ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠬᠥᠷᠥᠰᠥ᠍ ᠰᠢᠷᠣᠢ ᠪᠠ ᠰᠠᠴᠤᠷᠠᠭ
ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠣᠨ ᠬᠥᠷᠥᠰᠥ ᠰᠢᠷᠣᠢ ᠵᠢᠨ ᠠᠮᠢ ᠠᠬᠤᠢ ᠣᠷᠴᠢᠨ ᠲᠣᠭᠣᠷᠢᠨ᠎ᠤ ᠮᠡᠷᠭᠡᠵᠢᠯ᠎ᠤᠨ ᠲᠥᠪ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠡᠷᠬᠢᠯᠡᠭᠰᠡᠨ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠲᠤᠰᠬᠠᠢ ᠪᠡᠯᠡ ᠮᠥᠩᠭᠥ ᠵᠢᠨ ᠳᠦᠷᠦᠯ ᠵᠦᠢ᠍ᠯ᠎ᠤᠨ ᠬᠠᠮᠢᠶᠠᠷᠤᠯᠲᠠ ᠵᠢᠨ ᠪᠣᠯᠪᠠᠰᠤᠷᠠᠯ᠎ᠤᠨ ᠠᠩᠭᠢ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2024-12-23

      《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠬᠥᠷᠥᠰᠥ ᠰᠢᠷᠣᠢ ᠵᠢᠨ ᠪᠣᠬᠢᠷᠲᠤᠯ᠎ᠤᠨ ᠡᠬᠢ ᠡᠭᠦᠰᠦᠯ᠎ᠢ ᠰᠡᠷᠭᠡᠢ᠌ᠯᠡᠨ ᠡᠵᠡᠮᠳᠡᠬᠦ ᠠᠵᠢᠯᠯᠠᠭ᠋ᠠᠨ᠎ᠤ ᠲᠥᠯᠥᠪᠯᠡᠭᠡ》 ᠵᠢᠨ ᠬᠣᠯᠪᠣᠭᠳᠠᠯ ᠪᠦᠬᠦᠢ ᠠᠵᠢᠯ᠎ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠵᠦ᠂ ᠬᠣᠯᠪᠣᠭᠳᠠᠯ ᠪᠦᠬᠦᠢ ᠲᠤᠬᠠᠢ᠌ᠯᠠᠭᠰᠠᠨ ᠠᠵᠢᠯ ᠪᠠ ᠬᠠᠮᠢᠶᠠᠷᠤᠯᠲᠠ ᠵᠢᠨ ᠴᠢᠳᠠᠪᠤᠷᠢ ᠵᠢ ᠤᠯᠠᠮ ᠨᠢᠭᠡ ᠠᠯᠬᠤᠮ ᠲᠡᠭᠡᠭᠰᠢᠯᠡᠬᠦᠯᠬᠦ ᠵᠢᠨ ᠲᠥᠯᠥᠭᠡ᠂ ᠠᠮᠢ ᠠᠬᠤᠢ ᠣᠷᠴᠢᠨ ᠲᠣᠭᠣᠷᠢᠨ᠎ᠤ ᠶᠠᠮᠤᠨ 11 ᠰᠠᠷ᠎ᠠ ᠵᠢᠨ 28᠎ᠤ ᠡᠳᠦᠷ᠎ᠠᠴᠠ 29᠎ᠤ ᠡᠳᠦᠷ ᠪᠣᠯᠲᠠᠯ᠎ᠠ ᠵᠧᠵᠢᠶᠠᠩ᠎ᠤᠨ ᠬᠠᠩᠵᠧᠦ᠎ᠳᠤ 2024 ᠣᠨ᠎ᠤ ᠪᠥᠬᠥ ᠤᠯᠤᠰ᠎ᠤᠨ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠮᠢᠶᠠᠷᠤᠯᠲᠠ ᠵᠢᠨ ᠪᠣᠯᠪᠠᠰᠤᠷᠠᠯ᠎ᠤᠨ ᠠᠩᠭᠢ ᠡᠷᠭᠢᠯᠡᠪᠡ (2 ᠳ᠋ᠤᠭ᠋ᠠᠷ ᠬᠤᠭᠤᠴᠠᠭ᠎ᠠ)᠃ ᠮᠠᠨ᠎ᠤ ᠲᠢᠩᠬᠢᠮ᠎ᠤᠨ ᠬᠥᠷᠥᠰᠥ ᠰᠢᠷᠣᠢ ᠵᠢᠨ ᠠᠮᠢ ᠠᠬᠤᠢ ᠣᠷᠴᠢᠨ ᠲᠣᠭᠣᠷᠢᠨ᠎ᠤ ᠭᠠᠵᠠᠷ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠣᠨ ᠬᠥᠷᠥᠰᠥ ᠰᠢᠷᠣᠢ ᠵᠢᠨ ᠠᠮᠢ ᠠᠬᠤᠢ ᠣᠷᠴᠢᠨ ᠲᠣᠭᠣᠷᠢᠨ᠎ᠤ ᠮᠡᠷᠭᠡᠵᠢᠯ᠎ᠤᠨ ᠲᠥᠪ᠎ᠠᠴᠠ 3 ᠬᠣᠯᠪᠣᠭᠳᠠᠯ ᠪᠦᠬᠦᠢ ᠠᠵᠢᠯᠲᠠᠨ᠎ᠢ ᠲᠣᠮᠢᠯᠠᠨ ᠲᠤᠰ ᠤᠳᠠᠭ᠋ᠠᠨ᠎ᠤ ᠪᠣᠯᠪᠠᠰᠤᠷᠠᠯ᠎ᠳᠤ ᠣᠷᠣᠯᠴᠠᠭᠤᠯᠪᠠ᠃
      ᠪᠣᠯᠪᠠᠰᠤᠷᠠᠯ᠎ᠤᠨ ᠬᠤᠭᠤᠴᠠᠭ᠋ᠠᠨ᠎ᠳᠤ᠂ ᠬᠥᠷᠥᠰᠥ ᠰᠢᠷᠣᠢ ᠵᠢᠨ ᠵᠤᠷᠭ᠋ᠠᠨ᠎ᠤ ᠳᠠᠷᠤᠭ᠎ᠠ ᠵᠣᠣ ᠱ᠌ᠢ ᠰᠢᠨ ᠬᠤᠷᠠᠯ᠎ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠣᠳᠣᠬᠠᠨ᠎ᠤ ᠪᠠᠶ᠋ᠢᠳᠠᠯ ᠳᠣᠣᠷ᠎ᠠ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠴᠢᠩᠭ᠋ᠠᠳᠬᠠᠬᠤ ᠵᠢᠨ ᠲᠤᠯᠭ᠋ᠠᠮ᠎ᠠ ᠴᠢᠨᠠᠷ ᠪᠠ ᠴᠢᠬᠤᠯᠠ ᠴᠢᠨᠠᠷ᠎ᠢ ᠴᠢᠬᠤᠯᠠᠴᠢᠯᠠᠪᠠ᠃ ᠳᠡᠳ᠋ ᠵᠤᠷᠭ᠋ᠠᠨ᠎ᠤ ᠳᠠᠷᠤᠭ᠎ᠠ ᠴᠧᠨ ᠵᠢᠶᠦ᠋ᠨ ᠰᠤᠷᠤᠯᠭ᠎ᠠ ᠲᠡᠭᠦᠰᠬᠦ ᠶᠣᠰᠣᠯᠠᠯ ᠳᠡᠭᠡᠷ᠎ᠡ ᠳ᠋ᠦᠩᠨᠡᠯᠲᠡ ᠵᠢᠨ ᠶᠠᠷᠢᠶ᠎ᠠ ᠲᠠᠯᠪᠢᠪᠠ᠃
      ᠲᠣᠰ ᠤᠳᠠᠭ᠋ᠠᠨ᠎ᠤ ᠪᠣᠯᠪᠠᠰᠤᠷᠠᠯ᠎ᠤᠨ ᠠᠩᠭᠢ᠎ᠳᠤ 《ᠬᠥᠷᠥᠰᠥ ᠰᠢᠷᠣᠢ ᠵᠢᠨ ᠪᠣᠬᠢᠷᠲᠤᠯ᠎ᠤᠨ ᠡᠬᠢ ᠰᠤᠷᠪᠤᠯᠵᠢ ᠵᠢ ᠰᠡᠷᠭᠡᠢ᠌ᠯᠡᠨ ᠡᠵᠡᠮᠳᠡᠬᠦ ᠠᠵᠢᠯᠯᠠᠭ᠋ᠠᠨ᠎ᠤ ᠲᠥᠯᠥᠪᠯᠡᠭᠡ》 ᠵᠡᠷᠭᠡ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠂ ᠣᠨ᠎ᠤ ᠬᠢᠨᠠᠨ ᠰᠢᠯᠭ᠋ᠠᠵᠤ ᠦᠨᠡᠯᠡᠨ ᠵᠢᠱ᠌ᠢᠬᠦ ᠪᠠ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠵᠢ ᠵᠠᠰᠠᠨ ᠰᠡᠷᠭᠦᠭᠡᠬᠦ ᠵᠡᠷᠭᠡ ᠱᠠᠭ᠋ᠠᠷᠳᠠᠯᠭ᠎ᠠ ᠵᠢ ᠭᠣᠣᠯᠳᠠᠯᠭ᠎ᠠ᠎ᠲᠠᠢ ᠤᠬᠠᠭᠤᠯᠤᠨ ᠲᠤᠭᠤᠰᠢᠯᠠᠭᠤᠯᠪᠠ᠃ ᠪᠣᠯᠪᠠᠰᠤᠷᠠᠯ᠎ᠤᠨ ᠬᠤᠭᠤᠴᠠᠭ᠋ᠠᠨ᠎ᠳᠤ᠂ ᠤᠯᠠᠨ ᠮᠤᠵᠢ ᠬᠣᠲᠠ ᠵᠢ ᠤᠷᠢᠵᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠢ ᠱᠠᠲᠤ ᠬᠤᠪᠢᠶᠠᠨ ᠰᠡᠷᠭᠦᠭᠡᠬᠦ᠂ ᠬᠥᠷᠥᠰᠥ ᠰᠢᠷᠣᠢ ᠵᠢᠨ ᠪᠣᠬᠢᠷᠲᠤᠯ᠎ᠤᠨ ᠪᠠᠶ᠋ᠢᠳᠠᠯ᠎ᠤᠨ ᠪᠠᠢ᠌ᠴᠠᠭ᠋ᠠᠯᠲᠠ ᠵᠢᠨ ᠮᠡᠳᠡᠭᠦᠯᠦᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠨᠡᠢ᠌ᠲᠡᠯᠢᠭ ᠠᠵᠢᠯ ᠲᠥᠷᠥᠯ ᠠᠵᠤ ᠠᠬᠤᠢ᠌ᠯᠠᠯ᠎ᠤᠨ ᠬᠡᠷᠡᠭᠯᠡᠬᠦ ᠭᠠᠵᠠᠷ᠎ᠤᠨ ᠪᠠᠢ᠌ᠴᠠᠭ᠋ᠠᠯᠲᠠ᠂ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠰᠠᠯᠠᠭ᠎ᠠ ᠮᠥᠴᠢᠷ ᠬᠣᠯᠪᠤᠭ᠋ᠠᠯᠠᠨ ᠬᠥᠳᠡᠯᠦᠯᠴᠡᠵᠦ ᠬᠢᠨᠠᠨ ᠬᠠᠮᠢᠶᠠᠷᠬᠤ ᠵᠡᠷᠭᠡ ᠲᠠᠯ᠎ᠠ ᠵᠢᠨ ᠡᠷᠬᠢᠮ ᠨᠠᠨᠳᠢᠨ ᠲᠤᠷᠰᠢᠯᠭ᠎ᠠ ᠵᠢ ᠬᠤᠪᠢᠶᠠᠯᠴᠠᠪᠠ᠃ ᠡᠭᠦᠨ᠎ᠤ ᠬᠠᠮᠲᠤ᠂ ᠤᠨᠤᠯ᠎ᠤᠨ ᠮᠡᠳᠡᠯᠭᠡ ᠵᠢ ᠨᠠᠩ ᠰᠠᠶ᠋ᠢᠨ ᠬᠡᠷᠡᠭᠯᠡᠬᠦ ᠵᠢᠨ ᠲᠥᠯᠥᠭᠡ᠂ ᠲᠤᠬᠠᠢ ᠵᠢᠨ ᠲᠠᠯᠠᠪᠤᠷ᠎ᠤᠨ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ ᠵᠢ ᠣᠨᠴᠠᠭ᠋ᠠᠢ᠌ᠯᠠᠨ ᠲᠣᠬᠢᠷᠠᠭᠤᠯᠵᠤ᠂ ᠬᠠᠩᠵᠧᠦ ᠵᠢᠨ ᠪᠣᠯᠣᠳ ᠲᠡᠮᠦᠷ᠎ᠤᠨ ᠺᠣᠮᠫᠠᠨᠢ ᠵᠢᠨ᠎ᠪᠠᠨ ᠱᠠᠨ ᠰᠠᠭᠤᠷᠢᠨ ᠭᠠᠵᠠᠷ᠎ᠤᠨ ᠰᠤᠯᠠᠯᠠᠭᠳᠠᠭᠰᠠᠨ ᠬᠡᠰᠡᠭ ᠭᠠᠵᠠᠷ᠎ᠤᠨ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠵᠢ ᠵᠠᠰᠠᠵᠤ ᠰᠡᠷᠭᠦᠭᠡᠬᠦ ᠲᠥᠷᠥᠯ ᠵᠦᠢ᠍ᠯ᠎ᠤᠨ ᠲᠤᠷᠰᠢᠯᠲᠠ ᠵᠢᠨ ᠴᠡᠭ᠎ᠤᠨ ᠲᠤᠷᠰᠢᠯᠭ᠎ᠠ ᠵᠢ ᠰᠣᠷᠣᠯᠴᠠᠵᠠᠢ᠃
      ᠲᠣᠰ ᠤᠳᠠᠭ᠋ᠠᠨ᠎ᠤ ᠪᠣᠯᠪᠠᠰᠤᠷᠠᠯ᠎ᠨᠢ ᠡᠯ᠎ᠡ ᠭᠠᠵᠠᠷ᠎ᠤᠨ᠎ᠬᠢᠨ᠎ᠢ ᠬᠠᠪᠰᠤᠷᠤᠨ ᠬᠣᠯᠪᠣᠭᠳᠠᠯ ᠪᠦᠬᠦᠢ ᠡᠬᠢ ᠡᠭᠦᠰᠦᠯ᠎ᠠᠴᠠ᠎ᠨᠢ ᠰᠡᠷᠭᠡᠢ᠌ᠯᠡᠨ ᠡᠵᠡᠮᠳᠡᠬᠦ ᠠᠵᠢᠯᠯᠠᠭ᠎ᠠ ᠵᠢᠨ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢᠴᠢ ᠪᠣᠬᠢᠷᠲᠤᠭᠰᠠᠨ ᠭᠠᠵᠠᠷ᠎ᠤᠨ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠡᠯ᠎ᠡ ᠭᠣᠭᠴᠣᠭ᠎ᠠ ᠵᠢᠨ ᠵᠠᠩᠭᠢᠯᠠᠭ᠎ᠠ ᠵᠢᠨ ᠠᠰᠠᠭᠤᠳᠠᠯ᠎ᠢ ᠨᠠᠩ ᠰᠠᠶ᠋ᠢᠲᠤᠷ ᠣᠢ᠌ᠯᠠᠭ᠋ᠠᠭᠤᠯᠵᠤ᠂ ᠮᠠᠨ᠎ᠤ ᠣᠷᠣᠨ᠎ᠤ ᠲᠣᠰ ᠠᠵᠢᠯ᠎ᠢ ᠢᠳᠡᠪᠬᠢᠲᠡᠢ ᠥᠷᠨᠢᠭᠦᠯᠬᠦ᠎ᠳᠤ ᠪᠠᠲᠤ ᠪᠡᠬᠢ ᠰᠠᠭᠤᠷᠢ ᠲᠠᠯᠪᠢᠬᠤ ᠵᠢᠨ ᠬᠠᠮᠲᠤ ᠬᠦᠴᠦᠲᠡᠢ ᠳᠡᠮᠵᠢᠯᠭᠡ ᠬᠠᠩᠭ᠋ᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ (2024 ᠣᠨ᠎ᠤ 12 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ)
2018 ᠣᠨ᠎ᠤ ᠪᠦᠬᠦ ᠣᠷᠣᠨ᠎ᠤ ᠰᠠᠴᠤᠷᠠᠭ᠎ᠤᠨ ᠠᠮᠤᠷ ᠲᠦᠪᠰᠢᠨ᠎ᠤ ᠶᠡᠬᠡ ᠪᠠᠶ᠋ᠢᠴᠠᠭ᠋ᠠᠯᠲᠠ ᠥᠷᠨᠢᠭᠦᠯᠬᠦ ᠲᠤᠬᠠᠶ ᠵᠢᠴᠢ ᠰᠢᠯᠵᠢᠮᠡᠯ ᠰᠠᠴᠤᠷᠠᠭ ᠡᠭᠦᠰᠭᠡᠭᠴᠢ ᠵᠢᠨ ᠠᠶᠤᠯᠭᠦᠶ ᠪᠠᠶ᠋ᠢᠬᠤ ᠵᠢ ᠲᠤᠰᠬᠠᠶ᠋ᠢᠯᠠᠨ ᠪᠠᠶ᠋ᠢᠴᠠᠭ᠋ᠠᠬᠤ ᠮᠡᠳᠡᠭᠳᠡᠯ
《ᠰᠠᠴᠤᠷᠠᠭ᠎ᠤᠨ ᠠᠮᠤᠷ ᠲᠦᠪᠰᠢᠨ ᠪᠠ ᠬᠠᠮᠠᠭ᠋ᠠᠯᠠᠯᠲᠠ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠲᠣᠪᠴᠢ》᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2018 ᠣᠨ᠎ᠤ ᠰᠠᠴᠤᠷᠠᠭ᠎ᠤᠨ ᠠᠮᠤᠷ ᠲᠦᠪᠰᠢᠨ ᠪᠠ ᠰᠡᠷᠭᠡᠶ᠋ᠢᠯᠡᠨ ᠬᠠᠮᠠᠭ᠋ᠠᠯᠠᠬᠤ ᠳᠠᠪᠲᠠᠨ ᠪᠣᠯᠪᠠᠰᠤᠷᠠᠭᠤᠯᠬᠤ ᠲᠥᠯᠥᠪᠯᠡᠭᠡ ᠵᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ
ᠰᠠᠴᠤᠷᠠᠭ ᠡᠭᠦᠰᠭᠡᠭᠴᠢ ᠵᠢ ᠮᠡᠳᠡᠭᠦᠯᠬᠦ ᠬᠦᠰᠦᠨᠦᠭ
 
             蒙ICP备05000248号