯᠠᠨ ᠰᠡᠷᠭᠡᠢ᠌ᠯᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢ ᠴᠢᠩᠭ᠋ᠠᠷᠠᠭᠤᠯᠤᠨ᠂ ᠴᠥᠮ᠎ᠡ ᠬᠢᠭᠡᠳ ᠰᠠᠴᠤᠷᠠᠭ᠎ᠤᠨ ᠣᠳᠣᠬᠢᠴᠢᠯᠠᠭᠰᠠᠨ ᠰᠢᠰᠲ᠋ᠧᠮ᠎ᠢ ᠢᠳᠡᠪᠬᠢᠲᠡᠢ ᠪᠠᠢ᠌ᠭᠤᠯᠵᠤ᠂ ᠪᠥᠬᠥ ᠣᠷᠣᠨ᠎ᠤ ᠴᠥᠮ᠎ᠡ ᠬᠢᠭᠡᠳ ᠰᠠᠴᠤᠷᠠᠭ᠎ᠤᠨ ᠠᠮᠤᠷ ᠲᠦᠪᠰᠢᠨ᠎ᠢ ᠪᠠᠲᠤᠯᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠦᠨ᠎ᠡ᠃

      ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠥᠮ᠎ᠡ ᠪᠣᠯᠣᠨ ᠰᠠᠴᠤᠷᠠᠭ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠤᠷᠠᠨ᠎ᠠ᠂ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠵᠤᠤ ᠸᠧᠨ ᠪᠢᠨ ᠪᠠᠢ᠌ᠴᠠᠭ᠋ᠠᠨ ᠰᠤᠳᠤᠯᠤᠯᠲᠠ ᠬᠢᠬᠦ ᠶᠠᠷᠢᠯᠴᠠᠬᠤ ᠬᠤᠷᠠᠯ᠎ᠳᠤ ᠣᠷᠣᠯᠴᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ ᠪᠦᠬᠦ ᠣᠷᠣᠨ᠎ᠤ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠣᠯᠣᠨ ᠮᠠᠯᠵᠢᠬᠤ ᠲᠠᠷᠢᠶᠠᠯᠠᠬᠤ ᠣᠷᠣᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠯᠪᠠᠰᠤᠷᠠᠯ᠎ᠤᠨ ᠠᠩᠭᠢ ᠡᠷᠬᠢᠯᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ ᠢᠳᠡᠪᠬᠢ ᠴᠢᠨᠠᠷᠲᠠᠢ ᠳᠠᠭ᠋ᠠᠯᠲᠠ ᠠᠭᠤᠷᠬᠠᠢ ᠵᠢ ᠨᠡᠭᠡᠭᠡᠨ ᠠᠰᠢᠭᠯᠠᠬᠤ ᠠᠵᠤ ᠠᠬᠤᠢ᠌ᠯᠠᠯ᠎ᠤᠨ ᠨᠡᠷᠡᠰ (2024 ᠬᠡᠪᠯᠡᠯ)᠎ᠢ ᠨᠡᠢ᠌ᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠵᠠᠷᠯᠠᠯ
2023 ᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠦᠨᠡᠯᠡᠨ ᠵᠢᠱ᠌ᠢᠭᠰᠡᠨ ᠮᠡᠳᠡᠭᠦᠯᠦᠯᠲᠡ ᠵᠢ ᠬᠢᠨᠠᠨ ᠲᠣᠭᠲᠠᠭ᠋ᠠᠵᠤ ᠪᠠᠲᠤᠯᠠᠭᠰᠠᠨ ᠪᠠᠶ᠋ᠢᠳᠠᠯ᠎ᠢ ᠨᠡᠢ᠌ᠲᠡᠯᠡᠬᠦ ᠲᠤᠬᠠᠢ ᠵᠠᠷᠯᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ (2024 ᠣᠨ᠎ᠤ 1 ᠰᠠᠷ᠎ᠠ᠎ᠳᠤ ᠰᠢᠨᠡᠳᠬᠡᠪᠡ)》 ᠵᠢ ᠨᠡᠢ᠌ᠲᠡᠯᠡᠬᠦ ᠲᠤᠬᠠᠢ ᠵᠠᠷᠯᠠᠯ
 
             蒙ICP备05000248号