《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 《ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ ᠵᠢᠴᠢ ᠵᠠᠰᠠᠨ ᠰᠡᠷᠭᠦᠭᠡᠬᠦ ᠠᠵᠢᠯ᠎ᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠵᠦᠭᠯᠡᠭᠦᠷ》᠎ᠢ ᠦᠨᠳᠦᠰᠦᠯᠡᠨ᠂ ᠡᠳᠦᠭᠡ 2023 ᠣᠨ᠎ᠤ ᠡᠴᠦᠰ ᠪᠣᠯᠲᠠᠯᠠᠬᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ》 ᠵᠢ ᠨᠡᠢ᠌ᠲᠡᠯᠡᠪᠡ᠃
ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ᠎ᠳᠤ ᠵᠢᠭᠰᠠᠭ᠋ᠠᠨ ᠣᠷᠣᠭᠤᠯᠤᠭᠰᠠᠨ ᠭᠠᠵᠠᠷ᠎ᠢ ᠣᠷᠣᠨ ᠰᠠᠭᠤᠴᠠ᠂ ᠤᠯᠠᠨ ᠨᠠᠢ᠌ᠳᠠ ᠵᠢᠨ ᠬᠠᠮᠢᠶᠠᠷᠤᠯᠲᠠ ᠬᠢᠭᠡᠳ ᠤᠯᠠᠨ ᠨᠠᠢ᠌ᠳᠠ ᠵᠢᠨ ᠦᠢ᠍ᠯᠡᠴᠢᠯᠡᠭᠡᠨ᠎ᠳᠤ ᠬᠡᠷᠡᠭᠯᠡᠬᠦ ᠭᠠᠵᠠᠷ ᠪᠣᠯᠭ᠋ᠠᠵᠤ ᠪᠣᠯᠬᠤ ᠦᠭᠡᠢ᠃ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠦᠨᠡᠯᠡᠨ ᠵᠢᠱ᠌ᠢᠭᠰᠡᠨ ᠮᠡᠳᠡᠭᠦᠯᠦᠯᠲᠡ᠎ᠳᠤ ᠲᠣᠭᠲᠠᠭ᠋ᠠᠭᠰᠠᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ᠂ ᠵᠠᠰᠠᠨ ᠰᠡᠷᠭᠦᠭᠡᠬᠦ ᠬᠠᠷᠠᠯᠲᠠ᠎ᠳᠤ ᠦᠯᠦ ᠬᠦᠷᠦᠭᠰᠡᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠰᠡᠭ᠎ᠲᠤ ᠲᠦᠭᠰᠢᠭᠦᠷᠢ ᠵᠢ ᠬᠠᠮᠢᠶᠠᠷᠤᠨ ᠡᠵᠡᠮᠳᠡᠬᠦ᠂ ᠵᠠᠰᠠᠨ ᠰᠡᠷᠭᠦᠭᠡᠬᠦᠯᠦᠭᠡ ᠬᠠᠮᠢᠶ᠎ᠠ ᠦᠭᠡᠢ ᠶᠠᠮᠠᠷᠪᠠ ᠲᠥᠷᠥᠯ ᠵᠦᠢ᠍ᠯ᠎ᠢ ᠠᠵᠢᠯ ᠡᠬᠢᠯᠡᠭᠦᠯᠦᠨ ᠪᠦᠲᠦᠭᠡᠨ ᠪᠠᠢ᠌ᠭᠤᠯᠬᠤ ᠵᠢ ᠴᠠᠭ᠋ᠠᠵᠠᠯᠠᠪᠠ᠃
ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ (2024 ᠣᠨ᠎ᠤ 1 ᠰᠠᠷ᠎ᠠ᠎ᠳᠤ ᠰᠢᠨᠡᠳᠬᠡᠪᠡ)