ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠬᠥᠷᠥᠰᠥ᠍ ᠰᠢᠷᠣᠢ ᠪᠠ ᠰᠠᠴᠤᠷᠠᠭ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ ᠪᠦᠬᠦ ᠣᠷᠣᠨ᠎ᠤ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠣᠯᠣᠨ ᠮᠠᠯᠵᠢᠬᠤ ᠲᠠᠷᠢᠶᠠᠯᠠᠬᠤ ᠣᠷᠣᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠯᠪᠠᠰᠤᠷᠠᠯ᠎ᠤᠨ ᠠᠩᠭᠢ ᠡᠷᠬᠢᠯᠠᠪᠠ
ᠨᠡᠶ᠋ᠢᠲᠡᠯᠡᠭᠰᠡᠨ ᠴᠠᠭ᠄ 2023-09-26

      2023 ᠣᠨ᠎ᠤ 9 ᠰᠠᠷ᠎ᠠ ᠵᠢᠨ 5᠎ᠤ ᠡᠳᠦᠷ᠎ᠠᠴᠠ 8᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠭᠣᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠬᠢᠭᠡᠳ ᠬᠥᠷᠥᠰᠥ ᠰᠢᠷᠣᠢ ᠵᠢᠨ ᠠᠮᠢ ᠠᠬᠤᠢ ᠣᠷᠴᠢᠨ ᠲᠣᠭᠣᠷᠢᠨ᠎ᠤ ᠮᠡᠷᠭᠡᠵᠢᠯ᠎ᠤᠨ ᠲᠥᠪ᠎ᠠᠴᠠ ᠳᠠᠭ᠋ᠠᠭ᠋ᠠᠨ ᠡᠷᠭᠢᠯᠡᠭᠰᠡᠨ 2023 ᠣᠨ᠎ᠤ ᠪᠥᠬᠥ ᠣᠷᠣᠨ᠎ᠤ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠠ ᠮᠠᠯᠵᠢᠬᠤ ᠲᠠᠷᠢᠶᠠᠯᠠᠬᠤ ᠣᠷᠣᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠪᠤᠯᠪᠠᠰᠤᠷᠠᠯ᠎ᠤᠨ ᠠᠩᠭᠢ ᠵᠢ ᠬᠥᠬᠡᠬᠣᠲᠠ᠎ᠳᠤ ᠡᠷᠭᠢᠯᠡᠵᠦ᠂ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠬᠠᠮᠢᠶ᠎ᠠ ᠪᠦᠬᠦᠢ ᠬᠦᠷᠢᠶᠡᠨ᠎ᠤ ᠬᠠᠷᠢᠭᠤᠴᠠᠯᠭ᠋ᠠᠲᠠᠨ ᠨᠥᠬᠥᠳ ᠵᠢᠴᠢ ᠲᠤᠬᠠᠢ᠌ᠯᠠᠭᠰᠠᠨ ᠠᠵᠢᠯ᠎ᠤᠨ ᠠᠵᠢᠯᠲᠠᠨ 150 ᠭᠠᠷᠤᠢ ᠬᠥᠮᠥᠨ ᠪᠤᠯᠪᠠᠰᠤᠷᠠᠯ᠎ᠳᠤ ᠣᠷᠣᠯᠴᠠᠵᠠᠢ᠃

      ᠪᠤᠯᠪᠠᠰᠤᠷᠠᠯ᠎ᠤᠨ ᠠᠩᠭᠢ᠎ᠳᠤ᠂ ᠣᠢ᠌ᠷ᠎ᠠ ᠵᠢᠨ ᠵᠢᠯ᠎ᠤᠨ ᠲᠤᠷᠰᠢᠬᠢ ᠪᠥᠬᠥ ᠣᠷᠣᠨ᠎ᠤ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠣᠯᠣᠨ ᠮᠠᠯᠵᠢᠬᠤ ᠲᠠᠷᠢᠶᠠᠯᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠦᠷ᠎ᠡ ᠪᠦᠲᠦᠮᠵᠢ ᠵᠢ ᠪᠥᠬᠥ ᠲᠠᠯ᠎ᠠ᠎ᠪᠠᠷ ᠳ᠋ᠦᠩᠨᠡᠭᠰᠡᠨ ᠪᠥᠭᠡᠳ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠴᠢᠩᠭ᠋ᠠᠳᠬᠠᠬᠤ᠂ ᠭᠠᠵᠠᠷ ᠳᠣᠣᠷᠠᠬᠢ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠠᠬᠢᠭᠤᠯᠬᠤ᠂ ᠬᠥᠳᠡᠭᠡ ᠲᠣᠰᠬᠤᠨ᠎ᠤ ᠪᠣᠬᠢᠷᠲᠤᠯ᠎ᠢ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠪᠠ ᠲᠤᠯᠭ᠋ᠠᠭᠤᠷᠢᠯᠠᠨ ᠪᠠᠲᠤᠯᠠᠬᠤ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠱᠠᠭ᠋ᠠᠷᠳᠠᠯᠭ᠎ᠠ ᠵᠢ ᠳᠤᠷᠠᠳᠪᠠ᠃ ᠡᠭᠦᠨ᠎ᠤ ᠬᠠᠮᠲᠤ᠂ ᠡᠯ᠎ᠡ ᠠᠶ᠋ᠢᠮᠠᠭ ᠬᠣᠲᠠ ᠵᠢᠨ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠣᠯᠣᠨ ᠬᠥᠳᠡᠭᠡ ᠲᠣᠰᠬᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠮᠢᠶ᠎ᠠ ᠪᠦᠬᠦᠢ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ᠎ᠢ ᠵᠣᠬᠢᠶᠠᠨ ᠪᠠᠢ᠌ᠭᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠡᠯ᠎ᠡ ᠠᠶ᠋ᠢᠮᠠᠭ ᠬᠣᠲᠠ ᠵᠢᠨ ᠡᠯ᠎ᠡ ᠵᠦᠢ᠍ᠯ᠎ᠤᠨ ᠠᠵᠢᠯ᠎ᠢ ᠠᠬᠢᠭᠤᠯᠬᠤ ᠶᠠᠪᠤᠴᠠ᠎ᠳᠤ ᠢᠯᠡᠷᠡᠭᠰᠡᠨ ᠠᠰᠠᠭᠤᠳᠠᠯ᠂ ᠬᠦᠴᠢᠷ ᠠᠰᠠᠭᠤᠳᠠᠯ᠎ᠤᠨ ᠲᠤᠬᠠᠢ ᠭᠦᠨᠵᠡᠭᠡᠢ ᠨᠡᠪᠲᠡᠷᠡᠯᠴᠡᠨ ᠰᠣᠯᠢᠯᠴᠠᠭᠰᠠᠨ ᠪᠥᠭᠡᠳ ᠠᠵᠢᠯ᠎ᠢ ᠠᠬᠢᠭᠤᠯᠬᠤ᠎ᠳᠤ ᠠᠰᠢᠭᠲᠠᠢ ᠰᠠᠨᠠᠯ ᠪᠠ ᠰᠠᠨᠠᠭᠤᠯᠭ᠎ᠠ ᠳᠤᠷᠠᠳᠪᠠ᠃ ᠤᠯᠠᠨ ᠵᠶ᠋ᠠᠷ ᠵᠶ᠋ᠠᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠲᠤᠯᠭ᠋ᠠᠷᠠᠵᠤ ᠪᠠᠢ᠌ᠭ᠎ᠠ ᠰᠢᠨ᠎ᠡ ᠪᠠᠶ᠋ᠢᠳᠠᠯ᠂ ᠰᠢᠨ᠎ᠡ ᠱᠠᠭ᠋ᠠᠷᠳᠠᠯᠭ᠎ᠠ ᠰᠢᠨ᠎ᠡ ᠡᠭᠦᠷᠭᠡ ᠵᠢ ᠣᠨᠣᠪᠴᠢᠲᠠᠢ ᠡᠵᠡᠮᠳᠡᠵᠦ᠂ ᠥᠪᠡᠷᠲᠡᠭᠡᠨ ᠵᠠᠰᠠᠬᠤ ᠣᠷᠣᠨ᠎ᠤ ᠶᠠᠭ ᠠᠬᠢᠭᠤᠯᠵᠤ ᠪᠠᠢ᠌ᠭ᠎ᠠ 《ᠲᠠᠪᠤᠨ ᠶᠡᠬᠡ ᠡᠭᠦᠷᠭᠡ》 ᠵᠢᠨ ᠲᠣᠭᠣᠷᠢᠨ᠎ᠳᠤ᠂ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠪᠤᠳᠤᠯ ᠪᠣᠯᠣᠨ ᠲᠤᠯᠭ᠋ᠠᠮ ᠰᠡᠳᠬᠢᠯᠭᠡ᠎ᠪᠠᠨ ᠦᠨᠡᠨᠬᠦ ᠴᠢᠩᠭ᠋ᠠᠳᠬᠠᠵᠤ᠂ ᠪᠠᠢ᠌ᠯᠳᠤᠬᠤ ᠪᠣᠳᠣᠯᠭ᠎ᠠ ᠵᠢᠨ ᠲᠣᠭᠲᠠᠪᠤᠷᠢ ᠲᠡᠪᠴᠢᠶᠡᠷᠢ᠎ᠪᠠᠨ ᠪᠠᠲᠤᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠠᠷᠢᠭᠤᠨ ᠣᠷᠣᠨ᠎ᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ ᠬᠡᠷᠡᠭᠲᠡᠢ ᠭᠡᠵᠦ ᠱᠠᠭ᠋ᠠᠷᠳᠠᠪᠠ᠃

      ᠲᠣᠰ ᠤᠳᠠᠭ᠋ᠠᠨ᠎ᠤ ᠪᠤᠯᠪᠠᠰᠤᠷᠠᠯ᠎ᠳᠤ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠥᠷᠥᠰᠥ ᠰᠢᠷᠣᠢ ᠠᠮᠢ ᠠᠬᠤᠢ ᠣᠷᠴᠢᠨ ᠲᠣᠭᠣᠷᠢᠨ᠎ᠤ ᠵᠤᠷᠭ᠋ᠠᠨ᠂ ᠬᠥᠷᠥᠰᠥ ᠰᠢᠷᠣᠢ ᠬᠢᠭᠡᠳ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠮᠡᠷᠭᠡᠵᠢᠯ᠎ᠤᠨ ᠲᠥᠪ᠎ᠤᠨ ᠣᠷᠳᠣ ᠬᠤᠭᠤᠴᠠᠭ᠎ᠠ᠎ᠪᠠᠷ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠠ ᠬᠥᠳᠡᠭᠡ ᠲᠣᠰᠬᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠢᠶ᠎ᠠ ᠪᠦᠬᠦᠢ ᠠᠵᠢᠯ᠎ᠢ ᠡᠷᠭᠢᠯᠡᠵᠦ ᠪᠠᠢ᠌ᠭ᠎ᠠ ᠲᠤᠰᠬᠠᠢ ᠮᠡᠷᠭᠡᠵᠢᠯᠲᠡᠨ ᠨᠠᠷ ᠲᠤᠬᠠᠢ ᠵᠢᠨ ᠲᠠᠯᠠᠪᠤᠷ᠎ᠲᠤ ᠢᠷᠠᠵᠤ ᠬᠢᠴᠢᠶᠡᠯ ᠣᠷᠣᠪᠠ᠃ 《ᠤᠷᠢᠳᠠᠪᠠᠷ ᠬᠢᠨᠠᠨ ᠬᠠᠮᠢᠶᠠᠷᠬᠤ ᠭᠠᠵᠠᠷ᠎ᠤᠨ ᠬᠠᠮᠢᠶ᠎ᠠ ᠪᠦᠬᠦᠢ ᠬᠠᠮᠢᠶᠠᠷᠤᠯᠲᠠ ᠵᠢᠨ ᠱᠠᠭ᠋ᠠᠷᠳᠠᠯᠭ᠎ᠠ》 《ᠬᠥᠷᠥᠰᠥ ᠰᠢᠷᠣᠢ ᠵᠢᠨ ᠪᠣᠬᠢᠷᠲᠤᠯ᠎ᠤᠨ ᠪᠠᠶ᠋ᠢᠳᠠᠯ᠎ᠤᠨ ᠪᠠᠢ᠌ᠴᠠᠭ᠋ᠠᠯᠲᠠ᠂ ᠲᠦᠭᠰᠢᠭᠦᠷᠢ ᠵᠢ ᠦᠨᠡᠯᠡᠨ ᠵᠢᠱ᠌ᠢᠬᠦ᠂ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠮᠡᠷᠭᠡᠵᠢᠯ᠎ᠤᠨ ᠭᠣᠣᠯᠳᠠᠯᠭ᠎ᠠ ᠵᠢᠴᠢ ᠮᠡᠳᠡᠭᠦᠯᠦᠯᠲᠡ ᠵᠢ ᠬᠢᠨᠠᠨ ᠲᠣᠭᠲᠠᠭ᠋ᠠᠬᠤ ᠱᠠᠭ᠋ᠠᠷᠳᠠᠯᠭ᠎ᠠ》 《ᠭᠠᠵᠠᠷ ᠳᠣᠣᠷᠠᠬᠢ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠭᠣᠣᠯᠳᠠᠯᠭ᠎ᠠ᠎ᠲᠠᠢ ᠣᠷᠣᠨ᠎ᠢ ᠵᠠᠭ᠋ᠠᠭᠯᠠᠨ ᠲᠣᠭᠲᠠᠭ᠋ᠠᠬᠤ ᠵᠢᠴᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠲᠣᠭᠲᠠᠭ᠋ᠠᠬᠤ ᠮᠡᠷᠭᠡᠵᠢᠯ᠎ᠤᠨ ᠭᠣᠣᠯᠳᠠᠯᠭ᠎ᠠ》 《ᠬᠥᠳᠡᠭᠡ ᠲᠣᠰᠬᠤᠨ᠎ᠤ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠮᠡᠷᠭᠡᠵᠢᠯ ᠵᠢᠴᠢ ᠲᠥᠷᠥ ᠵᠢᠨ ᠪᠣᠳᠣᠯᠭ᠎ᠠ ᠵᠢᠨ ᠭᠣᠣᠯᠳᠠᠯᠭ᠎ᠠ》 《ᠲᠠᠷᠢᠶᠠᠯᠠᠩ᠎ᠤᠨ ᠤᠯᠠᠨ ᠡᠬᠢᠲᠦ ᠪᠣᠬᠢᠷᠲᠤᠯ᠎ᠢ ᠵᠠᠰᠠᠬᠤ ᠬᠢᠭᠡᠳ ᠬᠢᠨᠠᠯᠲᠠ ᠲᠠᠯᠪᠢᠵᠤ ᠵᠢᠯᠤᠭᠣᠳᠬᠤ ᠮᠡᠷᠭᠡᠵᠢᠯ᠎ᠤᠨ ᠠᠷᠭ᠎ᠠ ᠵᠠᠮ》 ᠵᠡᠷᠭᠡ ᠲᠠᠯ᠎ᠠ ᠵᠢᠨ ᠠᠭᠤᠯᠭ᠎ᠠ ᠪᠠ ᠪᠣᠳᠠᠲᠠᠢ ᠠᠵᠢᠯ᠎ᠤᠨ ᠱᠠᠭ᠋ᠠᠷᠳᠠᠯᠭ᠎ᠠ᠂ ᠡᠭᠦᠨ᠎ᠤ ᠬᠠᠮᠲᠤ ᠲᠤᠬᠠᠢ ᠵᠢᠨ ᠭᠠᠵᠠᠷ᠎ᠲᠤᠨᠢ ᠡᠳᠦᠷ ᠲᠤᠲᠤᠮ᠎ᠤᠨ ᠠᠵᠢᠯ᠎ᠤᠨ ᠳᠤᠮᠳᠠ ᠲᠣᠬᠢᠶᠠᠯᠳᠤᠭᠰᠠᠨ ᠮᠠᠳᠠᠭ᠎ᠲᠠᠢ ᠠᠰᠠᠭᠤᠳᠠᠯ᠂ ᠲᠦᠪᠡᠭᠲᠡᠢ ᠠᠰᠠᠭᠤᠳᠠᠯ᠎ᠳᠤ ᠬᠠᠷᠢᠭᠤᠯᠲᠠ ᠥᠭᠴᠡᠢ᠃

