《ᠮᠢᠩᠭ᠋ᠠᠨ ᠲᠦᠮᠡᠨ ᠢᠨᠵᠧᠨᠧᠷᠢᠩ》᠎ᠤᠨ ᠲᠤᠷᠰᠢᠯᠭ᠎ᠠ ᠵᠢ ᠭᠦᠨᠵᠡᠭᠡᠢ ᠰᠣᠷᠣᠯᠴᠠᠵᠤ᠂ ᠬᠥᠳᠡᠭᠡ ᠲᠣᠰᠬᠤᠨ᠎ᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠲᠠᠢ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠣᠷᠴᠢᠨ ᠲᠣᠭᠣᠷᠢᠨ᠎ᠢ ᠶᠡᠬᠡ᠎ᠪᠠᠷ ᠵᠢᠭᠰᠠᠭ᠋ᠠᠨ ᠪᠠᠢ᠌ᠴᠠᠭ᠋ᠠᠬᠤ᠂ ᠶᠡᠬᠡ᠎ᠪᠠᠷ ᠴᠡᠪᠡᠷᠯᠡᠬᠦ᠂ ᠶᠡᠬᠡ᠎ᠪᠠᠷ ᠴᠡᠭᠴᠡᠯᠡᠨ ᠵᠠᠰᠠᠬᠤ ᠵᠢᠴᠢ ᠪᠠᠢ᠌ᠩᠭᠤᠵᠢᠭᠤᠯᠤᠨ ᠪᠠᠢ᠌ᠴᠠᠭ᠋ᠠᠨ ᠰᠤᠳᠤᠯᠬᠤ ᠠᠵᠢᠯ᠎ᠤᠨ ᠲᠥᠰᠥᠯ》᠎ᠢ ᠲᠣᠭᠲᠠᠭ᠋ᠠᠬᠤ ᠵᠢᠨ ᠬᠠᠮᠲᠤ᠂ 11 ᠰᠠᠷ᠎ᠠ ᠵᠢᠨ ᠳᠤᠮᠳᠠᠴᠢ᠎ᠪᠠᠷ ᠬᠥᠳᠡᠭᠡ ᠲᠣᠰᠬᠤᠨ᠎ᠤ ᠣᠷᠴᠢᠨ ᠲᠣᠭᠣᠷᠢᠨ᠎ᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠵᠢ ᠦᠨᠡᠯᠡᠨ ᠵᠢᠱ᠌ᠢᠵᠦ ᠪᠠᠢ᠌ᠴᠠᠭ᠋ᠠᠨ ᠰᠤᠳᠤᠯᠬᠤ ᠠᠵᠢᠯ ᠥᠷᠨᠢᠭᠦᠯᠪᠡ᠃
ᠲᠤᠰ ᠤᠳᠠᠭ᠋ᠠᠨ᠎ᠤ ᠪᠠᠢ᠌ᠴᠠᠭ᠋ᠠᠨ ᠰᠤᠳᠤᠯᠤᠯᠲᠠ᠎ᠨᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠬᠠᠮᠲᠤᠷᠠᠭᠰᠠᠨ 4 ᠠᠵᠢᠯᠯᠠᠬᠤ ᠳᠤᠭᠤᠢ᠌ᠯᠠᠩ ᠵᠶ᠋ᠠᠷ ᠪᠦᠷᠢᠯᠳᠦᠵᠦ᠂ 12 ᠠᠶ᠋ᠢᠮᠠᠭ ᠬᠣᠲᠠ᠂ 28 ᠰᠢᠶᠠᠨ᠂ 41 ᠪᠠᠯᠭ᠋ᠠᠰᠤ᠂ 50 ᠵᠠᠰᠠᠭ ᠵᠠᠬᠢᠷᠭ᠋ᠠᠨ᠎ᠤ ᠲᠣᠰᠬᠤᠨ᠎ᠳᠤ ᠬᠦᠷᠴᠦ᠂ ᠲᠤᠬᠠᠢ ᠵᠢᠨ ᠲᠠᠯᠠᠪᠤᠷ᠎ᠲᠤ ᠭᠦᠨᠵᠡᠭᠡᠢ᠌ᠷᠡᠨ ᠠᠢ᠌ᠯ ᠲᠣᠰᠬᠤᠨ᠎ᠤ ᠤᠯᠠᠨ ᠨᠠᠢ᠌ᠳᠠ ᠵᠢᠨ ᠣᠷᠣᠨ ᠵᠠᠢ ᠵᠢᠴᠢ ᠭᠡᠷ ᠪᠠᠢ᠌ᠰᠢᠩ᠎ᠤᠨ ᠠᠷᠤ ᠥᠪᠥᠷ᠎ᠲᠤ ᠠᠮᠢᠳᠤᠷᠠᠯ᠎ᠤᠨ ᠪᠣᠬᠢᠷ ᠤᠰᠤ ᠵᠢ ᠳᠤᠷ᠎ᠠ᠎ᠪᠠᠷ ᠵᠶ᠋ᠠᠨ ᠭᠠᠳᠠᠭᠰᠢᠯᠠᠭᠤᠯᠬᠤ᠂ ᠠᠮᠢᠳᠤᠷᠠᠯ᠎ᠤᠨ ᠬᠣᠭ ᠨᠣᠪᠰᠢ ᠪᠠ ᠮᠠᠯ ᠵᠢᠭᠦᠷᠲᠡᠨ᠎ᠤ ᠢᠯᠭ᠋ᠠᠳᠠᠰᠤᠨ ᠪᠣᠬᠢᠷᠲᠤᠯ᠎ᠢ ᠳᠤᠷ᠎ᠠ᠎ᠪᠠᠷ ᠵᠶ᠋ᠠᠨ ᠣᠪᠣᠭ᠋ᠠᠯᠠᠵᠤ ᠬᠠᠶᠠᠬᠤ ᠦᠵᠡᠭᠳᠡᠯ ᠣᠷᠣᠰᠢᠵᠤ ᠪᠠᠶ᠋ᠢᠬᠤ ᠡᠰᠡᠬᠦ᠂ ᠪᠣᠬᠢᠷ ᠦᠮᠡᠬᠡᠢ ᠤᠰᠤᠨ ᠴᠣᠭᠴᠠ ᠣᠷᠣᠰᠢᠵᠤ ᠪᠠᠶ᠋ᠢᠬᠤ ᠡᠰᠡᠬᠦ᠂ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠦᠷᠢᠯᠡᠬᠦ ᠪᠡᠯᠡᠳᠬᠡᠮᠵᠢ ᠵᠢ ᠲᠣᠭᠲᠠᠭᠤᠨ ᠵᠶ᠋ᠠᠷ ᠠᠵᠢᠯᠯᠠᠭᠤᠯᠵᠤ ᠪᠠᠶ᠋ᠢᠬᠤ ᠡᠰᠡᠬᠦ᠂ ᠨᠢᠭᠡᠨᠲᠡ ᠵᠠᠰᠠᠵᠤ ᠳᠠᠭᠤᠰᠬᠠᠭᠰᠠᠨ ᠬᠥᠳᠡᠭᠡ ᠲᠣᠰᠬᠤᠨ᠎ᠤ ᠪᠣᠬᠢᠷ ᠦᠮᠡᠬᠡᠢ ᠤᠰᠤᠨ ᠴᠣᠭᠴᠠ ᠲᠠᠬᠢᠨ ᠪᠣᠬᠢᠷ ᠦᠮᠡᠬᠡᠢ ᠪᠣᠯᠤᠭᠰᠠᠨ ᠡᠰᠡᠬᠦ ᠵᠡᠷᠭᠡ ᠵᠢ ᠣᠢ᠌ᠯᠠᠭ᠋ᠠᠪᠠ᠃
ᠪᠠᠢ᠌ᠴᠠᠭ᠋ᠠᠨ ᠰᠤᠳᠤᠯᠤᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ ᠨᠢᠭᠡᠨᠲᠡ ᠬᠣᠯᠪᠣᠭᠳᠠᠯ ᠪᠦᠬᠦᠢ ᠠᠶ᠋ᠢᠮᠠᠭ ᠬᠣᠲᠠ᠎ᠳᠤ ᠴᠠᠭ ᠲᠤᠬᠠᠢᠳᠤᠨᠢ ᠮᠡᠳᠡᠭᠳᠡᠵᠦ᠂ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠂ ᠲᠠᠷᠢᠶᠠᠯᠠᠩ ᠮᠠᠯ ᠠᠵᠤ ᠠᠬᠤᠢ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠡᠷᠭᠡ ᠭᠤᠷᠪᠠᠨ ᠰᠠᠯᠠᠭ᠎ᠠ ᠮᠥᠴᠢᠷ ᠨᠢᠭᠲᠠ ᠬᠠᠮᠵᠢᠯᠴᠠᠨ᠂ ᠵᠣᠬᠢᠴᠠᠯᠳᠤᠨ ᠨᠡᠪᠲᠡᠷᠡᠯᠴᠡᠬᠦ᠎ᠪᠠᠨ ᠴᠢᠩᠭ᠋ᠠᠳᠬᠠᠵᠤ᠂ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠤᠨ᠂ ᠠᠵᠢᠯ᠎ᠤᠨ ᠬᠠᠷᠢᠭᠤᠴᠠᠯᠭ᠎ᠠ᠎ᠪᠠᠨ ᠪᠣᠳᠠᠲᠠᠢ᠌ᠵᠢᠭᠤᠯᠵᠤ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ ᠬᠡᠷᠡᠭᠲᠡᠶ᠃ ᠳᠠᠷᠤᠢ᠌ᠬᠠᠨ ᠰᠢᠢ᠍ᠳᠪᠦᠷᠢᠯᠡᠵᠦ ᠳᠡᠢ᠌ᠯᠬᠦ ᠠᠰᠠᠭᠤᠳᠠᠯ᠎ᠢ ᠳᠠᠷᠤᠢ᠌ᠬᠠᠨ ᠬᠡᠷᠡᠭᠵᠢᠭᠦᠯᠵᠦ ᠳᠠᠷᠤᠢ᠌ᠬᠠᠨ ᠥᠭᠡᠷᠡᠴᠢᠯᠡᠬᠦ ᠬᠡᠷᠡᠭᠲᠡᠢ; ᠳᠠᠷᠤᠢ᠌ᠬᠠᠨ ᠴᠡᠭᠴᠡᠯᠡᠨ ᠰᠠᠢ᠌ᠵᠢᠷᠠᠭᠤᠯᠵᠤ ᠳᠡᠢ᠌ᠯᠬᠦ ᠦᠭᠡᠢ ᠪᠣᠯ ᠪᠠᠶ᠋ᠢᠳᠠᠯ᠎ᠢ ᠣᠢ᠌ᠯᠠᠭ᠋ᠠᠵᠤ᠂ ᠰᠢᠯᠲᠠᠭ᠋ᠠᠨ᠎ᠢ᠎ᠨᠢ ᠪᠠᠢ᠌ᠴᠠᠭ᠋ᠠᠨ ᠲᠣᠳᠣᠷᠬᠠᠢ᠌ᠯᠠᠵᠤ᠂ ᠠᠰᠠᠭᠤᠳᠠᠯ᠎ᠤᠨ ᠲᠣᠳᠣᠷᠬᠠᠢ ᠬᠠᠭᠤᠳᠠᠰᠤ ᠪᠠᠢ᠌ᠭᠤᠯᠵᠤ᠂ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠪᠣᠯᠣᠨ ᠪᠡᠶᠡᠯᠡᠭᠦᠯᠬᠦ ᠴᠠᠭ᠎ᠤᠨ ᠬᠢᠵᠠᠭ᠋ᠠᠷ᠎ᠢ ᠲᠣᠳᠣᠷᠬᠠᠢ᠌ᠯᠠᠵᠤ᠂ ᠴᠡᠭᠴᠡᠯᠡᠨ ᠰᠠᠢ᠌ᠵᠢᠷᠠᠭᠤᠯᠬᠤ ᠵᠢ ᠱᠠᠯᠠᠪᠳᠠᠭᠤᠯᠤᠨ ᠨᠠᠢ᠌ᠳᠠᠪᠤᠷᠢᠵᠢᠭᠤᠯᠵᠤ᠂ ᠬᠥᠳᠡᠭᠡ ᠲᠣᠰᠬᠤᠨ᠎ᠤ ᠣᠷᠴᠢᠨ ᠲᠣᠭᠣᠷᠢᠨ᠎ᠤ ᠴᠡᠭᠴᠡᠯᠡᠨ ᠵᠠᠰᠠᠯᠲᠠ ᠵᠢᠨ ᠦᠷ᠎ᠡ ᠪᠦᠲᠦᠮᠵᠢ ᠵᠢ ᠪᠡᠬᠢᠵᠢᠭᠦᠯᠵᠦ᠂ ᠤᠯᠠᠨ ᠲᠦᠮᠡᠨ᠎ᠤ ᠣᠷᠣᠯᠴᠠᠬᠤ ᠬᠡᠮᠵᠢᠶ᠎ᠡ᠂ ᠵᠣᠯ ᠵᠢᠷᠭ᠋ᠠᠯᠲᠤ ᠲᠥᠷᠥᠭᠳᠡᠯ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