ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠡᠷᠡᠰ ᠦᠢ᠍ᠯᠡᠳᠦᠯᠭᠡᠵᠢᠭᠦᠯᠵᠦ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ ᠪᠣᠯᠣᠨ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠣᠯᠣᠨ ᠡᠬᠡ ᠤᠯᠤᠰ᠎ᠤᠨ ᠤᠮᠠᠷᠠᠲᠤ ᠵᠢᠨ ᠠᠮᠤᠷ ᠲᠣᠭᠲᠠᠭᠤᠨ᠎ᠤ ᠬᠠᠯᠬᠠᠪᠴᠢ ᠵᠢ ᠦᠨᠡᠨ ᠬᠦ᠌ ᠪᠡᠬᠢᠵᠢᠭᠦᠯᠬᠦ ᠵᠢᠨ ᠲᠥᠯᠥᠭᠡ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠢᠭᠡᠳᠦᠯᠲᠡᠢ ᠪᠠᠢ᠌ᠷᠢᠯᠠᠭᠤᠯᠤᠯᠲᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠪᠥᠬᠥ ᠣᠷᠣᠨ᠎ᠤ ᠰᠠᠴᠤᠷᠠᠭ ᠴᠢᠨᠠᠷᠲᠠᠢ ᠳᠠᠭ᠋ᠠᠯᠲᠠ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠲᠤᠬᠠᠢ ᠵᠢᠨ ᠲᠠᠯᠠᠪᠤᠷᠲᠤᠨᠢ ᠵᠢᠭᠰᠠᠭ᠋ᠠᠨ ᠪᠠᠢ᠌ᠴᠠᠭ᠋ᠠᠬᠤ᠂ ᠥᠯᠢᠭᠡᠷ ᠡᠳ᠋᠎ᠢ ᠵᠠᠳᠠᠯᠬᠤ ᠵᠢᠴᠢ ᠲᠣᠭ᠎ᠠ ᠪᠠᠷᠢᠮᠲᠠ ᠵᠢ ᠬᠤᠷᠢᠶᠠᠩᠭᠤᠢ᠌ᠯᠠᠬᠤ ᠠᠵᠢᠯ᠎ᠢ ᠤᠷᠤᠭᠰᠢᠲᠠᠢ ᠪᠡᠶᠡᠯᠡᠭᠦᠯᠪᠡ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠤᠰ ᠤᠳᠠᠭ᠋ᠠᠨ᠎ᠤ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠬᠤᠪᠢᠳᠠᠨ ᠬᠠᠮᠢᠶᠠᠷᠴᠤ ᠪᠦᠬᠦᠢ ᠳᠡᠳ᠋ ᠲᠢᠩᠬᠢᠮ᠎ᠤᠨ ᠳᠠᠷᠤᠭ᠎ᠠ᠎ᠪᠠᠷ ᠳᠤᠭᠤᠢ᠌ᠯᠠᠩ᠎ᠤᠨ ᠳᠠᠷᠤᠭ᠎ᠠ ᠪᠣᠯᠭ᠋ᠠᠭᠰᠠᠨ ᠵᠢᠭᠰᠠᠭ᠋ᠠᠨ ᠪᠠᠢ᠌ᠴᠠᠭ᠋ᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ 《ᠵᠢᠭᠰᠠᠭ᠋ᠠᠨ ᠪᠠᠢ᠌ᠴᠠᠭ᠋ᠠᠬᠤ ᠠᠵᠢᠯ᠎ᠤᠨ ᠤᠳᠤᠷᠢᠳᠬᠤ ᠳᠤᠭᠤᠢ᠌ᠯᠠᠩ ᠵᠢᠯᠣᠭᠣᠳᠴᠤ᠂ ᠲᠤᠬᠠᠢ ᠵᠢᠨ ᠲᠠᠯᠠᠪᠤᠷ᠎ᠲᠤ ᠵᠢᠭᠰᠠᠭ᠋ᠠᠨ ᠪᠠᠢ᠌ᠴᠠᠭ᠋ᠠᠬᠤ ᠳᠤᠭᠤᠢ᠌ᠯᠠᠩ ᠬᠡᠷᠡᠭᠵᠢᠭᠦᠯᠵᠦ᠂ ᠡᠯ᠎ᠡ ᠠᠶ᠋ᠢᠮᠠᠭ ᠬᠣᠲᠠ᠎ᠨᠤᠭᠤᠳ ᠵᠣᠬᠢᠴᠠᠭᠤᠯᠤᠨ ᠬᠠᠮᠵᠢᠯᠴᠠᠬᠤ》 ᠠᠵᠢᠯ᠎ᠤᠨ ᠲᠣᠭᠲᠠᠴᠠ ᠵᠢ ᠪᠠᠢ᠌ᠭᠤᠯᠵᠤ᠂ ᠵᠢᠭᠰᠠᠭ᠋ᠠᠨ ᠪᠠᠢ᠌ᠴᠠᠭ᠋ᠠᠬᠤ ᠠᠵᠤ ᠠᠬᠤᠢ᠌ᠯᠠᠯ᠎ᠤᠨ ᠨᠡᠷᠡᠰ᠂ ᠠᠵᠢᠯ᠎ᠤᠨ ᠲᠥᠰᠥᠯ᠂ ᠬᠢᠨᠠᠨ ᠬᠡᠮᠵᠢᠬᠦ ᠲᠥᠰᠥᠯ ᠵᠡᠷᠭᠡ ᠮᠡᠷᠭᠡᠵᠢᠯ᠎ᠤᠨ ᠪᠢᠴᠢᠭ ᠮᠠᠲ᠋ᠧᠷᠢᠶᠠᠯ᠎ᠢ ᠵᠣᠬᠢᠶᠠᠨ ᠪᠠᠢ᠌ᠭᠤᠯᠤᠨ ᠲᠣᠭᠲᠠᠭ᠋ᠠᠵᠤ᠂ ᠵᠢᠭᠰᠠᠭ᠋ᠠᠨ ᠪᠠᠢ᠌ᠴᠠᠭ᠋ᠠᠬᠤ ᠮᠡᠷᠭᠡᠵᠢᠯ᠎ᠤᠨ ᠱᠤᠭᠤᠮ ᠵᠢᠴᠢ ᠶᠠᠰᠤ ᠴᠢᠨᠠᠷ᠎ᠤᠨ ᠪᠠᠷᠢᠮᠵᠢᠶ᠎ᠠ ᠵᠢ ᠵᠢᠷᠤᠮᠵᠢᠭᠤᠯᠪᠠ᠃
7 ᠰᠠᠷ᠎ᠠ᠎ᠠᠴᠠ 9 ᠰᠠᠷ᠎ᠠ ᠪᠣᠯᠲᠠᠯ᠎ᠠ᠂ ᠵᠢᠭᠰᠠᠭ᠋ᠠᠨ ᠪᠠᠢ᠌ᠴᠠᠭ᠋ᠠᠬᠤ ᠳᠤᠭᠤᠢ᠌ᠯᠠᠩ 4000 ᠭᠠᠷᠤᠢ ᠺᠢᠯᠣᠮᠧᠲᠷ ᠠᠶᠠᠯᠠᠨ ᠲᠤᠬᠠᠢ ᠵᠢᠨ ᠲᠠᠯᠠᠪᠠᠶ᠎ᠳᠤ ᠬᠦᠷᠴᠦ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠥᠷᠨᠢᠭᠦᠯᠪᠡ᠃ ᠡᠨᠡ ᠬᠤᠭᠤᠴᠠᠭ᠋ᠠᠨ᠎ᠳᠤ᠂ ᠵᠢᠭᠰᠠᠭ᠋ᠠᠨ ᠪᠠᠢ᠌ᠴᠠᠭ᠋ᠠᠬᠤ ᠠᠵᠢᠯᠲᠠᠳ 《ᠴᠢᠩᠭ᠎ᠠ᠂ ᠪᠣᠯᠭᠣᠮᠵᠢᠲᠠᠢ᠂ ᠨᠠᠷᠢᠯᠢᠭ᠂ ᠪᠣᠳᠠᠲᠠᠢ》 ᠠᠵᠢᠯ᠎ᠤᠨ ᠰᠤᠷᠲᠠᠯ ᠵᠶ᠋ᠠᠨ ᠭᠦᠢ᠍ᠴᠡᠳ ᠪᠠᠳᠠᠷᠠᠭᠤᠯᠵᠤ᠂ ᠵᠣᠪᠠᠭᠤᠷᠢ ᠵᠦᠳᠡᠭᠦᠷᠢ ᠵᠢ ᠲᠡᠰᠪᠦᠷᠢᠯᠡᠬᠦ᠂ ᠦᠷᠭᠦᠯᠵᠢᠯᠡᠨ ᠪᠠᠢ᠌ᠯᠳᠤᠬᠤ ᠣᠷᠴᠢᠨ ᠲᠣᠭᠣᠷᠢᠨ᠎ᠢ ᠬᠠᠮᠠᠭ᠋ᠠᠯᠠᠬᠤ ᠲᠡᠮᠦᠷ ᠠᠷᠮᠢ ᠵᠢᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠦᠢ᠍ᠯᠡᠳᠪᠦᠷᠢ ᠵᠢᠨ ᠲᠣᠭᠣᠷᠢᠭ᠂ ᠠᠭᠤᠷᠬᠠᠢ᠂ ᠦᠯᠡᠳᠡᠭᠳᠡᠯ ᠬᠦᠳᠡᠷ᠎ᠤᠨ ᠬᠥᠮᠥᠷᠭᠡ ᠵᠡᠷᠭᠡ ᠪᠤᠳᠤᠯᠢᠶᠠᠨᠲᠠᠢ ᠣᠷᠴᠢᠨ ᠲᠣᠭᠣᠷᠢᠨ᠎ᠳᠤ ᠭᠦᠨᠵᠡᠭᠡᠢ᠌ᠷᠡᠵᠦ᠂ ᠰᠠᠴᠤᠷᠠᠭ ᠢᠳᠡᠪᠬᠢ ᠴᠢᠨᠠᠷᠲᠠᠢ ᠳᠠᠭ᠋ᠠᠯᠲᠠ ᠠᠭᠤᠷᠬᠠᠢ ᠵᠢᠨ ᠨᠡᠭᠡᠭᠡᠨ ᠠᠰᠢᠭᠯᠠᠬᠤ ᠠᠵᠤ ᠠᠬᠤᠢ᠌ᠯᠠᠯ᠎ᠤᠨ ᠦᠨᠳᠦᠰᠦᠨ ᠪᠠᠶ᠋ᠢᠳᠠᠯ᠂ ᠡᠷᠭᠢᠨ ᠲᠣᠭᠣᠷᠢᠨ᠎ᠤ ᠣᠷᠴᠢᠨ ᠲᠣᠭᠣᠷᠢᠨ᠎ᠤ ᠣᠳᠣᠬᠢ ᠪᠠᠶ᠋ᠢᠳᠠᠯ᠂ ᠰᠠᠴᠤᠷᠠᠭ ᠢᠳᠡᠪᠬᠢ ᠴᠢᠨᠠᠷᠲᠠᠢ ᠳᠠᠭ᠋ᠠᠯᠲᠠ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠬᠠᠮᠢᠶᠠᠷᠤᠯᠲᠠ ᠵᠢᠨ ᠪᠠᠶ᠋ᠢᠳᠠᠯ ᠵᠡᠷᠭᠡ ᠠᠭᠤᠯᠭ᠎ᠠ ᠵᠢᠨ ᠲᠣᠭᠣᠷᠢᠨ᠎ᠳᠤ ᠭᠣᠣᠯᠳᠠᠯᠭ᠎ᠠ᠎ᠲᠠᠢ ᠵᠢᠭᠰᠠᠭ᠋ᠠᠨ ᠪᠠᠢ᠌ᠴᠠᠭ᠋ᠠᠯᠲᠠ ᠬᠢᠵᠦ᠂ ᠡᠭᠦᠨ᠎ᠤ ᠬᠠᠮᠲᠤ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠬᠤ ᠲᠥᠰᠥᠯ ᠪᠣᠯᠣᠨ ᠬᠠᠮᠢᠶ᠎ᠠ ᠪᠦᠬᠦᠢ ᠮᠡᠷᠭᠡᠵᠢᠯ᠎ᠤᠨ ᠵᠢᠷᠤᠮᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠶᠠᠰᠤ ᠴᠢᠨᠠᠷ᠎ᠤᠨ ᠡᠵᠡᠮᠳᠡᠯ᠎ᠤᠨ ᠬᠠᠮᠢᠶᠠᠷᠤᠯᠲᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠲᠤᠬᠠᠢ ᠵᠢᠨ ᠲᠠᠯᠠᠪᠤᠷ᠎ᠤᠨ ᠬᠢᠨᠠᠨ ᠬᠡᠮᠵᠢᠯᠲᠡ ᠵᠢᠴᠢ ᠥᠯᠢᠭᠡᠷ ᠠᠪᠬᠤ ᠵᠢ ᠬᠢᠨᠠᠮᠠᠭ᠋ᠠᠢ ᠰᠠᠶ᠋ᠢᠲᠤᠷ ᠬᠢᠵᠦ᠂ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ 《ᠠᠮᠢᠨ ᠰᠤᠳᠠᠰᠤ》 ᠵᠢ ᠴᠢᠩᠭ᠎ᠠ ᠰᠠᠬᠢᠵᠤ᠂ ᠨᠠᠩ ᠥᠨᠳᠥᠷ ᠪᠠᠷᠢᠮᠵᠢᠶ᠎ᠠ᠎ᠪᠠᠷ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ 《ᠦᠨᠡᠨ᠂ ᠣᠨᠣᠪᠴᠢᠲᠠᠢ᠂ ᠪᠦᠷᠢᠨ᠂ ᠲᠦᠷᠭᠡᠨ᠂ ᠰᠢᠨ᠎ᠡ》 ᠪᠠᠢ᠌ᠬᠤ ᠵᠢ ᠪᠠᠲᠤᠯᠠᠭᠰᠠᠨ ᠪᠠᠢ᠌ᠨ᠎ᠠ᠃
9 ᠰᠠᠷ᠎ᠠ ᠵᠢᠨ ᠰᠡᠭᠦᠯᠴᠢ᠎ᠳᠤ᠂ ᠵᠢᠭᠰᠠᠭ᠋ᠠᠨ ᠪᠠᠢ᠌ᠴᠠᠭ᠋ᠠᠬᠤ ᠳᠤᠭᠤᠢ᠌ᠯᠠᠩ᠎ᠨᠢ ᠪᠥᠬᠥ ᠣᠷᠣᠨ᠎ᠤ ᠰᠠᠴᠤᠷᠠᠭ ᠢᠳᠡᠪᠬᠢ ᠴᠢᠨᠠᠷᠲᠠᠢ ᠳᠠᠭ᠋ᠠᠯᠲᠠ ᠠᠭᠤᠷᠬᠠᠢ ᠵᠢ ᠨᠡᠭᠡᠭᠡᠨ ᠠᠰᠢᠭᠯᠠᠬᠤ ᠠᠵᠤ ᠠᠬᠤᠢ᠌ᠯᠠᠯ᠎ᠤᠨ ᠲᠤᠬᠠᠢ ᠵᠢᠨ ᠲᠠᠯᠠᠪᠤᠷᠲᠤᠨᠢ ᠵᠢᠭᠰᠠᠭ᠋ᠠᠨ ᠪᠠᠢ᠌ᠴᠠᠭ᠋ᠠᠬᠤ᠂ ᠬᠢᠨᠠᠨ ᠬᠡᠮᠵᠢᠬᠦ᠂ ᠥᠯᠢᠭᠡᠷ ᠡᠳ᠋ ᠴᠤᠭᠯᠠᠭᠤᠯᠬᠤ ᠵᠢ ᠪᠡᠶᠡᠯᠡᠭᠦᠯᠬᠦ ᠵᠢᠨ ᠬᠠᠮᠲᠤ 10 ᠰᠠᠷ᠎ᠠ ᠵᠢᠨ ᠰᠡᠭᠦᠯᠴᠢ᠎ᠪᠠᠷ ᠥᠯᠢᠭᠡᠷ ᠡᠳ᠋᠎ᠤᠨ ᠲᠤᠷᠰᠢᠯᠲᠠ ᠵᠢᠨ ᠲᠠᠰᠤᠭ᠎ᠤᠨ ᠵᠠᠳᠠᠯᠤᠯᠲᠠ ᠵᠢ ᠪᠡᠶᠡᠯᠡᠭᠦᠯᠵᠦ᠂ ᠵᠢᠭᠰᠠᠭ᠋ᠠᠨ ᠪᠠᠢ᠌ᠴᠠᠭ᠋ᠠᠭᠰᠠᠨ ᠠᠵᠢᠯ᠎ᠤᠨ ᠳ᠋ᠦᠩᠨᠡᠯᠲᠡ ᠵᠢᠨ ᠮᠡᠳᠡᠭᠦᠯᠦᠯᠲᠡ ᠵᠢ ᠨᠠᠢ᠌ᠷᠠᠭᠤᠯᠤᠨ ᠵᠣᠬᠢᠶᠠᠵᠤ ᠳᠡᠭᠡᠭᠰᠢ ᠮᠡᠳᠡᠭᠦᠯᠵᠡᠢ᠃
ᠳᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠵᠢᠭᠰᠠᠭ᠋ᠠᠨ ᠪᠠᠢ᠌ᠴᠠᠭ᠋ᠠᠬᠤ ᠠᠵᠢᠯ᠎ᠤᠨ ᠦᠷ᠎ᠡ ᠪᠦᠲᠦᠭᠡᠯ᠎ᠤᠨ ᠬᠡᠷᠡᠭᠯᠡᠯᠲᠡ ᠵᠢ ᠭᠦᠨᠵᠡᠭᠡᠢ᠌ᠷᠡᠭᠦᠯᠵᠦ᠂ ᠴᠡᠭᠴᠡᠯᠡᠨ ᠰᠠᠢ᠌ᠵᠢᠷᠠᠭᠤᠯᠬᠤ ᠡᠬᠡ ᠲᠠᠩᠰᠠ ᠪᠠᠢ᠌ᠭᠤᠯᠤᠨ᠂ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠠᠷᠭ᠎ᠠ ᠬᠡᠮᠵᠢᠶ᠎ᠡ ᠵᠢ ᠴᠢᠩᠭ᠋ᠠᠷᠠᠭᠤᠯᠤᠨ᠂ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠵᠤ᠂ ᠦᠷ᠎ᠡ ᠪᠦᠲᠦᠮᠵᠢ ᠵᠢ ᠮᠥᠷᠳᠡᠨ ᠠᠰᠠᠭᠤᠵᠤ᠂ ᠴᠡᠭᠴᠡᠯᠡᠨ ᠰᠠᠢ᠌ᠵᠢᠷᠠᠭᠤᠯᠬᠤ ᠱᠠᠭ᠋ᠠᠷᠳᠠᠯᠭ᠎ᠠ ᠵᠢ ᠴᠢᠨᠠᠷ ᠰᠠᠢ᠌ᠲᠠᠢ᠂ ᠥᠨᠳᠥᠷ ᠪᠠᠷᠢᠮᠵᠢᠶ᠎ᠠ᠎ᠪᠠᠷ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠵᠤ᠂ ᠳᠠᠭ᠋ᠠᠯᠲᠠ ᠠᠭᠤᠷᠬᠠᠢ ᠵᠢ ᠨᠡᠭᠡᠭᠡᠨ ᠠᠰᠢᠭᠯᠠᠬᠤ ᠠᠵᠤ ᠠᠬᠤᠢ᠌ᠯᠠᠯ᠎ᠢ ᠵᠢᠯᠣᠭᠣᠳᠤᠨ ᠰᠠᠴᠤᠷᠠᠭ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠴᠤᠷᠠᠭ ᠴᠢᠨᠠᠷᠲᠠᠢ ᠳᠠᠭ᠋ᠠᠯᠲᠠ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠲᠦᠭᠰᠢᠭᠦᠷᠢ ᠵᠢᠨ ᠳᠠᠯᠳᠠ ᠬᠡᠮ᠎ᠢ ᠴᠠᠭ ᠲᠤᠬᠠᠢᠳᠤᠨᠢ ᠠᠷᠢᠯᠭ᠋ᠠᠨ᠎ᠠ᠃