      ᠲᠣᠰ ᠤᠳᠠᠭ᠋ᠠᠨ᠎ᠤ ᠪᠤᠯᠪᠠᠰᠤᠷᠠᠯ᠎ᠨᠢ ᠡᠳᠦᠷ ᠲᠤᠲᠤᠮ᠎ᠤᠨ ᠲᠤᠬᠠᠢ᠌ᠯᠠᠭᠰᠠᠨ ᠠᠵᠢᠯ᠎ᠲᠠᠢ ᠨᠢᠭᠲᠠ ᠤᠶᠠᠯᠳᠤᠭᠤᠯᠤᠨ᠂ ᠬᠢᠴᠢᠶᠡᠯ᠎ᠤᠨ ᠠᠭᠤᠯᠭ᠎ᠠ ᠡᠯᠪᠡᠭ ᠪᠠᠶᠠᠯᠢᠭ ᠪᠠᠢ᠌ᠵᠤ᠂ ᠪᠥᠬᠥ ᠣᠷᠣᠨ᠎ᠤ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠠ ᠮᠠᠯᠵᠢᠬᠤ ᠲᠠᠷᠢᠶᠠᠯᠠᠬᠤ ᠣᠷᠣᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠦᠷᠢᠶᠡᠨ᠎ᠳᠠᠬᠢ ᠠᠵᠢᠯᠲᠠᠨ᠎ᠤ ᠲᠤᠬᠠᠢ᠌ᠯᠠᠭᠰᠠᠨ ᠠᠵᠢᠯ᠎ᠤᠨ ᠴᠢᠳᠠᠪᠤᠷᠢ ᠪᠠ ᠲᠤᠰᠬᠠᠢ ᠮᠡᠷᠭᠡᠵᠢᠯ᠎ᠤᠨ ᠬᠡᠪ ᠪᠣᠯᠪᠠᠰᠤᠷᠠᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠤᠯᠠᠨ ᠵᠶ᠋ᠠᠷ ᠵᠶ᠋ᠠᠨ᠂ ᠪᠣᠯᠪᠠᠰᠤᠷᠠᠯ᠎ᠤᠨ ᠬᠢᠴᠢᠶᠡᠯ᠎ᠨᠢ ᠮᠠᠰᠢ ᠴᠢᠩᠭ᠎ᠠ ᠵᠢᠯᠤᠭᠣᠳᠬᠤ ᠴᠢᠨᠠᠷ ᠪᠣᠯᠣᠨ ᠬᠠᠨᠳᠤᠯᠭ᠋ᠠᠲᠤ ᠴᠢᠨᠠᠷ᠎ᠲᠠᠢ ᠪᠠᠢ᠌ᠵᠤ᠂ ᠬᠣᠶ᠋ᠢᠰᠢᠳᠠ ᠵᠢᠨ ᠠᠵᠢᠯ᠎ᠤᠨ ᠳᠤᠮᠳᠠ᠎ᠪᠠᠨ ᠨᠠᠷᠢᠨ ᠬᠢᠨᠠᠮᠠᠭ᠋ᠠᠢ ᠰᠤᠷᠤᠯᠴᠠᠨ ᠬᠡᠷᠡᠭᠯᠡᠵᠦ᠂ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠣᠯᠣᠨ ᠮᠠᠯᠵᠢᠬᠤ ᠲᠠᠷᠢᠶᠠᠯᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ ᠢᠳᠡᠪᠬᠢ ᠴᠢᠨᠠᠷᠲᠠᠢ ᠳᠠᠭ᠋ᠠᠯᠲᠠ ᠠᠭᠤᠷᠬᠠᠢ ᠵᠢ ᠨᠡᠭᠡᠭᠡᠨ ᠠᠰᠢᠭᠯᠠᠬᠤ ᠠᠵᠤ ᠠᠬᠤᠢ᠌ᠯᠠᠯ᠎ᠤᠨ ᠨᠡᠷᠡᠰ (2024 ᠬᠡᠪᠯᠡᠯ)᠎ᠢ ᠨᠡᠢ᠌ᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠵᠠᠷᠯᠠᠯ
2023 ᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠦᠨᠡᠯᠡᠨ ᠵᠢᠱ᠌ᠢᠭᠰᠡᠨ ᠮᠡᠳᠡᠭᠦᠯᠦᠯᠲᠡ ᠵᠢ ᠬᠢᠨᠠᠨ ᠲᠣᠭᠲᠠᠭ᠋ᠠᠵᠤ ᠪᠠᠲᠤᠯᠠᠭᠰᠠᠨ ᠪᠠᠶ᠋ᠢᠳᠠᠯ᠎ᠢ ᠨᠡᠢ᠌ᠲᠡᠯᠡᠬᠦ ᠲᠤᠬᠠᠢ ᠵᠠᠷᠯᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ (2024 ᠣᠨ᠎ᠤ 1 ᠰᠠᠷ᠎ᠠ᠎ᠳᠤ ᠰᠢᠨᠡᠳᠬᠡᠪᠡ)》 ᠵᠢ ᠨᠡᠢ᠌ᠲᠡᠯᠡᠬᠦ ᠲᠤᠬᠠᠢ ᠵᠠᠷᠯᠠᠯ
 
             蒙ICP备05000248号